ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠤᠶ᠋ᠢᠷ᠄ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠤᠳᠤᠷᠢᠳᠬᠤ ᠳᠤᠭᠤᠶ᠋ᠢᠯᠠᠩ ᠲᠤᠰᠬᠠᠢ ᠰᠡᠳᠦᠪᠲᠦ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2020-12-23

      11 ᠰᠠᠷ᠎ᠠ ᠵᠢᠨ 9᠎ᠤ ᠡᠳᠦᠷ᠂ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠤᠳᠤᠷᠢᠳᠬᠤ ᠳᠤᠭᠤᠶ᠋ᠢᠯᠠᠩ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠬᠥᠯᠥᠨ ᠪᠤᠶ᠋ᠢᠷ ᠬᠣᠲᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠲᠤ᠂ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠥᠷᠥᠯ᠎ᠤᠨ ᠲᠡᠮᠡᠴᠡᠯ᠎ᠤᠨ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠵᠠᠢ᠃ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠶᠢᠨ ᠱᠠᠨ ᠬᠤᠷᠠᠯ ᠡᠷᠬᠢᠯᠡᠵᠦ᠂ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠤᠳᠤᠷᠢᠳᠬᠤ ᠳᠤᠭᠤᠶ᠋ᠢᠯᠠᠩ᠎ᠤᠨ ᠪᠦᠬᠦ ᠭᠡᠰᠢᠬᠦᠳ ᠬᠤᠷᠠᠯ᠎ᠳᠤ ᠣᠷᠣᠯᠴᠠᠵᠠᠢ᠃
      ᠶᠢᠨ ᠱᠠᠨ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠠᠵᠢᠯ ᠨᠢᠭᠡᠨᠲᠡ ᠰᠡᠬᠦᠯ ᠬᠤᠷᠢᠶᠠᠬᠤ ᠬᠤᠭᠤᠴᠠᠭ᠋ᠠᠨ᠎ᠳᠠᠭᠠᠨ ᠣᠷᠣᠵᠠᠢ᠃ ᠬᠥᠯᠥᠨ ᠪᠤᠶ᠋ᠢᠷ ᠬᠣᠲᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠬᠤ ᠵᠢᠨ ᠲᠥᠯᠥᠭᠡ᠂ ᠲᠠᠨᠢᠯᠲᠠ᠎ᠪᠠᠨ ᠨᠢᠭᠡᠳᠬᠡᠵᠦ᠂ ᠦᠵᠡᠯ ᠰᠠᠨᠠᠭ᠎ᠠ᠎ᠪᠠᠨ ᠨᠢᠭᠡᠳᠬᠡᠨ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠲᠤᠰᠬᠠᠢ ᠲᠥᠷᠥᠯ᠎ᠤᠨ ᠲᠡᠮᠡᠴᠡᠯ᠎ᠤᠨ ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠬᠦᠯᠦᠨ ᠬᠦᠨᠵᠡᠭᠡᠢ᠌ᠷᠡᠬᠦᠯᠵᠦ᠂ ᠲᠤᠰᠬᠠᠢ ᠲᠥᠷᠥᠯ᠎ᠤᠨ ᠲᠡᠮᠡᠴᠡᠯ᠎ᠤᠨ ᠰᠢᠢ᠍ᠳᠪᠦᠷᠢᠲᠦ ᠢᠯᠠᠯᠲᠠ ᠤᠯᠬᠤ ᠵᠢ ᠪᠠᠳᠤᠯᠠᠵᠤ᠂ ᠤᠰᠤᠨ ᠠᠰᠢᠭᠯᠠᠯᠳᠠ ᠵᠢᠨ ᠠᠵᠢᠯ ᠲᠦᠷᠦᠯ᠎ᠤᠨ ᠬᠢᠨᠠᠯᠳᠠ ᠬᠠᠮᠢᠶᠠᠷᠤᠯᠳᠠ ᠵᠢ ᠤᠷᠳᠤ ᠬᠤᠭᠤᠴᠠᠭ᠎ᠠ᠎ᠪᠠᠷ ᠪᠦᠳᠦᠮᠵᠢᠳᠡᠢ ᠵᠠᠰᠠᠬᠤ ᠵᠢ ᠦᠨᠡᠨ ᠬᠦ᠌ ᠪᠠᠳᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠭᠰᠠᠨ   ᠪᠠᠢ᠌ᠨ᠎ᠠ᠃
      ᠶᠢᠨ ᠱᠠᠨ ᠴᠢᠬᠤᠯᠠᠴᠢᠯᠠᠭᠰᠠᠨ᠎ᠨᠢ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠠᠵᠢᠯ ᠲᠥᠷᠥᠯ᠎ᠤᠨ ᠡᠮᠬᠢ ᠵᠠᠮᠪᠠᠷᠠᠭ᠎ᠠ ᠦᠭᠡᠢ ᠪᠠᠶ᠋ᠢᠳᠠᠯ᠎ᠢ ᠵᠠᠰᠠᠬᠤ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ ᠬᠢᠵᠦ᠂ ᠡᠯᠡᠰᠦ ᠮᠠᠯᠲᠠᠬᠤ ᠵᠡᠷᠭᠡ ᠠᠵᠢᠯ ᠲᠥᠷᠥᠯ᠎ᠤᠨ ᠡᠮᠬᠢ ᠵᠠᠮᠪᠠᠷᠠᠭ᠎ᠠ ᠦᠭᠡᠢ ᠦᠵᠡᠭᠳᠡᠯ᠎ᠢ ᠦᠨᠳᠦᠰᠦᠨ᠎ᠳᠡᠭᠡᠨ ᠬᠤᠷᠢᠭᠯᠠᠨ ᠵᠤᠭᠰᠤᠭ᠋ᠠᠪᠠ᠃ ᠴᠠᠭ᠋ᠠᠰᠢᠳᠠ ᠦᠷᠭᠦᠯᠵᠢᠯᠡᠨ ᠦᠬᠦᠨ ᠰᠠᠬᠢᠵᠤ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠪᠠ ᠬᠣᠰᠢᠭᠤ ᠰᠢᠶᠠᠨ᠎ᠳᠠᠬᠢ ᠵᠢᠯᠣᠭᠣᠳᠤᠯᠭ᠎ᠠ᠎ᠪᠠᠨ ᠦᠷᠬᠦᠯᠵᠢᠯᠡᠨ ᠴᠢᠩᠭ᠋ᠠᠳᠬᠠᠵᠤ᠂ 《ᠳᠥᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠴᠡᠪᠡᠷᠯᠡᠬᠦ》᠂ ᠡᠯᠡᠰᠦ ᠮᠠᠯᠲᠠᠬᠤ ᠪᠠ ᠠᠵᠢᠯ ᠲᠥᠷᠥᠯ᠎ᠤᠨ ᠡᠮᠬᠢ ᠵᠠᠮᠪᠠᠷᠠᠭ᠎ᠠ ᠦᠭᠡᠢ ᠪᠠᠶ᠋ᠢᠳᠠᠯ᠎ᠢ ᠵᠠᠰᠠᠨ ᠰᠠᠶ᠋ᠢᠵᠢᠷᠠᠭᠤᠯᠬᠤ ᠵᠢ ᠪᠦᠲᠦᠮᠵᠢᠲᠡᠢ᠎ᠪᠠᠷ ᠵᠤᠯᠭ᠋ᠠᠯᠴᠠᠭᠤᠯᠬᠤ ᠬᠡᠷᠡᠭᠲᠡᠢ᠃ ᠣᠶ᠋ᠢᠷ᠎ᠠ ᠵᠢᠨ ᠬᠤᠭᠤᠴᠠᠭ᠋ᠠᠨ᠎ᠤ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠬᠣᠯᠪᠣᠭᠳᠠᠯ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠳᠠᠨ ᠨᠦᠬᠦᠳ ᠭᠤᠤᠯᠳᠠᠯᠭ᠎ᠠ᠎ᠲᠠᠢ ᠭᠠᠵᠠᠷ ᠤᠷᠤᠨ᠎ᠤ ᠬᠦᠷᠴᠦ ᠲᠠᠬᠢᠨ ᠬᠢᠨᠠᠨ ᠪᠠᠢ᠌ᠴᠠᠭ᠋ᠠᠯᠳᠠ ᠬᠢᠵᠦ᠂ ᠲᠠᠬᠢᠨ ᠵᠢᠯᠤᠭᠤᠳᠴᠤ᠂ ᠡᠯ᠎ᠡ ᠲᠦᠷᠦᠯ᠎ᠤᠨ ᠠᠰᠠᠭᠤᠳᠠᠯ ᠲᠠᠬᠢᠨ ᠡᠬᠦᠰᠬᠦ᠎ᠠᠴᠠ ᠡᠷᠡᠰ ᠰᠡᠷᠭᠡᠢ᠌ᠯᠡᠬᠦ ᠬᠡᠷᠡᠭᠲᠡᠢ ᠭᠡᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠲᠦᠩᠯᠢᠶᠣᠣ ᠬᠣᠲᠠ ᠵᠢᠨ ᠤᠰᠤᠨ ᠎ᠤ ᠶᠠᠪᠤᠳᠠᠯ᠎ᠤᠨ ᠲᠣᠪᠴᠢᠶ᠎ᠠ ᠵᠢᠨ ᠠᠵᠢᠯᠴᠢᠨ᠎ᠤ ᠡᠪᠯᠡᠯ ᠪᠠᠶ᠋ᠢᠭᠤᠯᠬᠤ ᠶᠡᠬᠡ ᠬᠤᠷᠠᠯ ᠵᠢᠴᠢ ᠨᠢᠭᠡᠳᠦᠭᠡᠷ ᠤᠳᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠪᠠ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠮᠠᠨ᠎ᠤ ᠬᠤᠳᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠡᠯ᠎ᠡ ᠲᠥᠷᠥᠯ᠎ᠤᠨ ᠠᠵᠢᠯ᠎ᠢ ᠢᠳᠡᠪᠬᠢᠲᠡᠢ ᠦᠷᠨᠢᠬᠦᠯᠪᠡ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠠᠲᠤᠨ ᠭᠣᠣᠯ᠎ᠤᠨ ᠦᠬᠠᠢ ᠵᠢᠨ ᠬᠡᠰᠡᠭ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠥᠷᠨᠢᠭᠦᠯᠪᠡ
ᠰᠢᠯᠢ ᠵᠢᠨ ᠭᠣᠣᠯ᠄ ᠠᠶ᠋ᠢᠮᠠᠭ᠎ᠤᠨ ᠭᠣᠣᠯ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ᠂ ᠠᠶ᠋ᠢᠮᠠᠭ᠎ᠤᠨ ᠪᠠᠶ᠋ᠢᠴᠠᠭ᠋ᠠᠬᠤ ᠬᠤᠪᠢᠶᠠᠷᠢ ᠬᠣᠷᠢᠶ᠎ᠠ ᠬᠠᠮᠲᠤᠷᠠᠵᠤ ᠲᠠᠪᠤᠨ ᠬᠣᠰᠢᠭᠤ ᠰᠢᠶᠠᠨ᠎ᠤ ᠭᠣᠣᠯ ᠨᠠᠭᠤᠷ᠎ᠢ ᠬᠠᠮᠢᠶᠠᠷᠤᠨ ᠵᠠᠰᠠᠬᠤ《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠬᠢᠨᠠᠨ ᠵᠢᠯᠣᠭᠣᠳᠴᠤ ᠪᠠᠶ᠋ᠢᠴᠠᠭ᠋ᠠᠬᠤ ᠠᠵᠢᠯᠯᠠᠭ᠎ᠠ ᠥᠷᠨᠢᠭᠦᠯᠪᠡ
ᠬᠢᠩᠭ᠋ᠠᠨ ᠠᠶ᠋ᠢᠮᠠᠭ᠄ 《ᠤᠰᠤᠨ ᠠᠰᠢᠭᠯᠠᠯᠲᠠ + ᠵᠤᠭ᠋ᠠᠴᠠᠯ》᠎ᠤᠨ ᠰᠢᠨ᠎ᠡ ᠬᠠᠭᠤᠳᠠᠰᠤ ᠵᠢ ᠳᠠᠬᠢᠨᠲᠠ ᠨᠡᠭᠡᠭᠡᠵᠡᠢ
 
            