ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠣᠣᠯ᠄ ᠠᠶ᠋ᠢᠮᠠᠭ᠎ᠤᠨ ᠭᠣᠣᠯ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ᠂ ᠠᠶ᠋ᠢᠮᠠᠭ᠎ᠤᠨ ᠪᠠᠶ᠋ᠢᠴᠠᠭ᠋ᠠᠬᠤ ᠬᠤᠪᠢᠶᠠᠷᠢ ᠬᠣᠷᠢᠶ᠎ᠠ ᠬᠠᠮᠲᠤᠷᠠᠵᠤ ᠲᠠᠪᠤᠨ ᠬᠣᠰᠢᠭᠤ ᠰᠢᠶᠠᠨ᠎ᠤ ᠭᠣᠣᠯ ᠨᠠᠭᠤᠷ᠎ᠢ ᠬᠠᠮᠢᠶᠠᠷᠤᠨ ᠵᠠᠰᠠᠬᠤ《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠬᠢᠨᠠᠨ ᠵᠢᠯᠣᠭᠣᠳᠴᠤ ᠪᠠᠶ᠋ᠢᠴᠠᠭ᠋ᠠᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2020-12-23

      《ᠰᠢᠯᠢ ᠵᠢᠨ ᠭᠣᠣᠯ ᠠᠶ᠋ᠢᠮᠠᠭ᠎ᠤᠨ 2020 ᠣᠨ᠎ᠤ ᠭᠣᠣᠯ ᠨᠠᠭᠤᠷ᠎ᠢ ᠵᠠᠰᠠᠨ ᠴᠡᠭᠴᠡᠯᠡᠬᠦ 〈ᠨᠠᠮᠤᠷ᠎ᠤᠨ ᠤᠯᠠᠷᠢᠯ〉᠎ᠤᠨ ᠠᠵᠢᠯᠯᠠᠭ᠎ᠠ ᠵᠢᠨ ᠲᠦᠰᠦᠪ》 ᠎ᠤᠨ ᠱᠠᠭ᠋ᠠᠷᠳᠠᠯᠭ᠎ᠠ ᠶᠣᠰᠣᠭ᠋ᠠᠷ 11 ᠰᠠᠷ᠎ᠠ ᠵᠢᠨ 9᠎ᠠᠴᠠ 11᠎ᠤ ᠡᠳᠦᠷ ᠪᠣᠯᠲᠠᠯ᠎ᠠ᠂ ᠠᠶ᠋ᠢᠮᠠᠭ᠎ᠤᠨ ᠭᠣᠣᠯ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ ᠪᠠ ᠠᠶ᠋ᠢᠮᠠᠭ᠎ᠤᠨ ᠪᠠᠶ᠋ᠢᠴᠠᠭ᠋ᠠᠬᠤ ᠬᠤᠪᠢᠶᠠᠷᠢ ᠬᠣᠷᠢᠶ᠎ᠠ ᠵᠢᠨ   ᠬᠠᠮᠳᠤᠷᠠᠭᠰᠠᠨ ᠬᠢᠨᠠᠨ ᠵᠢᠯᠣᠭᠣᠳᠬᠤ ᠳᠤᠭᠤᠶ᠋ᠢᠯᠠᠩ 《ᠲᠦᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠴᠡᠪᠡᠷᠯᠡᠬᠦ》 ᠴᠡᠭᠴᠡᠯᠡᠨ ᠵᠠᠰᠠᠬᠤ ᠪᠠᠢ᠌ᠩᠭᠤᠵᠢᠭᠰᠠᠨ ᠵᠢᠷᠤᠮᠵᠢᠭᠰᠡᠨ ᠠᠵᠢᠯ᠎ᠲᠠᠢ ᠤᠶᠠᠯᠳᠤᠭᠤᠯᠵᠤ᠂ ᠰᠢᠯᠢ ᠵᠢᠨ ᠬᠣᠲᠠ᠂ ᠰᠢᠯᠤᠭᠤᠨ ᠴᠠᠭ᠋ᠠᠨ ᠬᠣᠰᠢᠭᠤ᠂ ᠲᠠᠶ᠋ᠢᠪᠤᠰᠧ ᠬᠣᠰᠢᠭᠤ᠂ ᠰᠥᠨᠢᠳ ᠵᠡᠭᠦᠨ ᠬᠣᠰᠢᠭᠤ᠂ ᠠᠪᠠᠭ᠎ᠠ ᠬᠤᠰᠢᠭᠤ ᠵᠡᠷᠭᠡ ᠲᠠᠪᠤᠨ ᠬᠤᠰᠢᠭᠤ ᠰᠢᠶᠠᠨ ᠬᠤᠳᠠ᠎ᠳᠤ ᠬᠦᠨᠵᠡᠭᠡᠢ᠌ᠷᠡᠨ᠂ ᠭᠤᠤᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠦᠷᠨᠢᠬᠦᠯᠦᠭᠰᠡᠨ ᠪᠠᠢ᠌ᠳᠠᠯ᠎ᠢ ᠬᠢᠨᠠᠨ ᠵᠢᠯᠤᠭᠤᠳᠴᠤ᠂ 《ᠲᠦᠷᠪᠡᠨ ᠵᠠᠮᠪᠠᠷᠠᠭ᠎ᠠ ᠦᠭᠡᠢ ᠪᠠᠢ᠌ᠳᠠᠯ》 ᠎ᠢ ᠴᠡᠭᠴᠡᠯᠡᠨ ᠵᠠᠰᠠᠭᠰᠠᠨ ᠪᠠᠢ᠌ᠳᠠᠯ᠎ᠢ ᠲᠤᠬᠠᠢ ᠵᠢᠨ ᠲᠠᠯᠠᠪᠠᠢ᠎ᠳᠤ ᠪᠠᠢ᠌ᠴᠠᠭ᠋ᠠᠨ ᠦᠵᠡᠪᠡ᠃
      ᠬᠢᠨᠠᠨ ᠵᠢᠯᠤᠭᠤᠳᠬᠤ ᠲᠤᠭᠤᠢ᠌ᠯᠠᠩ ᠯᠢᠨ ᠵᠢᠶᠸ ᠽᠦᠨ ᠾᠸ (ᠲᠠᠶ᠋ᠢᠪᠤᠰᠧ ᠬᠣᠰᠢᠭᠤ ᠪᠤᠯᠤᠨ ᠰᠢᠯᠤᠭᠤᠨ ᠴᠠᠭ᠋ᠠᠨ ᠬᠤᠰᠢᠭᠤᠨ᠎ᠤ ᠵᠠᠭ᠋ᠠᠭ)᠂ ᠪᠤᠤ ᠴᠠᠩ ᠾᠸ (ᠲᠠᠶ᠋ᠢᠪᠤᠰᠧ   ᠬᠤᠰᠢᠭᠤᠨ᠎ᠤ ᠬᠤᠳᠠ ᠵᠢᠨ ᠲᠤᠭᠤᠷᠢᠭ᠎ᠤᠨ ᠬᠡᠰᠡᠭ)᠂ ᠢ ᠾᠸ ᠽᠦᠨ ᠾᠸ (ᠰᠢᠯᠤᠭᠤᠨ ᠴᠠᠭ᠋ᠠᠨ ᠬᠤᠰᠢᠭᠤᠨ᠎ᠤ ᠰᠢᠩ ᠶᠤᠤ ᠪᠠᠯᠭ᠋ᠠᠰᠤᠨ᠎ᠤ ᠬᠡᠰᠡᠭ)  ᠂   ᠪᠠᠢ ᠴᠢ ᠾᠸᠤ ᠾᠸ (ᠰᠢᠯᠤᠭᠤᠨ ᠴᠠᠭ᠋ᠠᠨ ᠬᠤᠰᠢᠭᠤᠨ᠎ᠤ ᠬᠤᠳᠠ ᠵᠢᠨ ᠲᠤᠭᠤᠷᠢᠭ᠎ᠤᠨ ᠬᠡᠰᠡᠭ)᠂ ᠪᠤᠷᠭ᠋ᠠᠰᠤᠳᠤ ᠭᠤᠤᠯ (ᠰᠢᠯᠤᠭᠤᠨ ᠴᠠᠭ᠋ᠠᠨ ᠬᠤᠰᠢᠭᠤᠨ᠎ᠤ ᠤᠯᠠᠭ᠋ᠠᠨᠴᠠᠪ ᠰᠤᠮᠤ ᠵᠢᠨ ᠬᠡᠰᠡᠭ)᠂ ᠨᠤᠭᠤᠰᠤᠳᠠᠢ ᠭᠤᠤᠯ (ᠰᠦᠨᠢᠳ ᠵᠡᠬᠦᠨ ᠬᠤᠰᠢᠭᠤᠨ᠎ᠤ ᠪᠠᠶᠠᠨᠨᠠᠭᠤᠷ ᠪᠠᠯᠭ᠋ᠠᠰᠤᠨ᠎ᠤ ᠬᠡᠰᠡᠭ)᠂ ᠡᠩᠭᠡᠷᠭᠤᠤᠯ (ᠰᠦᠨᠢᠳ ᠵᠡᠬᠦᠨ ᠬᠤᠰᠢᠭᠤᠨ᠎ᠤ ᠪᠠᠶᠠᠨᠨᠠᠭᠤᠷ ᠪᠠᠯᠭ᠋ᠠᠰᠤᠨ᠎ᠤ ᠬᠡᠰᠡᠭ)᠂ ᠭᠤᠭᠤᠰᠤᠳᠠᠢ ᠭᠤᠤᠯ (ᠠᠪᠠᠭ᠎ᠠ ᠬᠤᠰᠢᠭᠤᠨ᠎ᠤ ᠴᠠᠭ᠋ᠠᠨᠨᠠᠭᠤᠷ ᠪᠠᠯᠭ᠋ᠠᠰᠤᠨ᠎ᠤ ᠬᠡᠰᠡᠭ)᠂ ᠬᠦᠢ᠍ᠳᠡᠨ ᠭᠤᠤᠯ (ᠠᠪᠠᠭ᠎ᠠ ᠬᠤᠰᠢᠭᠤᠨ᠎ᠤ ᠬᠤᠩᠭᠤᠷᠭᠤᠤᠯ ᠪᠠᠯᠭ᠋ᠠᠰᠤᠨ᠎ᠤ ᠬᠡᠰᠡᠭ)᠂ ᠰᠢᠯᠢ ᠵᠢᠨ ᠭᠤᠤᠯ (ᠰᠢᠯᠢᠩᠬᠤᠳᠠ ᠵᠢᠨ ᠶᠢᠰᠦᠨ ᠨᠤᠭᠤᠷᠠᠯ᠎ᠤᠨ ᠬᠡᠰᠡᠭ) ᠵᠡᠷᠭᠡ ᠠᠷᠪᠠᠨ ᠵᠤᠷᠪᠤᠰ ᠭᠤᠤᠯ ᠮᠦᠷᠡᠨ ᠪᠠ ᠵᠢᠦ ᠯᠢᠶᠠᠨ ᠴᠸᠩ ᠨᠠᠭᠤᠷ᠂ ᠠᠯᠳᠠᠨ ᠭᠠᠳᠠᠰᠤ ᠨᠠᠭᠤᠷ᠂ ᠤᠯᠠᠭ᠋ᠠᠨ ᠨᠠᠭᠤᠷ᠂ ᠪᠠᠶᠠᠨᠨᠠᠭᠤᠷ᠂ ᠪᠤᠯᠤᠩ ᠴᠠᠭ᠋ᠠᠨ ᠨᠠᠭᠤᠷ᠂ ᠲᠦᠬᠦᠮ᠎ᠤᠨ ᠭᠤᠪᠢ ᠨᠠᠭᠤᠷ᠂ ᠪᠠᠷᠠᠭᠤᠨ ᠴᠠᠭ᠋ᠠᠨ ᠨᠠᠭᠤᠷ᠂ ᠬᠠᠶᠢ ᠵᠢᠨ ᠪᠠᠷᠠᠭᠤᠨ ᠭᠤᠪᠢ ᠨᠠᠭᠤᠷ ᠵᠡᠷᠭᠡ ᠨᠠᠢ᠍ᠮᠠᠨ ᠨᠠᠭᠤᠷ ᠴᠦᠬᠦᠷᠦᠮ᠎ᠢ ᠰᠤᠭᠤᠴᠢᠨ ᠪᠠᠢ᠌ᠴᠠᠭ᠋ᠠᠪᠠ᠃ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠦᠵᠡᠭᠰᠡᠨ ᠵᠶ᠋ᠡᠷ ᠡᠳᠡᠭᠡᠷ ᠭᠤᠤᠯ ᠮᠦᠷᠡᠨ ᠨᠠᠭᠤᠷ ᠴᠦᠬᠦᠷᠦᠮ᠎ᠤᠨ ᠦᠩᠭᠡ ᠲᠦᠷᠬᠦ ᠦᠷᠬᠦᠯᠵᠢᠯᠡᠨ ᠰᠠᠢ᠌ᠵᠢᠷᠠᠵᠤ ᠪᠠᠢ᠌ᠬᠤ ᠵᠢ ᠤᠢ᠌ᠯᠠᠭ᠋ᠠᠪᠠ᠃

ᠵᠢᠷᠤᠭ᠄ ᠬᠦᠢ᠍ᠲᠡᠨ ᠭᠣᠣᠯ (ᠠᠪᠠᠭ᠎ᠠ ᠬᠤᠰᠢᠭᠤᠨ᠎ᠤ ᠬᠡᠰᠡᠭ)᠎ᠤᠨ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠬᠡᠷᠡᠭᠵᠢᠬᠦᠯᠵᠦ ᠪᠠᠶ᠋ᠢᠭ᠎ᠠ ᠪᠠᠶ᠋ᠢᠳᠠᠯ᠎ᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠦᠵᠡᠪᠡ

      ᠬᠢᠨᠠᠨ ᠵᠢᠯᠣᠭᠣᠳᠬᠤ ᠬᠤᠭᠤᠴᠠᠭ᠋ᠠᠨ᠎ᠳᠤ ᠬᠢᠨᠠᠨ ᠵᠢᠯᠣᠭᠣᠳᠬᠤ ᠳᠤᠭᠤᠶ᠋ᠢᠯᠠᠩ ᠡᠯ᠎ᠡ ᠭᠠᠵᠠᠷ᠎ᠤᠨ᠎ᠬᠢᠨ ᠡᠷᠬᠡᠪᠰᠢ ᠤᠯᠤᠰ ᠲᠥᠷᠥ ᠵᠢᠨ ᠵᠤᠭᠰᠤᠴᠠ᠎ᠪᠠᠨ ᠲᠡᠭᠡᠭᠰᠢᠯᠡᠬᠦᠯᠵᠦ᠂ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠤ᠂ ᠵᠤᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠬᠠᠷᠠᠯᠲᠠ ᠪᠣᠯᠤᠨ ᠠᠵᠢᠯ᠎ᠤᠨ ᠡᠭᠦᠷᠭᠡ᠎ᠪᠠᠨ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠭᠣᠣᠯ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠯ᠎ᠡ ᠬᠠᠷᠢᠭᠤᠴᠠᠯᠭ᠋ᠠᠲᠤ ᠰᠠᠯᠠᠭ᠎ᠠ ᠮᠥᠴᠢᠷ ᠪᠣᠯᠤᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠵᠢᠯᠴᠠᠭ᠎ᠠ ᠵᠢᠴᠢ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠠᠵᠢᠯ᠎ᠢ ᠴᠢᠩᠭ᠋ᠠᠷᠠᠭᠤᠯᠵᠤ᠂ ᠭᠤᠤᠯ᠎ᠤᠨ ᠳᠠᠷᠤᠭ᠎ᠠ ᠵᠢᠨ ᠳᠦᠷᠢᠮ᠎ᠤᠨ ᠠᠵᠢᠯ ᠪᠣᠯᠤᠨ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ᠂ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢ ᠪᠦᠳᠦᠮᠵᠢᠳᠡᠢ ᠵᠤᠯᠭ᠋ᠠᠯᠴᠠᠭᠤᠯᠵᠤ᠂ ᠭᠤᠤᠯ ᠨᠠᠭᠤᠷ᠎ᠤᠨ ᠬᠠᠮᠢᠶᠠᠷᠤᠯᠳᠠ ᠬᠠᠮᠠᠭ᠋ᠠᠯᠠᠯᠳᠠ ᠵᠢᠨ ᠨᠡᠢ᠌ᠯᠡᠯ ᠬᠦᠴᠦᠨ᠎ᠢ ᠪᠦᠷᠢᠯᠳᠦᠬᠦᠯᠬᠦ ᠬᠡᠷᠡᠭᠲᠡᠢ᠃ ᠤᠨᠴᠠᠭ᠋ᠠᠢ᠌ᠯᠠᠨ ᠬᠤᠳᠠ ᠪᠠᠯᠭ᠋ᠠᠰᠤ ᠵᠢᠴᠢ ᠲᠡᠬᠦᠨ᠎ᠤ ᠤᠷᠴᠢᠨ ᠲᠤᠭᠤᠷᠢᠨ ᠪᠤᠯᠤᠨ ᠭᠠᠴᠠᠭ᠎ᠠ ᠲᠤᠰᠬᠤᠨ᠎ᠤ ᠬᠡᠰᠡᠭ᠎ᠤᠨ ᠭᠤᠤᠯ ᠨᠠᠭᠤᠷ᠎ᠤᠨ ᠬᠠᠮᠢᠶᠠᠷᠤᠯᠳᠠ ᠬᠠᠮᠠᠭ᠋ᠠᠯᠠᠯᠳᠠ ᠵᠢᠨ ᠬᠦᠴᠦᠯᠡᠴᠡ᠎ᠪᠠᠨ ᠶᠡᠬᠡᠪᠡᠷ ᠡᠷᠴᠢᠮᠵᠢᠬᠦᠯᠵᠦ᠂ ᠤᠰᠤ ᠦᠭᠡᠢ ᠭᠤᠤᠯ ᠨᠠᠭᠤᠷ᠎ᠤᠨ ᠬᠠᠮᠢᠶᠠᠷᠤᠯᠳᠠ ᠬᠠᠮᠠᠭ᠋ᠠᠯᠠᠯᠳᠠ᠎ᠪᠠᠨ ᠭᠤᠤᠯᠳᠠᠯᠭ᠎ᠠ᠎ᠲᠠᠢ ᠴᠢᠩᠭ᠋ᠠᠳᠬᠠᠵᠤ᠂ ᠭᠤᠤᠯ ᠨᠠᠭᠤᠷ᠎ᠤᠨ ᠠᠰᠢᠭ᠎ᠢ ᠲᠦᠯᠬᠢᠨ ᠠᠬᠢᠭᠤᠯᠬᠤ ᠵᠢ ᠱᠠᠭ᠋ᠠᠷᠳᠠᠪᠠ᠃ ᠣᠨᠴᠠᠭ᠋ᠠᠶ᠋ᠢᠯᠠᠨ ᠬᠣᠲᠠ ᠪᠠᠯᠭ᠋ᠠᠰᠤ ᠵᠢᠴᠢ ᠲᠡᠭᠦᠨ᠎ᠤ ᠡᠷᠭᠢᠨ ᠲᠣᠭᠣᠷᠢᠨ ᠪᠣᠯᠤᠨ ᠭᠠᠴᠠᠭ᠎ᠠ ᠲᠣᠰᠬᠣᠨ᠎ᠤ ᠬᠡᠰᠡᠭ᠎ᠤᠨ ᠭᠣᠣᠯ ᠨᠠᠭᠤᠷ᠎ᠢ ᠬᠠᠮᠢᠶᠠᠷᠴᠤ ᠬᠠᠮᠠᠭ᠋ᠠᠯᠠᠬᠤ ᠡᠷᠴᠢᠮ᠎ᠢ     ᠬᠦᠴᠦᠲᠡᠢ ᠠᠬᠢᠭᠤᠯᠵᠤ᠂ ᠤᠰᠤ ᠦᠭᠡᠢ ᠭᠣᠣᠯ ᠨᠠᠭᠤᠷ᠎ᠢ ᠬᠠᠮᠢᠶᠠᠷᠴᠤ ᠬᠠᠮᠠᠭ᠋ᠠᠯᠠᠬᠤ ᠠᠵᠢᠯ᠎ᠢ ᠭᠣᠣᠯᠳᠠᠯᠭ᠎ᠠ᠎ᠲᠠᠢ ᠴᠢᠩᠭ᠋ᠠᠳᠬᠠᠵᠤ᠂ ᠭᠣᠣᠯ ᠨᠠᠭᠤᠷ᠎ᠤᠨ《ᠲᠦᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠴᠡᠪᠡᠷᠯᠡᠬᠦ》 ᠵᠢ ᠦᠨᠡᠨ ᠬᠦ᠌ ᠪᠠᠢ᠌ᠩᠭᠤᠵᠢᠭᠤᠯᠤᠨ ᠲᠦᠷᠢᠮᠵᠢᠬᠦᠯᠬᠦ ᠬᠡᠷᠡᠭᠲᠡᠢ;   ᠰᠢᠨ᠎ᠡ᠎ᠪᠠᠷ ᠢᠯᠡᠷᠡᠭᠦᠯᠦᠭᠰᠡᠨ 《ᠳᠥᠷᠪᠡᠨ   ᠵᠠᠮᠪᠠᠷᠠᠭ᠎ᠠ ᠦᠭᠡᠢ ᠪᠠᠢ᠌ᠳᠠᠯ》᠎ᠤᠨ ᠠᠰᠠᠭᠤᠳᠠᠯ᠎ᠳᠤ 《ᠨᠢᠭᠡ ᠠᠰᠠᠭᠤᠳᠠᠯ᠎ᠳᠤ ᠬᠣᠶᠠᠷ   ᠨᠠᠷᠢᠨ ᠬᠠᠭᠤᠳᠠᠰᠤ ᠵᠢᠨ ᠳᠦᠷᠢᠮ》᠎ᠢ ᠴᠢᠩᠭ᠎ᠠ ᠬᠡᠷᠡᠭᠵᠢᠭᠦᠯᠬᠦ ᠵᠢᠨ ᠬᠠᠮᠲᠤ ᠴᠠᠭ᠎ᠤᠨ ᠵᠠᠩᠭᠢᠶᠠᠰᠤ ᠪᠠ ᠬᠠᠷᠠᠯᠲᠠ ᠡᠭᠦᠷᠭᠡ ᠵᠢᠨ ᠱᠠᠭ᠋ᠠᠷᠳᠠᠯᠭ᠎ᠠ ᠶᠣᠰᠣᠭ᠋ᠠᠷ ᠲᠣᠭᠲᠠᠭᠰᠠᠨ ᠬᠤᠭᠤᠴᠠᠭ᠋ᠠᠨ᠎ᠳᠤ ᠠᠰᠠᠭᠤᠳᠠᠯ᠎ᠢ ᠴᠡᠭᠴᠡᠯᠡᠨ ᠵᠠᠰᠠᠬᠤ ᠬᠡᠷᠡᠭᠲᠡᠢ; ᠭᠣᠣᠯ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ᠎ᠨᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠬᠤᠪᠢᠳᠠᠨ ᠭᠦᠢ᠍ᠴᠡᠳᠬᠡᠬᠦ᠂ ᠲᠤᠰᠢᠶᠠᠨ ᠭᠦᠢ᠍ᠴᠡᠳᠬᠡᠬᠦ᠂ ᠰᠢᠮᠳᠠᠭᠤᠯᠤᠨ ᠬᠦᠢ᠍ᠴᠡᠳᠭᠡᠬᠦ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠤᠨ᠂ ᠭᠣᠣᠯ ᠨᠠᠭᠤᠷ᠎ᠤᠨ ᠳᠠᠷᠤᠭ᠎ᠠ᠎ᠳᠤ ᠵᠥᠪᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠭᠰᠠᠨ ᠪᠠᠢ᠌ᠨ᠎ᠠ᠃


ᠵᠢᠷᠤᠭ᠄ ᠳᠠᠯᠳᠠᠭᠤᠷ ᠰᠤᠷᠪᠤᠯᠵᠢᠯᠠᠭ᠎ᠠ᠎ᠪᠠᠷ ᠵᠢᠦ ᠯᠢᠶᠠᠨ ᠴᠧᠩ ᠨᠠᠭᠤᠷ᠎ᠤᠨ ᠰᠡᠵᠢᠭᠳᠡᠢ ᠠᠰᠠᠭᠤᠳᠠᠯ  ᠎ᠢ ᠢᠯᠡᠷᠡᠬᠦᠯᠪᠡ

ᠵᠢᠷᠤᠭ᠄ ᠵᠢᠯᠣᠭᠣᠴᠢ ᠥᠬᠡᠢ ᠨᠢᠰᠬᠡᠯ ᠵᠶ᠋ᠡᠷ ᠯᠢᠨ ᠵᠢᠶᠸ ᠽᠦᠨ ᠾᠸ ᠭᠤᠤᠯ (ᠰᠢᠯᠤᠭᠤᠨ ᠬᠥᠪᠡᠭᠡᠲᠦ ᠴᠠᠭ᠋ᠠᠨ ᠬᠤᠰᠢᠭᠤᠨ᠎ᠤ ᠬᠡᠰᠡᠭ)  ᠎ᠳᠤ ᠪᠠᠶ᠋ᠢᠴᠠᠭ᠋ᠠᠯᠲᠠ ᠬᠢᠪᠡ

ᠵᠢᠷᠤᠭ᠄ ᠡᠩᠭᠡᠷ ᠭᠣᠣᠯ᠎ᠤᠨ《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠬᠡᠷᠡᠭᠵᠢᠬᠦᠯᠵᠦ ᠪᠠᠶ᠋ᠢᠭ᠎ᠠ ᠪᠠᠶ᠋ᠢᠳᠠᠯ᠎ᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠦᠵᠡᠪᠡ

ᠢᠷᠡᠯᠲᠡ᠄
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠄ 《ᠤᠰᠤᠨ ᠠᠰᠢᠭᠯᠠᠯᠲᠠ + ᠵᠤᠭ᠋ᠠᠴᠠᠯ》᠎ᠤᠨ ᠰᠢᠨ᠎ᠡ ᠬᠠᠭᠤᠳᠠᠰᠤ ᠵᠢ ᠳᠠᠬᠢᠨᠲᠠ ᠨᠡᠭᠡᠭᠡᠵᠡᠢ
ᠬᠢᠩᠭ᠋ᠠᠨ ᠠᠶ᠋ᠢᠮᠠᠭ᠄ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ ᠥᠨᠳᠥᠷ ᠪᠠᠷᠢᠮᠵᠢᠶ᠎ᠠ᠎ᠪᠠᠷ ᠴᠢᠩᠭ᠎ᠠ ᠱᠠᠭ᠋ᠠᠷᠳᠠᠵᠤ ᠪᠠᠷᠢᠮᠵᠢᠶ᠎ᠠ᠎ᠳᠤ ᠬᠦᠷᠭᠡᠵᠦ ᠪᠤᠢ
ᠬᠢᠩᠭ᠋ᠠᠨ ᠠᠶ᠋ᠢᠮᠠᠭ᠄ ᠳᠤᠮᠳᠠᠳᠤ ᠵᠢᠨ ᠬᠦᠰᠡᠯ ᠵᠶ᠋ᠡᠨ ᠬᠠᠮᠲᠤ᠎ᠪᠠᠷ ᠪᠡᠶᠡᠯᠡᠬᠦᠯᠵᠦ᠂ ᠰᠫᠤᠷᠲ ᠵᠢᠨ ᠭᠤᠸ᠎ᠠ ᠰᠠᠶ᠋ᠢᠬᠠᠨ᠎ᠢ ᠢᠯᠡᠷᠡᠭᠦᠯᠦᠶ᠎ᠡ — ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ 《ᠳᠤᠮᠳᠠᠳᠤ ᠵᠢᠨ ᠬᠦᠰᠡᠯ ᠰᠫᠤᠷᠲ ᠵᠢᠨ ᠰᠠᠶ᠋ᠢᠬᠠᠨ》 ᠥᠲᠥᠨ ᠪᠥᠮᠪᠥᠭᠡ᠂ ᠫᠢᠩᠫᠤᠩ ᠪᠥᠮᠪᠥᠭᠡ ᠵᠢᠨ ᠤᠷᠤᠯᠳᠤᠭ᠋ᠠᠨ᠎ᠳᠤ ᠤᠷᠤᠯᠴᠠᠪᠠ
ᠬᠢᠩᠭ᠋ᠠᠨ ᠠᠶ᠋ᠢᠮᠠᠭ᠄ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠠᠪᠴᠤ ᠠᠷᠠᠳ᠎ᠤᠨ ᠠᠮᠢᠳᠤᠷᠠᠯ᠎ᠳᠤ ᠠᠰᠢᠭ ᠲᠤᠰᠠ ᠬᠦᠷᠲᠡᠭᠡᠵᠦ ᠤᠰᠤᠨ ᠠᠰᠢᠭᠯᠠᠯᠲᠠ᠎ᠪᠠᠷ ᠶᠠᠳᠠᠭᠤ ᠵᠢ ᠲᠡᠳᠬᠦᠵᠦ ᠴᠢᠨᠡᠭᠡᠯᠢᠭ ᠨᠡᠶ᠋ᠢᠭᠡᠮ᠎ᠢ ᠪᠦᠲᠦᠭᠡᠨ ᠪᠠᠢ᠌ᠭᠤᠯᠤᠨ᠎ᠠ
ᠬᠢᠩᠭ᠋ᠠᠨ ᠠᠶ᠋ᠢᠮᠠᠭ᠄ ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠠᠴᠠ ᠷᠠᠰᠢᠶᠠᠨ ᠬᠣᠲᠠ᠎ᠳᠤ ᠬᠦᠷᠴᠦ 《ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠪᠠᠶ᠋ᠢᠴᠠᠭ᠋ᠠᠯᠲᠠ》 ᠵᠢᠨ ᠰᠡᠳᠦᠪ᠎ᠤᠨ ᠬᠢᠨᠠᠨ ᠵᠢᠯᠣᠭᠣᠳᠤᠯᠭ᠎ᠠ ᠬᠢᠬᠦ ᠵᠢᠨ ᠬᠠᠮᠳᠤ ᠰᠠᠭᠤᠳᠠᠯ᠎ᠤᠨ ᠬᠤᠷᠠᠯ ᠬᠢᠪᠡ
 
            