ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠮᠠᠨ᠎ᠤ ᠬᠤᠳᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠡᠯ᠎ᠡ ᠲᠥᠷᠥᠯ᠎ᠤᠨ ᠠᠵᠢᠯ᠎ᠢ ᠢᠳᠡᠪᠬᠢᠲᠡᠢ ᠦᠷᠨᠢᠬᠦᠯᠪᠡ
ᠨᠡᠶ᠋ᠢᠲᠡᠯᠡᠭᠰᠡᠨ ᠴᠠᠭ᠄ 2020-12-23

      ᠡᠨᠡ ᠵᠢᠯ᠎ᠠᠴᠠ ᠨᠡᠰᠢ᠂ ᠲᠦᠩᠯᠢᠶᠣᠣ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠪᠠᠷᠠᠭᠤᠨ ᠯᠢᠶᠣᠣ ᠾᠧ ᠭᠣᠣᠯ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠠᠵᠢᠯ᠎ᠢ ᠢᠳᠡᠪᠬᠢᠲᠡᠢ ᠬᠡᠷᠡᠭᠵᠢᠬᠦᠯᠵᠦ᠂ ᠤᠰᠤ ᠬᠡᠷᠡᠭᠯᠡᠬᠦ ᠬᠡᠮᠵᠢᠯᠲᠡ ᠵᠢᠨ ᠠᠵᠢᠯ᠎ᠢ   ᠲᠡᠬᠦᠯᠳᠡᠷᠵᠢᠬᠦᠯᠦᠨ ᠠᠬᠢᠭᠤᠯᠵᠤ᠂ ᠤᠰᠤ ᠠᠪᠬᠤ ᠠᠮᠠᠰᠠᠷ᠎ᠤᠨ ᠬᠢᠨᠠᠯᠲᠠ ᠬᠠᠮᠢᠶᠠᠷᠤᠯᠲᠠ ᠵᠢᠴᠢ ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠬᠣᠷᠴᠢᠨ ᠲᠣᠭᠣᠷᠢᠭ᠎ᠤᠨ ᠭᠠᠵᠠᠷ ᠲᠤᠤᠷᠠᠬᠢ ᠤᠰᠤ ᠵᠢ ᠬᠡᠳᠦ ᠠᠪᠤᠭᠰᠠᠨ ᠣᠷᠣᠨ᠎ᠢ ᠵᠠᠰᠠᠬᠤ ᠵᠢ ᠪᠡᠶᠡᠯᠡᠬᠦᠯᠵᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠡᠯ᠎ᠡ ᠲᠥᠷᠥᠯ᠎ᠤᠨ ᠠᠵᠢᠯ ᠢᠳᠡᠪᠬᠢᠲᠡᠢ ᠦᠷ᠎ᠡ ᠪᠦᠲᠦᠮᠵᠢ ᠣᠯᠵᠠᠢ᠃
    ᠨᠢᠭᠡ᠂ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢᠨ ᠲᠣᠬᠢᠷᠠᠭᠤᠯᠤᠯᠲᠠ ᠵᠢ ᠬᠡᠷᠡᠭᠵᠢᠬᠦᠯᠪᠡ
    2020 ᠣᠨ᠎ᠤ 7 ᠰᠠᠷ᠎ᠠ᠎ᠳᠤ᠂ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ ᠠᠩᠬ᠎ᠠ ᠤᠳᠠᠭ᠎ᠠ ᠤᠰᠤᠨ᠎ᠤ ᠬᠡᠮᠵᠢᠶ᠎ᠡ ᠵᠢᠨ ᠲᠣᠬᠢᠷᠠᠭᠤᠯᠤᠯᠲᠠ ᠵᠢ ᠬᠡᠷᠡᠭᠵᠢᠭᠦᠯᠪᠡ᠃ ᠮᠠᠨ᠎ᠤ ᠬᠣᠲᠠ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠣᠬᠢᠷᠠᠭᠤᠯᠭ᠎ᠠ ᠵᠢᠨ ᠵᠠᠷᠯᠢᠭ᠎ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠵᠢᠨ ᠤᠰᠤᠨ᠎ᠤ ᠬᠡᠮᠵᠢᠶ᠎ᠡ ᠳᠣᠷᠣᠭᠰᠢ ᠤᠷᠤᠰᠬᠤ ᠵᠢ ᠪᠠᠲᠤᠯᠠᠵᠤ᠂ ᠮᠠᠨ᠎ᠤ ᠬᠣᠲᠠ᠎ᠳᠤ ᠤᠷᠤᠰᠤᠨ ᠤᠷᠤᠭᠰᠠᠨ ᠭᠠᠵᠠᠷ᠎ᠤᠨ ᠭᠠᠳᠠᠷᠭᠤ ᠵᠢᠨ ᠤᠰᠤᠨ᠎ᠤ ᠬᠡᠮᠵᠢᠶ᠎ᠡ ᠪᠠᠷᠤᠭ 1000 ᠲᠦᠮᠡᠨ ᠪᠣᠰᠤᠭ᠎ᠠ ᠳᠥᠷᠪᠡᠯᠵᠢᠨ ᠮᠸᠲᠷ᠎ᠲᠤ ᠲᠤᠯᠵᠤ᠂ ᠤᠰᠤᠨ ᠲᠣᠯᠣᠭ᠋ᠠᠢ᠎ᠨᠢ ᠡᠴᠦᠰ᠎ᠲᠡᠭᠡᠨ ᠲᠦᠩᠯᠢᠶᠣᠣ ᠬᠣᠲᠠ ᠵᠢᠨ ᠪᠠᠷᠠᠭᠤᠨ ᠯᠢᠶᠣᠣ ᠾᠧ ᠭᠣᠣᠯ᠎ᠤᠨ ᠭᠣᠣᠯ ᠤᠷᠤᠰᠬᠠᠯ᠎ᠤᠨ ᠰᠦ ᠵᠢᠶᠠ ᠪᠤᠤ ᠬᠦᠢ᠍ᠰᠦ ᠵᠢᠨ ᠲᠤᠤᠷᠠᠳᠤ ᠤᠷᠤᠰᠬᠠᠯ᠎ᠤᠨ 32 ᠺᠢᠯᠤᠮᠸᠲᠷ᠎ᠤᠨ ᠭᠠᠵᠠᠷ᠎ᠲᠤ ᠬᠦᠷᠪᠡ᠃
    ᠬᠣᠶᠠᠷ᠂ ᠬᠢᠨᠠᠨ ᠬᠡᠮᠵᠢᠬᠦ ᠬᠡᠮᠵᠢᠬᠦᠷ᠎ᠤᠨ ᠰᠢᠰᠲᠸᠮ᠎ᠢ ᠲᠡᠭᠦᠯᠳᠡᠷᠵᠢᠭᠦᠯᠵᠦ᠂ ᠤᠰᠤ ᠬᠡᠷᠡᠭᠯᠡᠬᠦ ᠬᠡᠮᠵᠢᠯᠲᠡ ᠵᠢ ᠲᠦᠯᠬᠢᠨ ᠠᠬᠢᠭᠤᠯᠪᠠ
   《ᠥᠪᠥᠷ ᠮᠣᠩᠭᠣᠯ᠎ᠤᠨ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠲᠤ 〈  ᠤᠰᠤᠨ᠎ᠤ ᠬᠡᠮᠵᠢᠶ᠎ᠡ᠎ᠪᠠᠷ ᠰᠠᠭᠤᠷᠢ ᠪᠤᠯᠭ᠋ᠠᠬᠤ〉ᠤᠰᠤ᠎ᠪᠠᠷ ᠬᠡᠷᠡᠭᠴᠡᠭᠡ᠎ᠪᠠᠨ ᠲᠣᠭᠲᠠᠭ᠋ᠠᠬᠤ ᠵᠢ ᠬᠡᠷᠡᠭᠵᠢᠭᠦᠯᠬᠦ ᠲᠥᠰᠦᠯ》(2020 ᠤᠨ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠶᠠᠭ ᠰᠠᠶᠢᠬᠠᠨ 《ᠴᠠᠬᠢᠯᠭ᠋ᠠᠨ ᠵᠶ᠋ᠡᠷ ᠤᠰᠤ ᠵᠢ ᠨᠤᠭᠤᠯᠤᠨ ᠪᠣᠳᠣᠬᠤ》 ᠢᠯᠡᠳᠬᠡᠮᠵᠢ ᠨᠣᠷᠮ᠎ᠠ ᠲᠤᠭᠳᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ ᠪᠣᠢ᠂ 2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠲᠠᠷᠢᠶᠠᠨ ᠭᠠᠵᠠᠷ᠎ᠤᠨ ᠤᠰᠤᠯᠠᠯᠲᠠ ᠵᠢᠨ 《ᠴᠠᠬᠢᠯᠭ᠋ᠠᠨ ᠵᠶ᠋ᠡᠷ ᠤᠰᠤ ᠵᠢ ᠨᠤᠭᠤᠯᠤᠨ ᠪᠣᠳᠣᠬᠤ》 ᠢᠯᠡᠳᠬᠡᠮᠵᠢ   ᠨᠣᠷᠮ᠎ᠠ ᠵᠢ ᠲᠤᠭᠳᠠᠭ᠋ᠠᠬᠤ ᠵᠢ ᠪᠡᠶᠡᠯᠡᠬᠦᠯᠦᠨ᠎ᠡ᠃
      ᠭᠤᠷᠪᠠ᠂ ᠤᠰᠤ ᠠᠪᠬᠤ ᠠᠮᠠᠰᠠᠷ᠎ᠤᠨ ᠬᠢᠨᠠᠯᠲᠠ ᠬᠠᠮᠢᠶᠠᠷᠤᠯᠲᠠ ᠪᠠ ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢ ᠴᠢᠩᠭ᠋ᠠᠳᠬᠠᠪᠠ
     2020 ᠣᠨ᠎ᠤ 7 ᠳ᠋ᠤᠭ᠋ᠠᠷ ᠰᠠᠷ᠎ᠠ᠎ᠠᠴᠠ ᠡᠬᠢᠯᠡᠨ ᠪᠥᠬᠥ ᠬᠣᠲᠠ ᠵᠢᠨ ᠬᠡᠪᠴᠢᠶᠡᠨ᠎ᠳᠤ ᠤᠰᠤ ᠠᠪᠴᠤ ᠬᠡᠷᠡᠭᠯᠡᠬᠦ ᠬᠠᠮᠢᠶᠠᠷᠤᠯᠲᠠ ᠵᠢᠨ ᠲᠤᠰᠬᠠᠢ ᠲᠥᠷᠥᠯ᠎ᠤᠨ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠪᠥᠬᠥ ᠬᠣᠲᠠ ᠵᠢᠨ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤᠨ᠎ᠤ ᠤᠰᠤ ᠠᠪᠬᠤ ᠠᠮᠠ ᠵᠢ ᠬᠢᠨᠠᠨ ᠪᠠᠶ᠋ᠢᠴᠠᠭ᠋ᠠᠵᠤ ᠪᠦᠷᠢᠳᠬᠡᠨ ᠳᠠᠩᠰᠠᠯᠠᠵᠤ᠂ ᠤᠰᠤ ᠠᠪᠬᠤ ᠠᠮᠠᠰᠠᠷ᠎ᠤᠨ ᠣᠳᠣᠬᠢ ᠪᠠᠶ᠋ᠢᠳᠠᠯ᠎ᠢ ᠲᠣᠳᠣᠷᠬᠠᠢ ᠡᠵᠡᠮᠰᠢᠵᠦ᠂ 2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠤᠰᠤ ᠠᠪᠬᠤ ᠠᠮᠠᠰᠠᠷ᠎ᠢ ᠬᠢᠨᠠᠨ ᠪᠠᠶ᠋ᠢᠴᠠᠭ᠋ᠠᠵᠤ ᠳᠠᠩᠰᠠᠯᠠᠬᠤ ᠠᠵᠢᠯ᠎ᠢ ᠪᠡᠶᠡᠯᠡᠭᠦᠯᠦᠨ᠎ᠡ᠃ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ 《ᠲᠦᠩᠯᠢᠶᠣᠣ ᠬᠣᠲᠠ ᠵᠢᠨ ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠤᠰᠤ ᠠᠪᠬᠤ ᠵᠥᠪᠰᠢᠶᠡᠷᠡᠯ᠎ᠤᠨ ᠳᠦᠷᠢᠮ᠎ᠢ ᠬᠡᠷᠡᠭᠵᠢᠭᠦᠯᠬᠦ᠎ᠠᠴᠠ ᠭᠠᠳᠠᠨ᠎ᠠ᠂ ᠮᠠᠰᠢᠨ ᠴᠠᠬᠢᠯᠭ᠋ᠠᠨ ᠬᠤᠳᠳᠤᠭ᠎ᠢ ᠳᠠᠩᠰᠠᠯᠠᠬᠤ ᠺᠠᠷᠲ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠪᠡ᠃ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠎ᠨᠢ 《ᠲᠦᠩᠯᠢᠶᠣᠣ ᠬᠣᠲᠠ ᠵᠢᠨ ᠭᠣᠣᠯ ᠬᠣᠲᠠ ᠵᠢᠨ ᠲᠣᠭᠣᠷᠢᠭ᠎ᠲᠤ ᠥᠪᠡᠷ᠎ᠲᠡᠭᠡᠨ ᠪᠡᠯᠡᠳᠬᠡᠭᠰᠡᠨ ᠤᠰᠤᠨ ᠰᠤᠷᠪᠤᠯᠵᠢ ᠵᠢᠨ ᠬᠤᠳᠳᠤᠭ᠎ᠢ ᠪᠢᠳᠡᠬᠦᠮᠵᠢᠯᠡᠬᠦ (ᠬᠠᠭ᠋ᠠᠵᠤ ᠵᠤᠭᠰᠤᠭ᠋ᠠᠬᠤ)   ᠵᠢ ᠬᠡᠷᠡᠭᠵᠢᠭᠦᠯᠬᠦ ᠲᠥᠰᠦᠯ》(ᠲᠦᠩᠯᠢᠶᠤᠤ ᠤᠰᠤ[2019]98 ᠲᠤᠭ᠋ᠠᠳᠤ)᠎ᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠳᠠᠷᠤᠮᠠᠯᠯᠠᠨ ᠲᠠᠷᠬᠠᠭ᠋ᠠᠵᠤ᠂ ᠥᠪᠡᠷ ᠵᠶ᠋ᠡᠨ ᠪᠡᠯᠡᠳᠬᠡᠭᠰᠡᠨ ᠤᠰᠤᠨ ᠰᠤᠷᠪᠤᠯᠵᠢ ᠵᠢᠨ ᠬᠤᠳᠳᠤᠭ᠎ᠢ ᠪᠢᠲᠡᠭᠦᠮᠵᠢᠯᠡᠨ ᠬᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠣᠣᠯ ᠬᠣᠲᠠ ᠵᠢᠨ ᠲᠣᠭᠣᠷᠢᠭ᠎ᠤᠨ ᠬᠣᠭᠣᠯᠠᠢ ᠲᠣᠣᠷ᠎ᠤᠨ   ᠪᠦᠷᠬᠦᠴᠡ ᠵᠢᠨ ᠬᠡᠪᠴᠢᠶᠡᠨ ᠲᠤᠲᠤᠷᠠᠬᠢ ᠦᠪᠡᠷ ᠵᠶ᠋ᠡᠨ ᠪᠡᠯᠡᠳᠭᠡᠭᠰᠡᠨ ᠬᠤᠳᠳᠤᠭ᠎ᠢ ᠲᠥᠯᠥᠪᠯᠡᠭᠡ᠎ᠲᠠᠢ ᠬᠠᠭ᠋ᠠᠨ ᠪᠢᠳᠡᠬᠦᠮᠵᠢᠯᠡᠭᠰᠡᠨ ᠪᠠᠢ᠌ᠨ᠎ᠠ᠃ ᠲᠠᠷᠢᠶᠠᠯᠠᠩ᠎ᠤᠨ ᠤᠰᠤ ᠲᠠᠲᠠᠬᠤ ᠵᠥᠪᠰᠢᠶᠡᠷᠡᠯ᠎ᠢ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ 3.6453 ᠲᠦᠮᠡᠨ ᠨᠥᠬᠥᠴᠡᠯ ᠪᠦᠷᠢᠯᠳᠦᠭᠰᠡᠨ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠲᠤ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠣᠯᠭᠣᠭᠰᠠᠨ ᠪᠠᠶ᠋ᠢᠨ᠎ᠠ᠃
      ᠳᠥᠷᠪᠡ᠂ ᠬᠣᠷᠴᠢᠨ ᠲᠣᠭᠣᠷᠢᠭ᠎ᠤᠨ ᠭᠠᠵᠠᠷ ᠲᠤᠤᠷᠠᠬᠢ ᠤᠰᠤ ᠵᠢ ᠬᠡᠲᠦᠷᠡᠲᠡᠯ᠎ᠡ   ᠠᠪᠤᠭᠰᠠᠨ ᠣᠷᠣᠨ᠎ᠢ ᠵᠠᠰᠠᠬᠤ ᠠᠵᠢᠯ᠎ᠢ ᠲᠦᠯᠬᠢᠨ ᠠᠬᠢᠭᠤᠯᠪᠠ
     2019 ᠣᠨ᠎ᠤ ᠰᠡᠭᠦᠯᠴᠢ ᠪᠣᠯᠲᠠᠯ᠎ᠠ᠂ ᠬᠣᠷᠴᠢᠨ ᠲᠣᠭᠣᠷᠢᠭ᠎ᠤᠨ ᠭᠠᠵᠠᠷ ᠲᠤᠤᠷᠠᠬᠢ ᠤᠰᠤ ᠵᠢ ᠬᠡᠲᠦᠷᠡᠲᠡᠯ᠎ᠡ ᠠᠪᠤᠭᠰᠠᠨ ᠣᠷᠣᠨ᠎ᠤ ᠭᠠᠵᠠᠷ ᠲᠤᠤᠷᠠᠬᠢ ᠤᠰᠤ ᠵᠢ ᠬᠡᠳᠦᠷᠡᠳᠡᠯ᠎ᠡ ᠠᠪᠬᠤ ᠵᠢ ᠬᠢᠵᠠᠭ᠋ᠠᠷᠯᠠᠭᠰᠠᠨ ᠬᠡᠮᠵᠢᠶ᠎ᠡ᠎ᠨᠢ ᠬᠡᠳᠦᠷᠡᠳᠡᠯ᠎ᠡ ᠠᠪᠤᠭᠰᠠᠨ ᠬᠡᠮᠵᠢᠶᠡᠨ᠎ᠤ 60%᠎ᠠᠴᠠ ᠳᠡᠭᠡᠭᠰᠢᠬᠢ ᠵᠢ ᠡᠵᠡᠯᠡᠵᠦ᠂ 2020 ᠣᠨ᠎ᠤ ᠵᠠᠰᠠᠬᠤ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠪᠡ᠃ 2020 ᠣᠨ᠎ᠤ 10 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ 《ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠤᠨ ᠲᠣᠮᠣ ᠬᠡᠯᠪᠡᠷᠢ ᠵᠢᠨ ᠵᠠᠪᠰᠠᠷ᠎ᠤᠨ ᠭᠦᠢ᠍ᠬᠡᠨ ᠳᠠᠪᠬᠤᠷᠭ᠎ᠠ ᠵᠢᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠬᠡᠷᠡᠭᠯᠡᠭᠰᠡᠨ ᠣᠷᠣᠨ᠎ᠤ 2020 ᠣᠨ᠎ᠤ ᠱᠠᠳᠤᠴᠢ ᠴᠢᠨᠠᠷᠲᠠᠢ ᠬᠠᠷᠠᠯᠲᠠᠲᠤ ᠡᠭᠦᠷᠭᠡ ᠵᠢ ᠳ᠋ᠤᠭ᠋ᠠᠷ ᠬᠠᠰᠤᠬᠤ ᠲᠤᠬᠠᠢ ᠵᠠᠬᠢᠳᠠᠯ》 ᠎ᠪᠠᠷ ᠳ᠋ᠤᠭ᠋ᠠᠷ ᠬᠠᠰᠤᠵᠤ᠂ ᠬᠣᠷᠴᠢᠨ ᠲᠣᠭᠣᠷᠢᠭ᠎ᠤᠨ ᠭᠠᠵᠠᠷ ᠲᠤᠤᠷᠠᠬᠢ ᠤᠰᠤ ᠵᠢ ᠬᠡᠲᠦᠷᠡᠲᠡᠯ᠎ᠡ ᠠᠪᠤᠭᠰᠠᠨ ᠤᠷᠤᠨ᠎ᠨᠢ 2020 ᠣᠨ᠎ᠤ ᠵᠠᠰᠠᠬᠤ ᠬᠠᠷᠠᠯᠲᠠ ᠵᠢᠨ ᠱᠠᠭ᠋ᠠᠷᠳᠠᠯᠭ᠎ᠠ᠎ᠪᠠᠨ ᠪᠡᠶᠡᠯᠡᠬᠦᠯᠦᠭᠰᠡᠨ᠎ᠢ ᠨᠤᠲᠠᠯᠠᠨ   ᠲᠤᠭᠳᠠᠭ᠋ᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠠᠲᠤᠨ ᠭᠣᠣᠯ᠎ᠤᠨ ᠦᠬᠠᠢ ᠵᠢᠨ ᠬᠡᠰᠡᠭ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠥᠷᠨᠢᠭᠦᠯᠪᠡ
ᠰᠢᠯᠢ ᠵᠢᠨ ᠭᠣᠣᠯ᠄ ᠠᠶ᠋ᠢᠮᠠᠭ᠎ᠤᠨ ᠭᠣᠣᠯ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ᠂ ᠠᠶ᠋ᠢᠮᠠᠭ᠎ᠤᠨ ᠪᠠᠶ᠋ᠢᠴᠠᠭ᠋ᠠᠬᠤ ᠬᠤᠪᠢᠶᠠᠷᠢ ᠬᠣᠷᠢᠶ᠎ᠠ ᠬᠠᠮᠲᠤᠷᠠᠵᠤ ᠲᠠᠪᠤᠨ ᠬᠣᠰᠢᠭᠤ ᠰᠢᠶᠠᠨ᠎ᠤ ᠭᠣᠣᠯ ᠨᠠᠭᠤᠷ᠎ᠢ ᠬᠠᠮᠢᠶᠠᠷᠤᠨ ᠵᠠᠰᠠᠬᠤ《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠬᠢᠨᠠᠨ ᠵᠢᠯᠣᠭᠣᠳᠴᠤ ᠪᠠᠶ᠋ᠢᠴᠠᠭ᠋ᠠᠬᠤ ᠠᠵᠢᠯᠯᠠᠭ᠎ᠠ ᠥᠷᠨᠢᠭᠦᠯᠪᠡ
ᠬᠢᠩᠭ᠋ᠠᠨ ᠠᠶ᠋ᠢᠮᠠᠭ᠄ 《ᠤᠰᠤᠨ ᠠᠰᠢᠭᠯᠠᠯᠲᠠ + ᠵᠤᠭ᠋ᠠᠴᠠᠯ》᠎ᠤᠨ ᠰᠢᠨ᠎ᠡ ᠬᠠᠭᠤᠳᠠᠰᠤ ᠵᠢ ᠳᠠᠬᠢᠨᠲᠠ ᠨᠡᠭᠡᠭᠡᠵᠡᠢ
ᠬᠢᠩᠭ᠋ᠠᠨ ᠠᠶ᠋ᠢᠮᠠᠭ᠄ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ ᠥᠨᠳᠥᠷ ᠪᠠᠷᠢᠮᠵᠢᠶ᠎ᠠ᠎ᠪᠠᠷ ᠴᠢᠩᠭ᠎ᠠ ᠱᠠᠭ᠋ᠠᠷᠳᠠᠵᠤ ᠪᠠᠷᠢᠮᠵᠢᠶ᠎ᠠ᠎ᠳᠤ ᠬᠦᠷᠭᠡᠵᠦ ᠪᠤᠢ
ᠬᠢᠩᠭ᠋ᠠᠨ ᠠᠶ᠋ᠢᠮᠠᠭ᠄ ᠳᠤᠮᠳᠠᠳᠤ ᠵᠢᠨ ᠬᠦᠰᠡᠯ ᠵᠶ᠋ᠡᠨ ᠬᠠᠮᠲᠤ᠎ᠪᠠᠷ ᠪᠡᠶᠡᠯᠡᠬᠦᠯᠵᠦ᠂ ᠰᠫᠤᠷᠲ ᠵᠢᠨ ᠭᠤᠸ᠎ᠠ ᠰᠠᠶ᠋ᠢᠬᠠᠨ᠎ᠢ ᠢᠯᠡᠷᠡᠭᠦᠯᠦᠶ᠎ᠡ — ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ 《ᠳᠤᠮᠳᠠᠳᠤ ᠵᠢᠨ ᠬᠦᠰᠡᠯ ᠰᠫᠤᠷᠲ ᠵᠢᠨ ᠰᠠᠶ᠋ᠢᠬᠠᠨ》 ᠥᠲᠥᠨ ᠪᠥᠮᠪᠥᠭᠡ᠂ ᠫᠢᠩᠫᠤᠩ ᠪᠥᠮᠪᠥᠭᠡ ᠵᠢᠨ ᠤᠷᠤᠯᠳᠤᠭ᠋ᠠᠨ᠎ᠳᠤ ᠤᠷᠤᠯᠴᠠᠪᠠ
 
            