ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠶ᠋ᠢᠮᠠᠭ᠄ ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠠᠴᠠ ᠷᠠᠰᠢᠶᠠᠨ ᠬᠣᠲᠠ᠎ᠳᠤ ᠬᠦᠷᠴᠦ 《ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠪᠠᠶ᠋ᠢᠴᠠᠭ᠋ᠠᠯᠲᠠ》 ᠵᠢᠨ ᠰᠡᠳᠦᠪ᠎ᠤᠨ ᠬᠢᠨᠠᠨ ᠵᠢᠯᠣᠭᠣᠳᠤᠯᠭ᠎ᠠ ᠬᠢᠬᠦ ᠵᠢᠨ ᠬᠠᠮᠳᠤ ᠰᠠᠭᠤᠳᠠᠯ᠎ᠤᠨ ᠬᠤᠷᠠᠯ ᠬᠢᠪᠡ
ᠨᠡᠶ᠋ᠢᠲᠡᠯᠡᠭᠰᠡᠨ ᠴᠠᠭ᠄ 2020-12-23

     11 ᠰᠠᠷ᠎ᠠ ᠵᠢᠨ 11 — 13᠎ᠤ ᠡᠳᠦᠷ᠂ 《ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠪᠠᠶ᠋ᠢᠴᠠᠭ᠋ᠠᠯᠲᠠ》 ᠵᠢᠨ ᠰᠡᠳᠦᠪ᠎ᠤᠨ ᠬᠡᠷᠡᠭᠵᠢᠭᠦᠯᠦᠯᠲᠡ ᠵᠢᠨ ᠠᠬᠢᠴᠠ ᠵᠢ ᠪᠠᠳᠤᠯᠠᠵᠤ᠂ ᠰᠡᠳᠦᠪ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ (ᠲᠤᠷᠤᠭᠰᠢ ᠤᠰᠤᠨ ᠠᠰᠢᠭᠯᠠᠯᠳᠠ ᠵᠢᠨ ᠶᠠᠮᠤᠨ᠎ᠤ ᠦᠵᠡᠮᠵᠢ ᠵᠢᠨ ᠤᠷᠤᠨ᠎ᠤ ᠠᠯᠪᠠᠨ ᠭᠡᠷ ᠭᠡᠵᠦ ᠲᠤᠪᠴᠢᠯᠠᠨ᠎ᠠ)᠎ᠠᠴᠠ ᠱᠠᠨᠳᠦ᠋ᠩ ᠮᠣᠵᠢ ᠵᠢᠨ ᠤᠰᠤᠨ ᠠᠰᠢᠭᠯᠠᠯᠲᠠ ᠵᠢᠨ ᠲᠢᠩᠬᠢᠮ᠎ᠤᠨ ᠤᠤᠯ᠎ᠤᠨ ᠲᠢᠩᠬᠢᠮ᠎ᠤᠨ ᠳᠠᠷᠤᠭ᠎ᠠ ᠰᠥᠩ ᠵᠢᠢ ᠹᠧᠩ᠂ ᠪᠡᠭᠡᠵᠢᠩ᠎ᠤᠨ ᠬᠤᠯᠪᠤᠭ᠋ᠠᠳᠤ ᠶᠡᠬᠡ ᠰᠤᠷᠭ᠋ᠠᠭᠤᠯᠢ ᠵᠢᠨ ᠲᠡᠳ᠋ ᠫᠷᠤᠹᠸᠰᠰᠤᠷ ᠶᠸ ᠱᠸᠩ ᠳ᠋ᠦᠩ᠂ ᠲᠤᠮᠳᠠᠳᠤ ᠤᠯᠤᠰ᠎ᠤᠨ ᠤᠷᠴᠢᠨ ᠲᠤᠭᠤᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠦᠨᠳᠦᠷ ᠲᠡᠰ᠎ᠤᠨ ᠢᠨᠵᠸᠨ᠋ᠸᠷ ᠵᠤ᠌ ᠶᠠᠨ ᠫᠸᠩ᠂ ᠤᠰᠤᠨ ᠠᠰᠢᠭᠯᠠᠯᠳᠠ ᠵᠢᠨ ᠶᠠᠮᠤᠨ᠎ᠤ ᠦᠵᠡᠮᠵᠢ ᠵᠢᠨ ᠤᠷᠤᠨ᠎ᠤ ᠠᠯᠪᠠᠨ ᠭᠡᠷ᠎ᠤᠨ ᠢᠨᠵᠸᠨ᠋ᠸᠷ ᠸᠠᠩ ᠰᠢᠨ ᠮᠢᠶᠤᠤ ᠵᠡᠷᠭᠡ ᠲᠦᠷᠪᠡᠨ ᠬᠦᠮᠦᠨ ᠵᠶ᠋ᠡᠷ ᠪᠦᠷᠢᠯᠳᠦᠭᠰᠡᠨ ᠤᠰᠤᠨ ᠠᠰᠢᠭᠯᠠᠯᠲᠠ ᠵᠢᠨ ᠲᠤᠰᠬᠠᠢ ᠮᠡᠷᠭᠡᠵᠢᠯᠲᠡᠨ᠎ᠤ ᠪᠦᠯᠬᠦᠮ ᠷᠠᠰᠢᠶᠠᠨ ᠬᠤᠳᠠ᠎ᠳᠤ ᠬᠦᠷᠴᠦ ᠰᠡᠳᠦᠪ᠎ᠤᠨ ᠬᠢᠨᠠᠨ ᠵᠢᠯᠤᠭᠤᠳᠤᠯᠭ᠎ᠠ ᠪᠠ ᠪᠠᠢ᠌ᠴᠠᠭ᠋ᠠᠯᠳᠠ ᠬᠢᠪᠡ᠃ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠭᠦᠸᠧ ᠯᠢᠩ ᠶᠦᠨ ᠲᠣᠪᠴᠢᠶᠠᠨ ᠳᠠᠷᠤᠭ᠎ᠠ᠂ ᠷᠠᠰᠢᠶᠠᠨ ᠬᠣᠲᠠ ᠵᠢᠨ ᠬᠤᠪᠢᠳᠠᠨ ᠬᠠᠮᠢᠶᠠᠷᠴᠤ ᠪᠦᠬᠦᠢ ᠳᠡᠳ᠋ ᠬᠣᠲᠠ ᠵᠢᠨ ᠳᠠᠷᠤᠭ᠎ᠠ ᠬᠠᠨ ᠴᠠᠩ ᠵᠢᠦ᠂ ᠰᠠᠯᠠᠭ᠋ᠠᠨ ᠳᠠᠷᠤᠭ᠎ᠠ ᠮᠦ᠍ ᠴᠧᠩ ᠯᠢᠨ ᠪᠣᠯᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠤᠰᠤᠨ ᠴᠠᠬᠢᠯᠭ᠋ᠠᠨ᠎ᠤ ᠬᠠᠶ᠋ᠢᠨ ᠬᠡᠮᠵᠢᠬᠦ ᠵᠢᠷᠤᠭ ᠲᠥᠯᠦᠪᠯᠡᠭᠡᠨ᠎ᠤ ᠬᠦᠷᠢᠶᠡᠯᠡᠩ᠎ᠤᠨ ᠸᠠᠩ ᠶᠠᠨ᠂ ᠵᠦᠩ ᠢ᠂ ᠱᠧᠨ ᠰᠢᠦᠢ ᠯᠢᠶᠠᠩ ᠵᠡᠷᠭᠡ ᠤᠰᠤᠨ ᠠᠰᠢᠭᠯᠠᠯᠲᠠ ᠵᠢᠨ 3 ᠲᠤᠰᠬᠠᠢ ᠮᠡᠷᠭᠡᠵᠢᠯᠲᠡᠨ ᠵᠢᠴᠢ ᠮᠠᠨ᠎ᠤ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠤᠳᠤᠷᠢᠳᠤᠯᠭ᠎ᠠ ᠨᠠᠷ ᠪᠠᠷ᠎ᠠ ᠪᠣᠯᠤᠯᠴᠠᠪᠠ᠃
      ᠬᠢᠨᠠᠨ ᠵᠢᠯᠣᠭᠣᠳᠴᠤ ᠪᠠᠶ᠋ᠢᠴᠠᠭ᠋ᠠᠬᠤ ᠳᠤᠭᠤᠶ᠋ᠢᠯᠠᠩ ᠷᠠᠰᠢᠶᠠᠨ ᠬᠣᠲᠠ ᠵᠢᠨ ᠡᠯ᠎ᠡ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠤᠨ ᠴᠡᠭ (ᠡᠭᠦᠨ ᠵᠶ᠋ᠡᠷ ᠪᠦᠬᠦ ᠠᠶ᠋ᠢᠮᠠᠭ᠎ᠤᠨ ᠰᠡᠳᠦᠪ᠎ᠤᠨ ᠲᠥᠯᠥᠭᠡᠯᠡᠬᠦ ᠴᠢᠨᠠᠷᠲᠠᠢ ᠪᠠᠶ᠋ᠢᠳᠠᠯ ᠪᠤᠯᠭ᠋ᠠᠪᠠ)᠎ᠲᠤ ᠬᠦᠨᠵᠡᠭᠡᠢ᠌ᠷᠡᠨ᠂ ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠪᠣᠯᠤᠨ ᠠᠰᠢᠭᠯᠠᠯᠲᠠ ᠵᠢᠨ ᠪᠠᠶ᠋ᠢᠳᠠᠯ᠎ᠢ ᠪᠣᠳᠠᠲᠠᠢ ᠭᠠᠵᠠᠷ᠎ᠲᠤᠨᠢ ᠪᠠᠶ᠋ᠢᠴᠠᠭ᠋ᠠᠨ ᠣᠶ᠋ᠢᠯᠠᠭ᠋ᠠᠬᠤ ᠵᠢᠨ ᠬᠠᠮᠲᠤ᠂ 12᠎ᠤ ᠦᠳᠡ ᠵᠢᠨ ᠬᠣᠶ᠋ᠢᠨ᠎ᠠ ᠰᠠᠭᠤᠳᠠᠯ᠎ᠤᠨ ᠬᠤᠷᠠᠯ ᠬᠢᠵᠦ ᠰᠡᠳᠦᠪ᠎ᠢ ᠲᠠᠭ᠋ᠠᠭ᠋ᠠᠴᠢᠯᠠᠭᠰᠠᠨ ᠨᠢᠭᠡᠴᠢ ᠵᠢᠨ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠴᠤ᠂ ᠰᠡᠳᠦᠪ᠎ᠤᠨ ᠠᠵᠢᠯ᠎ᠤᠨ ᠠᠬᠢᠴᠠ ᠵᠢ ᠤᠢ᠌ᠯᠠᠭ᠋ᠠᠵᠤ᠂ ᠵᠤᠩᠬᠢᠯᠠᠭ᠎ᠠ ᠵᠢᠨ ᠠᠰᠠᠭᠤᠳᠠᠯ᠎ᠢ ᠰᠤᠳᠤᠯᠤᠨ ᠶᠠᠷᠢᠯᠴᠠᠪᠠ᠃
      ᠬᠢᠨᠠᠨ ᠵᠢᠯᠣᠭᠣᠳᠴᠤ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠬᠢᠩᠭ᠋ᠠᠨ ᠠᠶ᠋ᠢᠮᠠᠭ᠎ᠤᠨ ᠡᠯᠪᠡᠭ ᠪᠠᠶᠠᠯᠢᠭ ᠡᠯ᠎ᠡ ᠲᠥᠷᠥᠯ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠮᠠᠭᠲᠠᠨ ᠰᠠᠶ᠋ᠢᠰᠢᠶᠠᠵᠤ᠂ ᠣᠨᠴᠠᠭ᠋ᠠᠶ᠋ᠢᠯᠠᠨ ᠷᠠᠰᠢᠶᠠᠨ ᠬᠣᠲᠠ ᠵᠢᠨ ᠮᠠᠰᠢ ᠣᠯᠠᠨ ᠥᠪᠡᠷᠮᠢᠴᠡ ᠪᠠᠶ᠋ᠢᠳᠠᠭ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠤᠨ ᠴᠡᠭ᠎ᠢ ᠮᠠᠭᠲᠠᠨ ᠰᠠᠶ᠋ᠢᠰᠢᠶᠠᠵᠤ᠂ ᠡᠨᠡ᠎ᠨᠢ ᠰᠢ ᠲᠡᠷᠢᠭᠦᠯᠡᠭᠴᠢ ᠵᠢᠨ ᠷᠠᠰᠢᠶᠠᠨ ᠬᠣᠲᠠ ᠵᠢ ᠰᠢᠨᠵᠢᠯᠡᠨ ᠪᠠᠶ᠋ᠢᠴᠠᠭ᠋ᠠᠬᠤ᠎ᠳᠠᠭᠠᠨ 《ᠷᠠᠰᠢᠶᠠᠨ᠎ᠤ ᠳᠥᠷᠪᠡᠨ ᠤᠯᠠᠷᠢᠯ᠎ᠳᠤ ᠪᠦᠷ ᠮᠠᠰᠢ ᠭᠣᠶᠣ》 ᠭᠡᠬᠦ ᠪᠣᠷᠣᠭᠵᠢᠭᠤᠨ ᠦᠭᠡ ᠬᠡᠯᠡ᠂ ᠬᠠᠮᠤᠭ᠎ᠤᠨ ᠥᠨᠳᠥᠷ ᠮᠠᠭᠲᠠᠭ᠋ᠠᠯ ᠰᠠᠶ᠋ᠢᠰᠢᠶᠠᠯ᠎ᠢ ᠬᠥᠮᠦᠰ᠎ᠲᠤ ᠠᠶᠠᠨᠳᠠᠭ᠋ᠠᠨ ᠰᠠᠨᠠᠭᠳᠠᠭᠤᠯᠪᠠ᠃ ᠶᠠᠷᠢᠯᠴᠠᠬᠤ ᠬᠤᠷᠠᠯ ᠳᠤᠮᠳᠠ ᠡᠯ᠎ᠡ ᠤᠰᠤᠨ ᠠᠰᠢᠭᠯᠠᠯᠲᠠ ᠵᠢᠨ ᠲᠤᠰᠬᠠᠢ ᠮᠡᠷᠭᠡᠵᠢᠯᠲᠡᠨ ᠥᠪᠡᠷ ᠥᠪᠡᠷ᠎ᠤᠨ ᠲᠤᠰᠬᠠᠢ ᠮᠡᠷᠭᠡᠵᠢᠯ᠎ᠤᠨ ᠬᠠᠷᠠᠭ᠋ᠠᠰᠤ᠎ᠠᠴᠠ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ 《ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠪᠠᠶ᠋ᠢᠴᠠᠭ᠋ᠠᠯᠲᠠ》 ᠵᠢᠨ ᠲᠥᠯᠥᠪᠵᠢᠭᠦᠯᠭᠡ ᠵᠢᠨ ᠮᠡᠳᠡᠭᠦᠯᠦᠯᠲᠡ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠮᠠᠰᠢ ᠵᠦᠢ ᠣᠨᠣᠪᠴᠢᠲᠠᠢ ᠰᠠᠨᠠᠯ ᠰᠠᠨᠠᠭᠤᠯᠭ᠎ᠠ ᠳᠤᠷᠠᠳᠪᠠ᠂ ᠵᠢᠱ᠌ᠢᠶᠡᠯᠡᠪᠡᠯ ᠲᠥᠯᠥᠪᠵᠢᠭᠦᠯᠭᠡ ᠵᠢᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠭᠰᠠᠨ ᠪᠦᠷᠢᠨ ᠪᠦᠲᠦᠨ ᠴᠢᠨᠠᠷ᠂ ᠳᠦᠷᠢᠮᠵᠢᠯᠳᠦ ᠴᠢᠨᠠᠷ᠂ ᠪᠠᠷᠢᠮᠵᠢᠶᠠᠲᠤ ᠴᠢᠨᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠵᠣᠯᠭ᠋ᠠᠭᠤᠯᠤᠯᠲᠠ᠂ ᠲᠠᠭ᠋ᠠᠯᠳᠤᠭᠤᠯᠤᠯ ᠪᠢᠴᠢᠭ ᠵᠢᠷᠤᠭ᠎ᠤᠨ ᠬᠡᠷᠡᠭᠯᠡᠭᠡᠨ ᠵᠡᠷᠭᠡ ᠲᠠᠯ᠎ᠠ ᠵᠢᠨ ᠰᠠᠨᠠᠯ ᠰᠠᠨᠠᠭᠤᠯᠭ᠎ᠠ ᠲᠤᠷᠠᠳᠪᠠ᠃ ᠮᠥᠨ ᠤᠰᠤᠨ ᠠᠰᠢᠭᠯᠠᠯᠲᠠ ᠵᠢᠨ ᠶᠠᠮᠤᠨ᠎ᠳᠤ ᠮᠡᠳᠡᠬᠦᠯᠵᠦ ᠬᠢᠨᠠᠨ ᠲᠣᠭᠲᠠᠭ᠋ᠠᠯᠭ᠋ᠠᠬᠤ᠎ᠳᠤ ᠠᠩᠬᠠᠷᠬᠤ ᠴᠢᠬᠤᠯᠠ᠎ᠲᠠᠢ ᠨᠠᠷᠢᠨ ᠵᠦᠢ᠍ᠯ᠎ᠤᠨ ᠵᠢᠷᠤᠮ᠎ᠤᠨ ᠴᠢᠨᠠᠷᠲᠠᠢ ᠮᠠᠰᠢ ᠣᠯᠠᠨ ᠠᠰᠠᠭᠤᠳᠠᠯ᠎ᠢ ᠰᠠᠨᠠᠭᠤᠯᠪᠠ᠃ ᠭᠦᠸᠧ ᠯᠢᠩ ᠶᠦᠨ ᠲᠣᠪᠴᠢᠶᠠᠨ ᠳᠠᠷᠤᠭ᠎ᠠ᠂ ᠪᠢᠳᠡ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ ᠡᠶ᠋ᠢᠮᠦ ᠰᠠᠶ᠋ᠢᠬᠠᠨ ᠭᠠᠵᠠᠷ ᠠᠵᠢᠯᠯᠠᠵᠤ ᠠᠮᠢᠳᠤᠷᠠᠵᠤ ᠪᠠᠢ᠌ᠬᠤ ᠲᠤᠯᠠ ᠨᠡᠩ ᠴᠤ᠌ ᠲᠡᠬᠦᠨ᠎ᠢ ᠰᠠᠬᠢᠨ ᠬᠠᠮᠠᠭ᠋ᠠᠯᠠᠬᠤ ᠬᠠᠷᠢᠭᠤᠴᠠᠯᠭ᠎ᠠ ᠪᠤᠯᠤᠨ ᠲᠡᠤᠬᠡᠳᠦ ᠡᠬᠦᠷᠭᠡ᠎ᠲᠠᠢ! ᠪᠢᠳᠡ ᠯᠠᠪᠳᠠᠢ ᠳᠡᠭᠡᠳᠦ ᠱᠠᠲᠤᠨ᠎ᠤ ᠢᠲᠡᠭᠡᠯ᠎ᠢ ᠬᠥᠰᠡᠷᠳᠡᠭᠦᠯᠬᠦ ᠦᠭᠡᠢ᠎ᠪᠠᠷ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠲᠥᠷᠥ ᠵᠢᠨ ᠪᠣᠳᠣᠯᠭ᠎ᠠ ᠵᠢᠨ ᠲᠠᠯ᠎ᠠ ᠵᠢᠨ ᠳᠡᠮᠵᠢᠯᠭᠡ ᠦᠭᠴᠦ᠂ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠪᠠᠶ᠋ᠢᠴᠠᠭ᠋ᠠᠯᠲᠠ ᠵᠢ ᠪᠦᠬᠦ ᠬᠦᠴᠦᠨ ᠵᠶ᠋ᠡᠷ ᠰᠠᠢ᠌ᠳᠤᠷ ᠬᠢᠵᠦ᠂ ᠪᠦᠬᠦ ᠤᠯᠤᠰ᠎ᠲᠤ ᠡᠨᠡᠬᠦ ᠠᠵᠢᠯ᠎ᠢ ᠠᠬᠢᠭᠤᠯᠬᠤ ᠳᠤᠮᠳᠠ ᠵᠢᠱ᠌ᠢᠶ᠎ᠡ ᠦᠵᠡᠭᠦᠯᠵᠦ ᠬᠥᠲᠥᠯᠦᠨ ᠳᠠᠭ᠋ᠠᠭᠤᠯᠬᠤ ᠦᠷ᠎ᠡ ᠪᠦᠲᠦᠮᠵᠢ ᠭᠠᠷᠭ᠋ᠠᠨ᠎ᠠ ᠭᠡᠵᠦ ᠢᠯᠡᠷᠬᠡᠢ᠌ᠯᠡᠪᠡ᠃
      ᠶᠠᠷᠢᠯᠴᠠᠬᠤ ᠬᠤᠷᠠᠯ᠎ᠳᠤ ᠪᠠᠰᠠ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠪᠣᠯᠤᠨ ᠠᠰᠢᠭᠯᠠᠯᠲᠠ ᠵᠢᠨ ᠪᠠᠶ᠋ᠢᠴᠠᠭ᠋ᠠᠯᠲᠠ ᠵᠢᠨ ᠲᠥᠯᠥᠪᠵᠢᠭᠦᠯᠭᠡ ᠵᠢᠨ ᠮᠡᠳᠡᠭᠦᠯᠦᠯᠲᠡ ᠵᠢ ᠨᠠᠢ᠌ᠷᠠᠭᠤᠯᠤᠨ ᠵᠤᠬᠢᠶᠠᠬᠤ ᠪᠤᠰᠤᠳ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠣᠯ᠄ ᠥᠪᠡᠷᠲᠡᠭᠡᠨ ᠵᠠᠰᠠᠬᠤ ᠣᠷᠣᠨ᠎ᠤ ᠭᠣᠣᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠮᠠᠨ᠎ᠤ ᠠᠶ᠋ᠢᠮᠠᠭ᠎ᠲᠤ ᠢᠷᠡᠵᠦ ᠪᠠᠶ᠋ᠢᠴᠠᠭ᠋ᠠᠨ ᠰᠤᠳᠤᠯᠤᠯᠲᠠ ᠬᠢᠪᠡ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ
ᠬᠦᠯᠦᠨ ᠪᠤᠢ᠌ᠷ᠄ ᠬᠥᠯᠥᠨ ᠪᠤᠶ᠋ᠢᠷ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ᠂ ᠶᠢᠨ ᠾᠧ ᠭᠤᠤᠯ᠎ᠤᠨ ᠬᠣᠲᠠ ᠵᠢᠨ ᠳᠡᠰ᠎ᠤᠨ ᠭᠣᠣᠯ᠎ᠤᠨ ᠳᠠᠷᠤᠭ᠎ᠠ ᠯᠢ ᠵᠢᠨ ᠺᠧ ᠭᠣᠣᠯ ᠮᠦᠷᠡᠨ᠎ᠢ ᠴᠠᠭᠳᠠᠨ ᠪᠠᠶ᠋ᠢᠴᠠᠭ᠋ᠠᠬᠤ ᠠᠵᠢᠯ ᠥᠷᠨᠢᠭᠦᠯᠪᠡ
ᠬᠥᠯᠥᠨ ᠪᠤᠶ᠋ᠢᠷ᠄ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠡᠧ ᠵᠢᠩ ᠫᠢᠩ ᠥᠪᠥᠷ ᠮᠣᠩᠭᠣᠯ᠎ᠤᠨ ᠪᠤᠷᠤᠲᠤᠬᠤᠢ ᠵᠢᠨ ᠤᠰᠤᠯᠠᠯᠲᠠ ᠵᠢᠨ ᠣᠷᠣᠨ᠎ᠳᠤ ᠬᠦᠷᠴᠦ ᠬᠦᠨᠵᠡᠭᠡᠢ ᠤᠰᠤ ᠠᠷᠪᠢᠯᠠᠬᠤ ᠵᠢ ᠪᠠᠶ᠋ᠢᠴᠠᠭ᠋ᠠᠨ ᠰᠤᠳᠤᠯᠵᠠᠢ
 
            