11 ᠰᠠᠷ᠎ᠠ ᠵᠢᠨ 13᠎ᠤ ᠦᠳᠡ ᠵᠢᠨ ᠡᠮᠦᠨ᠎ᠡ᠂ ᠲᠦᠩᠯᠢᠶᠣᠣ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠠᠵᠢᠯᠴᠢᠨ᠎ᠤ ᠡᠪᠯᠡᠯ ᠪᠠᠶ᠋ᠢᠭᠤᠯᠤᠭᠳᠠᠭᠰᠠᠨ ᠶᠡᠬᠡ ᠬᠤᠷᠠᠯ ᠵᠢᠴᠢ ᠠᠩᠬᠠᠳᠤᠭ᠋ᠠᠷ ᠤᠳᠠᠭ᠎ᠠ ᠵᠢᠨ ᠲᠥᠯᠥᠭᠡᠯᠡᠭᠴᠢᠳ᠎ᠤᠨ ᠶᠡᠬᠡ ᠬᠤᠷᠠᠯ ᠥᠪᠡᠳᠡᠭᠰᠢ ᠶᠡᠬᠡ᠎ᠪᠠᠷ ᠬᠤᠷᠠᠯᠳᠤᠪᠠ᠃ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢᠦᠢ ᠴᠢᠩ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ ᠰᠢ ᠹᠦ᠋ ᠬᠤᠷᠠᠯ᠎ᠳᠤ ᠣᠷᠣᠯᠴᠠᠪᠠ᠃ ᠠᠵᠢᠯᠴᠢᠨ᠎ᠤ ᠡᠪᠯᠡᠯ᠎ᠤᠨ ᠲᠥᠯᠥᠭᠡᠯᠡᠭᠴᠢ 49 ᠬᠥᠮᠦᠨ ᠬᠤᠷᠠᠯ᠎ᠳᠤ ᠣᠷᠣᠯᠴᠠᠪᠠ᠃
ᠶᠡᠬᠡ ᠬᠤᠷᠠᠯ᠎ᠨᠢ ᠪᠢᠯᠧᠲ ᠥᠭᠬᠦ᠎ᠪᠠᠷ ᠳᠠᠮᠵᠢᠨ ᠵᠠᠩ ᠰᠢ ᠹᠦ᠋᠂ ᠸᠠᠩ ᠬᠠᠢ ᠶᠢᠩ᠂ ᠯᠢᠦ ᠵᠢᠶᠦ᠋ᠨ᠂ ᠴᠢ ᠰᠢᠶᠠᠨ ᠰᠢᠶᠠᠨ᠂ ᠰᠦᠨ ᠯᠢᠶᠠᠨ ᠳ᠋ᠸ᠂ ᠯᠢᠦ ᠳ᠋ᠸ ᠵᠢᠶᠦ᠋ᠨ᠂ ᠶᠢᠨ ᠢᠦᠢ ᠴᠢ᠂ ᠯᠢ ᠮᠧᠩ ᠱᠤᠸᠠᠩ᠂ ᠸᠠᠩ ᠸᠧᠢ ᠵᠡᠷᠭᠡ ᠶᠢᠰᠦᠨ ᠨᠥᠬᠥᠷ᠎ᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠠᠵᠢᠯᠴᠢᠨ᠎ᠤ ᠡᠪᠯᠡᠯ᠎ᠤᠨ ᠭᠡᠰᠢᠭᠦᠨ ᠵᠶ᠋ᠡᠷ ᠰᠣᠩᠭᠣᠪᠠ᠂ ᠡᠬᠦᠨ᠎ᠳᠤ ᠵᠠᠩ ᠰᠢ ᠹᠦ᠋ ᠨᠥᠬᠥᠷ᠎ᠢ ᠠᠵᠢᠯᠴᠢᠨ᠎ᠤ ᠡᠪᠯᠡᠯ᠎ᠤᠨ ᠲᠡᠷᠢᠭᠦᠯᠡᠭᠴᠢ᠎ᠪᠠᠷ ᠰᠤᠩᠭᠤᠵᠤ᠂ ᠸᠠᠩ ᠬᠠᠢ ᠶᠢᠩ ᠨᠦᠬᠦᠷ᠎ᠢ ᠲᠡᠳ᠋ ᠲᠡᠷᠢᠬᠦᠯᠡᠭᠴᠢ᠎ᠪᠠᠷ ᠰᠣᠩᠭᠣᠪᠠ᠃
ᠯᠢᠦ ᠵᠢᠶᠦ᠋ᠨ᠂ ᠳ᠋ᠤᠸᠠᠨ ᠯᠢ ᠫᠢᠩ᠂ ᠡᠦ ᠸᠸᠨ᠂ ᠸᠠᠩ ᠼᠧ᠂ ᠯᠢᠶᠠᠩ ᠪᠦᠸᠧ᠂ ᠯᠢ ᠹᠦ᠋ ᠴᠢᠤᠸᠠᠨ᠂ ᠵᠣᠣ ᠺᠦᠨ ᠯᠢ ᠵᠢ ᠵᠠᠷᠤᠳᠠᠯ᠎ᠢ ᠬᠢᠨᠠᠨ ᠪᠠᠶ᠋ᠢᠴᠠᠭ᠋ᠠᠬᠤ ᠺᠣᠮᠢᠰ᠎ᠤᠨ ᠭᠡᠰᠢᠭᠦᠨ ᠵᠶ᠋ᠡᠷ ᠰᠤᠩᠭᠤᠵᠤ᠂ ᠡᠬᠦᠨ᠎ᠳᠤ ᠯᠢᠦ ᠵᠢᠶᠦ᠋ᠨ ᠨᠦᠬᠦᠷ᠎ᠢ ᠵᠠᠷᠤᠳᠠᠯ᠎ᠢ ᠬᠢᠨᠠᠨ ᠪᠠᠶ᠋ᠢᠴᠠᠭ᠋ᠠᠬᠤ ᠺᠣᠮᠢᠰ᠎ᠤᠨ ᠡᠷᠬᠢᠯᠡᠭᠴᠢ᠎ᠪᠠᠷ ᠰᠣᠩᠭᠣᠪᠠ᠃
ᠴᠢ ᠰᠢᠶᠠᠨ ᠰᠢᠶᠠᠨ᠂ ᠯᠢ ᠱᠤ᠌ ᠭᠤᠸᠠᠩ᠂ ᠯᠢᠦ ᠰᠢᠶᠣᠤ ᠮᠧᠢ᠂ ᠮᠠ ᠵᠢᠨ ᠵᠢᠨ᠂ ᠵᠧᠦ ᠭᠤᠸᠠᠩ ᠬᠤᠢ ᠵᠢ ᠡᠮᠡᠭᠲᠡᠢ ᠠᠵᠢᠯᠲᠠᠨ ᠠᠵᠢᠯᠴᠢᠨ᠎ᠤ ᠵᠥᠪᠯᠡᠯ᠎ᠤᠨ ᠭᠡᠰᠢᠭᠦᠨ ᠵᠶ᠋ᠡᠷ ᠰᠣᠩᠭᠣᠵᠤ᠂ ᠡᠭᠦᠨ᠎ᠳᠤ ᠴᠢ ᠰᠢᠶᠠᠨ ᠰᠢᠶᠠᠨ ᠨᠥᠬᠥᠷ᠎ᠢ ᠡᠮᠡᠭᠲᠡᠢ ᠠᠵᠢᠯᠲᠠᠨ ᠠᠵᠢᠯᠴᠢᠨ᠎ᠤ ᠵᠥᠪᠯᠡᠯ᠎ᠤᠨ ᠡᠷᠬᠢᠯᠡᠭᠴᠢ᠎ᠪᠠᠷ ᠰᠣᠩᠭᠣᠪᠠ᠃
ᠰᠢᠨ᠎ᠡ᠎ᠪᠠᠷ ᠰᠣᠩᠭᠣᠭᠳᠠᠭᠰᠠᠨ ᠲᠦᠩᠯᠢᠶᠣᠤ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠵᠢᠨ ᠠᠩᠬᠠᠳᠤᠭ᠋ᠠᠷ ᠬᠤᠭᠤᠴᠠᠭ᠋ᠠᠨ᠎ᠤ ᠠᠵᠢᠯᠴᠢᠨ᠎ᠤ ᠡᠪᠯᠡᠯ᠎ᠤᠨ ᠲᠡᠷᠢᠭᠦᠯᠡᠭᠴᠢ ᠵᠠᠩ ᠰᠢ ᠹᠦ᠋ ᠨᠥᠬᠥᠷ ᠤᠪᠤᠷ ᠵᠶ᠋ᠠᠨ ᠢᠯᠡᠳᠬᠡᠵᠦ᠂ ᠬᠣᠶ᠋ᠢᠰᠢᠳᠠ ᠵᠢᠨ ᠠᠵᠢᠯᠴᠢᠨ᠎ᠤ ᠡᠪᠯᠡᠯ᠎ᠤᠨ ᠡᠯ᠎ᠡ ᠵᠦᠢ᠍ᠯ᠎ᠤᠨ ᠠᠵᠢᠯ᠎ᠤᠨ ᠳᠤᠮᠳᠠ᠎ᠪᠠᠨ 《ᠠᠵᠢᠯᠴᠢᠨ᠎ᠤ ᠡᠪᠯᠡᠯ᠎ᠤᠨ ᠬᠠᠤᠯᠢ》 ᠂ 《ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠳᠦᠷᠢᠮ》 ᠠᠴᠠ ᠣᠯᠭᠣᠭᠰᠠᠨ ᠡᠷᠬᠡ ᠠᠰᠢᠭ ᠪᠠ ᠡᠭᠦᠷᠭᠡ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠦᠨᠡᠨ ᠬᠦ᠌ ᠡᠷᠬᠡ᠎ᠪᠠᠨ ᠬᠠᠮᠠᠭ᠋ᠠᠯᠠᠵᠤ᠂ ᠦᠷᠭᠡᠨ ᠤᠯᠠᠨ ᠠᠵᠢᠯᠳᠠᠳ ᠵᠶ᠋ᠡᠨ ᠪᠦᠯᠬᠦᠮᠳᠡᠬᠦᠯᠦᠨ ᠲᠠᠭ᠋ᠠᠭᠤᠯᠵᠤ ᠲᠤᠪᠴᠢᠶᠠᠨ᠎ᠤ ᠪᠠᠢ᠌ᠭᠤᠯᠭ᠎ᠠ ᠵᠢᠨ ᠠᠷᠠᠳᠴᠢᠯᠠᠭᠰᠠᠨ ᠬᠠᠮᠢᠶᠠᠷᠤᠯᠳᠠ᠎ᠳᠤ ᠤᠷᠤᠯᠴᠠᠵᠤ᠂ ᠪᠦᠬᠦ ᠬᠤᠳᠠ ᠵᠢᠨ ᠤᠰᠤᠨ᠎ᠤ ᠶᠠᠪᠤᠳᠠᠯ᠎ᠤᠨ ᠠᠵᠢᠯ ᠪᠠ ᠪᠠᠢ᠌ᠭᠤᠯᠭ᠎ᠠ ᠵᠢᠨ ᠪᠠᠢ᠌ᠭᠤᠯᠤᠯᠳᠠ᠎ᠳᠤ ᠬᠦᠴᠦᠨ ᠨᠡᠮᠡᠷᠢᠯᠡᠵᠦ᠂ ᠠᠵᠢᠯᠴᠢᠨ᠎ᠤ ᠡᠪᠯᠡᠯ᠎ᠤᠨ ᠡᠬᠦᠷᠭᠡ ᠴᠢᠳᠠᠪᠤᠷᠢ᠎ᠪᠠᠨ ᠬᠠᠮᠤᠭ ᠶᠡᠬᠡ ᠬᠡᠮᠵᠢᠶ᠎ᠡ᠎ᠪᠠᠷ ᠪᠠᠳᠠᠷᠠᠭᠤᠯᠤᠨ᠂ ᠤᠰᠤᠨ᠎ᠤ ᠶᠠᠪᠤᠳᠠᠯ᠎ᠤᠨ ᠲᠤᠪᠴᠢᠶᠠᠨ᠎ᠤ ᠠᠵᠢᠯᠴᠢᠨ᠎ᠤ ᠡᠪᠯᠡᠯ᠎ᠢ ᠪᠦᠬᠦ ᠠᠵᠢᠯᠳᠠᠳ᠎ᠤᠨ ᠲᠤᠯᠠᠭ᠋ᠠᠨ ᠭᠡᠷ ᠪᠦᠯᠢ ᠪᠤᠯᠭ᠋ᠠᠬᠤ᠎ᠪᠠᠷ ᠴᠢᠷᠮᠠᠢ᠌ᠨ᠎ᠠ ᠭᠡᠵᠡᠢ᠃
ᠶᠡᠬᠡ ᠬᠤᠷᠠᠯ᠎ᠤᠨ ᠬᠠᠮᠤᠭ ᠰᠡᠭᠦᠯ᠎ᠳᠤ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠵᠠᠩ ᠢᠦᠢ ᠴᠢᠩ ᠲᠣᠪᠴᠢᠶᠠᠨ ᠳᠠᠷᠤᠭ᠎ᠠ ᠲᠤᠰ ᠤᠳᠠᠭ᠋ᠠᠨ᠎ᠤ ᠶᠡᠬᠡ ᠬᠤᠷᠠᠯ᠎ᠤᠨ ᠲᠡᠭᠦᠰ ᠠᠮᠵᠢᠯᠲᠠ ᠣᠯᠤᠭᠰᠠᠨ᠎ᠳᠤ ᠪᠠᠶᠠᠷ ᠬᠦᠷᠭᠡᠭᠰᠡᠨ ᠪᠥᠭᠡᠳ ᠳᠠᠷᠠᠭ᠋ᠠᠴᠢ ᠵᠢᠨ ᠠᠯᠬᠤᠮ᠎ᠳᠤ ᠠᠵᠢᠯᠴᠢᠨ᠎ᠤ ᠡᠪᠯᠡᠯ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠭᠤᠷᠪᠠᠨ ᠱᠠᠭ᠋ᠠᠷᠳᠠᠯᠭ᠎ᠠ ᠳᠤᠷᠠᠳᠪᠠ ᠄ ᠨᠢᠭᠡ᠎ᠳᠤ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠡᠷᠡᠰ ᠭᠤᠶ᠋ᠢᠪᠢᠰᠢ ᠥᠬᠡᠢ᠎ᠪᠠᠷ ᠲᠤᠤᠱᠯᠠᠭᠤᠯᠤᠨ ᠬᠡᠷᠡᠭᠵᠢᠭᠦᠯᠵᠦ᠂ ᠲᠣᠪᠴᠢᠶᠠᠨ᠎ᠤ ᠪᠠᠶ᠋ᠢᠭᠤᠯᠭ᠎ᠠ ᠵᠢᠨ ᠠᠵᠢᠯᠴᠢᠨ᠎ᠤ ᠡᠪᠯᠡᠯ᠎ᠤᠨ ᠭᠡᠰᠢᠬᠦᠳᠢ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠣᠷᠢᠨ᠎ᠳᠤ ᠪᠦᠯᠬᠦᠮᠳᠡᠭᠦᠯᠬᠦ᠎ᠪᠠᠷ ᠴᠢᠷᠮᠠᠢ᠌ᠬᠤ ᠬᠡᠷᠡᠭᠲᠡᠢ; ᠬᠣᠶᠠᠷ᠎ᠲᠤ ᠠᠵᠢᠯᠴᠢᠨ᠎ᠤ ᠡᠪᠯᠡᠯ᠎ᠤᠨ ᠲᠤᠰᠢᠶᠠᠯ ᠬᠠᠷᠢᠭᠤᠴᠠᠯᠭ᠎ᠠ᠎ᠪᠠᠨ ᠪᠦᠬᠦ ᠲᠠᠯ᠎ᠠ᠎ᠪᠠᠷ ᠭᠦᠢ᠍ᠴᠡᠳᠬᠡᠵᠦ᠂ ᠪᠠᠶ᠋ᠢᠭᠤᠯᠭ᠎ᠠ ᠵᠢᠨ ᠺᠠᠳ᠋ᠷ ᠠᠵᠢᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ; ᠭᠤᠷᠪᠠ᠎ᠳᠤ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠎ᠪᠠᠷ ᠭᠣᠣᠯᠳᠠᠯᠭ᠎ᠠ ᠪᠣᠯᠭ᠋ᠠᠵᠤ᠂ ᠡᠷᠡᠭᠦᠯ ᠥᠭᠡᠳᠡᠷᠬᠡᠭ ᠰᠠᠶ᠋ᠢᠨ ᠰᠠᠶ᠋ᠢᠬᠠᠨ ᠠᠵᠢᠯ᠎ᠤᠨ ᠣᠷᠴᠢᠨ ᠲᠣᠭᠣᠷᠢᠨ᠎ᠢ ᠴᠢᠷᠮᠠᠶ᠋ᠢᠨ ᠪᠣᠢ ᠪᠣᠯᠭ᠋ᠠᠵᠤ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠡᠯ᠎ᠡ ᠵᠦᠢ᠍ᠯ᠎ᠤᠨ ᠠᠵᠢᠯ᠎ᠢ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠪᠠᠢ᠌ᠯᠭ᠋ᠠᠬᠤ ᠵᠢ ᠠᠬᠢᠭᠤᠯᠬᠤ ᠬᠡᠷᠡᠭᠲᠡᠢ ᠭᠡᠪᠡ᠃