ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠠᠲᠤᠨ ᠭᠣᠣᠯ᠎ᠤᠨ ᠦᠬᠠᠢ ᠵᠢᠨ ᠬᠡᠰᠡᠭ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠥᠷᠨᠢᠭᠦᠯᠪᠡ
ᠨᠡᠶ᠋ᠢᠲᠡᠯᠡᠭᠰᠡᠨ ᠴᠠᠭ᠄ 2020-12-23

     2020 ᠣᠨ᠎ᠠᠴᠠ 2021 ᠣᠨ ᠪᠣᠯᠲᠠᠯᠠᠬᠢ ᠬᠠᠲᠤᠨ ᠭᠣᠣᠯ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠰᠥᠩ ᠬᠠᠯᠢᠶ᠎ᠠ ᠵᠢ ᠰᠡᠷᠭᠡᠶ᠋ᠢᠯᠡᠬᠦ ᠬᠤᠭᠤᠴᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠳᠤᠯᠠᠬᠤ ᠵᠢᠨ ᠲᠤᠰᠠᠳᠠ᠂ 11 ᠳ᠋ᠦ᠍ᠭᠡᠷ ᠰᠠᠷ᠎ᠠ ᠵᠢᠨ 3᠎ᠤ ᠡᠳᠦᠷ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠣᠯᠪᠣᠭᠳᠠᠯ ᠪᠦᠬᠦᠢ ᠬᠥᠮᠦᠰ᠎ᠢ ᠵᠣᠬᠢᠶᠠᠨ ᠪᠠᠶ᠋ᠢᠭᠤᠯᠵᠤ ᠬᠠᠲᠤᠨ ᠭᠣᠣᠯ᠎ᠤᠨ ᠦᠬᠠᠢ ᠵᠢᠨ ᠬᠡᠰᠡᠭ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠪᠡ᠃
      ᠪᠠᠶ᠋ᠢᠴᠠᠭ᠋ᠠᠬᠤ ᠳᠤᠭᠤᠶ᠋ᠢᠯᠠᠩ ᠤᠷᠢᠳ ᠬᠣᠵᠢᠳ ᠤᠯᠠᠭ᠋ᠠᠨᠨᠠᠭᠤᠷ᠎ᠤᠨ ᠬᠡᠰᠡᠭ᠎ᠲᠠᠬᠢ ᠬᠠᠲᠤᠨ ᠭᠣᠣᠯ᠎ᠤᠨ ᠵᠡᠭᠦᠨ ᠡᠷᠭᠢ᠎ᠤᠨ ᠠᠶᠤᠯ᠎ᠠᠴᠠ ᠠᠪᠤᠷᠠᠬᠤ ᠢᠨᠵᠸᠨ᠋ᠸᠷᠢᠩ᠂ ᠷᠠᠰᠠᠩ ᠰᠦᠮ᠎ᠡ ᠵᠢᠨ ᠬᠥᠪᠥᠮᠡᠯ ᠬᠥᠭᠥᠷᠭᠡ᠂ ᠰᠢᠶᠠᠣ ᠬᠠᠢ ᠪᠦᠸᠧ ᠸᠠᠨ᠎ᠤ ᠦᠶᠡᠷ᠎ᠢ ᠬᠣᠷᠢᠭᠯᠠᠬᠤ ᠢᠨᠵᠧᠨᠧᠷᠢᠭ ᠵᠡᠷᠭᠡ ᠰᠦᠩ ᠬᠠᠯᠢᠶ᠎ᠠ ᠵᠢᠨ ᠦᠶᠡᠷ᠎ᠢ ᠰᠡᠷᠭᠡᠶ᠋ᠢᠯᠡᠬᠦ ᠬᠤᠭᠤᠴᠠᠭ᠋ᠠᠨ᠎ᠤ   ᠵᠠᠩᠬᠢᠯᠠᠭ᠎ᠠ ᠵᠢᠨ ᠬᠠᠰᠢᠯᠭ᠎ᠠ᠎ᠳᠤ ᠲᠤᠬᠠᠢ ᠵᠢᠨ ᠭᠠᠵᠠᠷ᠎ᠲᠤᠨᠢ ᠬᠦᠷᠴᠦ ᠪᠠᠶ᠋ᠢᠴᠠᠭ᠋ᠠᠨ ᠦᠵᠡᠭᠰᠡᠨ ᠪᠥᠭᠡᠳ ᠬᠠᠲᠤᠨ ᠭᠣᠣᠯ᠎ᠤᠨ ᠦᠬᠠᠢ ᠵᠢᠨ ᠬᠡᠰᠡᠭ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠤᠨ ᠪᠡᠯᠡᠳᠬᠡᠯ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃
      ᠳᠠᠷᠠᠭ᠎ᠠ ᠠᠯᠬᠤᠮ᠎ᠳᠤ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠭᠤᠷᠪᠠᠨ ᠣᠷᠣᠨ᠎ᠤ ᠤᠰᠤᠨ᠎ᠤ ᠶᠠᠪᠤᠳᠠᠯ᠎ᠤᠨ ᠰᠠᠯᠠᠭ᠎ᠠ ᠮᠥᠴᠢᠷ᠎ᠢ ᠵᠢᠯᠣᠭᠣᠳᠴᠤ ᠰᠥᠩ ᠬᠠᠯᠢᠶ᠎ᠠ ᠵᠢᠨ ᠪᠠᠶ᠋ᠢᠳᠠᠯ᠂ ᠤᠰᠤᠨ᠎ᠤ ᠪᠠᠶ᠋ᠢᠳᠠᠯ᠂ ᠠᠶᠤᠯ ᠲᠦᠭᠰᠢᠭᠦᠷᠢ ᠵᠢᠨ ᠪᠠᠶ᠋ᠢᠳᠠᠯ᠎ᠢ ᠨᠢᠭᠳᠠ ᠠᠩᠬᠠᠷᠬᠤ ᠵᠢᠨ ᠬᠠᠮᠲᠤ ᠰᠥᠩ ᠬᠠᠯᠢᠶ᠎ᠠ ᠵᠢᠨ ᠦᠶᠡᠷ᠎ᠤᠨ ᠬᠤᠭᠤᠴᠠᠭ᠋ᠠᠨ᠎ᠤ ᠳᠠᠯᠠᠩ ᠬᠠᠰᠢᠯᠭ᠎ᠠ ᠵᠢ ᠴᠠᠭᠳᠠᠨ ᠪᠠᠶ᠋ᠢᠴᠠᠭ᠋ᠠᠬᠤ ᠠᠵᠢᠯ᠎ᠢ ᠬᠢᠨᠠᠮᠠᠭ᠋ᠠᠢ ᠰᠠᠶ᠋ᠢᠲᠤᠷ ᠬᠢᠬᠦ ᠵᠢᠨ ᠬᠠᠮᠲᠤ᠂ ᠮᠡᠳᠡᠭᠡ ᠵᠠᠩᠭᠢ ᠵᠢ ᠴᠠᠭ ᠲᠤᠬᠠᠢ᠎ᠳᠤᠨᠢ ᠮᠡᠳᠡᠭᠦᠯᠦᠨ ᠬᠦᠷᠭᠡᠵᠦ᠂ ᠬᠠᠲᠤᠨ ᠭᠣᠣᠯ᠎ᠤᠨ ᠦᠬᠠᠢ ᠵᠢᠨ ᠬᠡᠰᠡᠭ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠣᠯ᠄ ᠠᠶ᠋ᠢᠮᠠᠭ᠎ᠤᠨ ᠭᠣᠣᠯ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ᠂ ᠠᠶ᠋ᠢᠮᠠᠭ᠎ᠤᠨ ᠪᠠᠶ᠋ᠢᠴᠠᠭ᠋ᠠᠬᠤ ᠬᠤᠪᠢᠶᠠᠷᠢ ᠬᠣᠷᠢᠶ᠎ᠠ ᠬᠠᠮᠲᠤᠷᠠᠵᠤ ᠲᠠᠪᠤᠨ ᠬᠣᠰᠢᠭᠤ ᠰᠢᠶᠠᠨ᠎ᠤ ᠭᠣᠣᠯ ᠨᠠᠭᠤᠷ᠎ᠢ ᠬᠠᠮᠢᠶᠠᠷᠤᠨ ᠵᠠᠰᠠᠬᠤ《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠬᠢᠨᠠᠨ ᠵᠢᠯᠣᠭᠣᠳᠴᠤ ᠪᠠᠶ᠋ᠢᠴᠠᠭ᠋ᠠᠬᠤ ᠠᠵᠢᠯᠯᠠᠭ᠎ᠠ ᠥᠷᠨᠢᠭᠦᠯᠪᠡ
ᠬᠢᠩᠭ᠋ᠠᠨ ᠠᠶ᠋ᠢᠮᠠᠭ᠄ 《ᠤᠰᠤᠨ ᠠᠰᠢᠭᠯᠠᠯᠲᠠ + ᠵᠤᠭ᠋ᠠᠴᠠᠯ》᠎ᠤᠨ ᠰᠢᠨ᠎ᠡ ᠬᠠᠭᠤᠳᠠᠰᠤ ᠵᠢ ᠳᠠᠬᠢᠨᠲᠠ ᠨᠡᠭᠡᠭᠡᠵᠡᠢ
ᠬᠢᠩᠭ᠋ᠠᠨ ᠠᠶ᠋ᠢᠮᠠᠭ᠄ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ ᠥᠨᠳᠥᠷ ᠪᠠᠷᠢᠮᠵᠢᠶ᠎ᠠ᠎ᠪᠠᠷ ᠴᠢᠩᠭ᠎ᠠ ᠱᠠᠭ᠋ᠠᠷᠳᠠᠵᠤ ᠪᠠᠷᠢᠮᠵᠢᠶ᠎ᠠ᠎ᠳᠤ ᠬᠦᠷᠭᠡᠵᠦ ᠪᠤᠢ
ᠬᠢᠩᠭ᠋ᠠᠨ ᠠᠶ᠋ᠢᠮᠠᠭ᠄ ᠳᠤᠮᠳᠠᠳᠤ ᠵᠢᠨ ᠬᠦᠰᠡᠯ ᠵᠶ᠋ᠡᠨ ᠬᠠᠮᠲᠤ᠎ᠪᠠᠷ ᠪᠡᠶᠡᠯᠡᠬᠦᠯᠵᠦ᠂ ᠰᠫᠤᠷᠲ ᠵᠢᠨ ᠭᠤᠸ᠎ᠠ ᠰᠠᠶ᠋ᠢᠬᠠᠨ᠎ᠢ ᠢᠯᠡᠷᠡᠭᠦᠯᠦᠶ᠎ᠡ — ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ 《ᠳᠤᠮᠳᠠᠳᠤ ᠵᠢᠨ ᠬᠦᠰᠡᠯ ᠰᠫᠤᠷᠲ ᠵᠢᠨ ᠰᠠᠶ᠋ᠢᠬᠠᠨ》 ᠥᠲᠥᠨ ᠪᠥᠮᠪᠥᠭᠡ᠂ ᠫᠢᠩᠫᠤᠩ ᠪᠥᠮᠪᠥᠭᠡ ᠵᠢᠨ ᠤᠷᠤᠯᠳᠤᠭ᠋ᠠᠨ᠎ᠳᠤ ᠤᠷᠤᠯᠴᠠᠪᠠ
ᠬᠢᠩᠭ᠋ᠠᠨ ᠠᠶ᠋ᠢᠮᠠᠭ᠄ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠠᠪᠴᠤ ᠠᠷᠠᠳ᠎ᠤᠨ ᠠᠮᠢᠳᠤᠷᠠᠯ᠎ᠳᠤ ᠠᠰᠢᠭ ᠲᠤᠰᠠ ᠬᠦᠷᠲᠡᠭᠡᠵᠦ ᠤᠰᠤᠨ ᠠᠰᠢᠭᠯᠠᠯᠲᠠ᠎ᠪᠠᠷ ᠶᠠᠳᠠᠭᠤ ᠵᠢ ᠲᠡᠳᠬᠦᠵᠦ ᠴᠢᠨᠡᠭᠡᠯᠢᠭ ᠨᠡᠶ᠋ᠢᠭᠡᠮ᠎ᠢ ᠪᠦᠲᠦᠭᠡᠨ ᠪᠠᠢ᠌ᠭᠤᠯᠤᠨ᠎ᠠ
 
            