10 ᠰᠠᠷ᠎ᠠ ᠵᠢᠨ 29 — 30᠎ᠤ ᠡᠳᠦᠷ ᠪᠣᠯᠲᠠᠯ᠎ᠠ᠂ ᠬᠢᠩᠭ᠋ᠠᠨ ᠠᠶ᠋ᠢᠮᠠᠭ᠎ᠤᠨ ᠰᠢᠭᠤᠳ ᠬᠠᠷᠢᠶ᠎ᠠ ᠪᠠᠶ᠋ᠢᠭᠤᠯᠭ᠎ᠠ ᠵᠢᠨ 《ᠳᠤᠮᠳᠠᠳᠤ ᠵᠢᠨ ᠬᠦᠰᠡᠯ᠂ ᠰᠫᠤᠷᠲ ᠵᠢᠨ ᠰᠠᠢ᠌ᠬᠠᠨ》 ᠥᠲᠥᠨ ᠪᠥᠮᠪᠥᠭᠡ᠂ ᠫᠢᠩᠫᠤᠩ ᠪᠥᠮᠪᠥᠭᠡ ᠵᠢᠨ ᠤᠷᠤᠯᠳᠤᠭ᠋ᠠᠨ ᠠᠶ᠋ᠢᠮᠠᠭ᠎ᠤᠨ ᠪᠡᠶ᠎ᠡ ᠵᠢᠨ ᠲᠠᠮᠢᠷ᠎ᠤᠨ ᠣᠷᠳᠣᠨ᠎ᠳᠤ ᠶᠠᠪᠤᠭᠳᠠᠪᠠ᠃ ᠲᠤᠰ ᠤᠳᠠᠭ᠎ᠠ ᠵᠢᠨ ᠠᠵᠢᠯᠯᠠᠭ᠎ᠠ ᠵᠢ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠂ ᠠᠶ᠋ᠢᠮᠠᠭ᠎ᠤᠨ ᠰᠣᠶᠣᠯ ᠵᠤᠭ᠋ᠠᠴᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠪᠣᠯᠤᠨ ᠠᠶ᠋ᠢᠮᠠᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠬᠠᠮᠲᠤᠷᠠᠨ ᠡᠷᠬᠢᠯᠡᠪᠡ᠃ ᠮᠠᠨ᠎ᠤ ᠲᠣᠪᠴᠢᠶ᠎ᠠ ᠢᠳᠡᠪᠬᠢᠲᠡᠢ᠎ᠪᠠᠷ ᠲᠠᠮᠢᠷᠴᠢᠨ᠎ᠤ ᠠᠩᠭᠢ ᠵᠣᠬᠢᠶᠠᠨ ᠪᠠᠶ᠋ᠢᠭᠤᠯᠤᠨ ᠤᠷᠤᠯᠴᠠᠵᠤ᠂ ᠠᠵᠢᠯᠲᠠᠨ ᠠᠵᠢᠯᠴᠢᠳ ᠢᠳᠡᠪᠬᠢᠲᠡᠢ᠎ᠪᠠᠷ ᠨᠡᠷ᠎ᠡ ᠮᠡᠳᠡᠭᠦᠯᠵᠦ᠂ ᠬᠠᠮᠤᠭ ᠡᠴᠦᠰ᠎ᠲᠤ 10 ᠲᠠᠮᠢᠷᠴᠢᠨ᠎ᠢ ᠰᠣᠩᠭᠣᠨ ᠲᠣᠮᠢᠯᠠᠵᠤ ᠥᠲᠥᠨ ᠪᠥᠮᠪᠥᠭᠡ ᠵᠢᠨ ᠪᠦᠯᠬᠦᠮ᠎ᠤᠨ ᠲᠡᠮᠡᠴᠡᠭᠡᠨ᠂ ᠬᠤᠤᠰ ᠬᠦᠮᠦᠨ᠎ᠤ ᠲᠡᠮᠡᠴᠡᠭᠡᠨ᠂ ᠡᠷᠡᠭᠲᠡᠢ ᠡᠮᠡᠭᠲᠡᠢ ᠵᠢᠨ ᠬᠤᠤᠰ ᠬᠦᠮᠦᠨ᠎ᠤ ᠲᠡᠮᠡᠴᠡᠭᠡᠨ ᠪᠠ ᠫᠢᠩᠫᠤᠩ ᠪᠥᠮᠪᠥᠭᠡ ᠵᠢᠨ ᠪᠦᠯᠬᠦᠮ᠎ᠤᠨ ᠲᠡᠮᠡᠴᠡᠭᠡᠨ᠂ ᠭᠠᠭᠴᠠᠭ᠋ᠠᠷ᠎ᠤᠨ ᠲᠡᠮᠡᠴᠡᠭᠡᠨ ᠵᠡᠷᠭᠡ ᠣᠯᠠᠨ ᠵᠦᠢ᠍ᠯ᠎ᠤᠨ ᠤᠷᠤᠯᠳᠤᠭ᠋ᠠᠨ᠎ᠳᠤ ᠣᠷᠣᠯᠴᠠᠭᠤᠯᠵᠠᠢ᠃ ᠲᠣᠪᠴᠢᠶᠠᠨ᠎ᠤ ᠠᠵᠢᠯᠴᠢᠨ᠎ᠤ ᠡᠪᠯᠡᠯ ᠲᠤᠰ ᠤᠳᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠠᠵᠢᠯ᠎ᠢ ᠬᠠᠷᠢᠭᠤᠴᠠᠵᠤ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠬᠦᠴᠦᠲᠡᠢ ᠪᠠᠲᠤᠯᠠᠭ᠎ᠠ ᠬᠠᠩᠭ᠋ᠠᠵᠠᠢ᠃
ᠲᠠᠮᠢᠷᠴᠢᠳ ᠬᠤᠷᠴᠠ ᠴᠢᠩᠭ᠎ᠠ ᠬᠠᠮᠲᠤ ᠵᠢᠨ ᠢᠷᠠᠭᠤ ᠠᠯᠳᠠᠷᠲᠤ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ᠎ᠪᠠᠷ ᠬᠠᠭ᠋ᠠᠰ ᠰᠠᠷ᠎ᠠ ᠵᠢᠨ ᠬᠤᠭᠤᠴᠠᠭ᠎ᠠ᠎ᠲᠠᠢ ᠴᠢᠩᠭ᠎ᠠ ᠪᠣᠯᠪᠠᠰᠤᠷᠠᠯ ᠬᠢᠵᠦ᠂ ᠡᠷᠴᠢ ᠲᠡᠬᠦᠯᠳᠡᠷ ᠵᠶ᠋ᠡᠷ ᠲᠤᠰ ᠤᠳᠠᠭ᠋ᠠᠨ᠎ᠤ ᠤᠷᠤᠯᠳᠤᠭ᠋ᠠᠨ᠎ᠳᠤ ᠣᠷᠣᠯᠴᠠᠪᠠ᠃ ᠤᠷᠤᠯᠳᠤᠭ᠋ᠠᠨ᠎ᠤ ᠲᠠᠯᠠᠪᠠᠢ᠎ᠳᠤ ᠲᠠᠮᠢᠷᠴᠢᠳ ᠬᠦᠴᠦᠷᠬᠡᠭ ᠳᠠᠶ᠋ᠢᠰᠤᠨ᠎ᠠᠴᠠ ᠠᠶᠤᠬᠤ ᠦᠭᠡᠢ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠵᠢ ᠪᠠᠳᠠᠷᠠᠭᠤᠯᠵᠤ᠂ ᠤᠰᠤᠨ ᠠᠰᠢᠭᠯᠠᠯᠳᠠ ᠵᠢᠨ ᠠᠵᠢᠯᠳᠠᠳ᠎ᠤᠨ ᠢᠳᠡᠪᠬᠢᠯᠡᠨ ᠲᠡᠮᠡᠴᠡᠬᠦ᠂ ᠪᠦᠯᠬᠦᠮᠳᠡᠨ ᠲᠡᠪᠰᠢᠬᠦ᠂ ᠡᠷᠡᠯᠬᠡᠭᠯᠡᠨ ᠲᠡᠷᠢᠬᠦᠯᠡᠬᠦ ᠤᠶᠤᠨ᠎ᠤ ᠲᠦᠷᠬᠦ ᠵᠢ ᠢᠯᠡᠷᠡᠬᠦᠯᠵᠡᠢ᠃
ᠬᠤᠷᠴᠠ ᠰᠢᠷᠦᠭᠦᠨ ᠥᠷᠢᠰᠥᠯᠳᠦᠭᠡᠨ ᠵᠶ᠋ᠡᠷ ᠳᠠᠮᠵᠢᠨ ᠮᠠᠨ᠎ᠤ ᠲᠣᠪᠴᠢᠶᠠᠨ᠎ᠤ ᠲᠠᠮᠢᠷᠴᠢᠨ ᠯᠦ᠍ ᠺᠤᠸᠠᠨ ᠫᠢᠩ ᠫᠢᠩᠫᠤᠩ ᠪᠥᠮᠪᠥᠭᠡ ᠵᠢᠨ ᠡᠷᠡᠭᠲᠡᠢ ᠵᠢᠨ ᠭᠠᠭᠴᠠᠭ᠋ᠠᠷ ᠲᠡᠮᠡᠴᠡᠬᠦ ᠤᠷᠤᠯᠳᠤᠭ᠋ᠠᠨ᠎ᠤ ᠭᠤᠷᠪᠠᠳᠤᠭ᠋ᠠᠷ ᠨᠡᠷᠡᠰ᠎ᠤᠨ ᠰᠠᠶ᠋ᠢᠨ ᠬᠢᠷᠢ ᠪᠦᠲᠦᠮᠵᠢ ᠤᠯᠵᠤ᠂ ᠠᠢ᠌ᠮᠠᠭ᠎ᠤᠨ ᠤᠰᠤᠨ ᠠᠰᠢᠭᠯᠠᠯᠳᠠ ᠵᠢᠨ ᠲᠤᠪᠴᠢᠶ᠎ᠠ ᠰᠢᠯᠢᠳᠡᠭ ᠵᠤᠬᠢᠶᠠᠨ ᠪᠠᠢ᠌ᠭᠤᠯᠤᠯᠳᠠ ᠵᠢᠨ ᠱᠠᠩᠨᠠᠯ ᠤᠯᠪᠠ᠃
ᠡᠨᠡ ᠤᠳᠠᠭ᠎ᠠ ᠵᠢᠨ ᠤᠷᠤᠯᠳᠤᠭ᠋ᠠᠨ ᠵᠶ᠋ᠠᠷ ᠳᠠᠮᠵᠢᠨ ᠠᠵᠢᠯᠲᠠᠨ ᠠᠵᠢᠯᠴᠢᠳ᠎ᠤᠨ ᠬᠣᠭᠣᠷᠣᠨᠳᠣᠬᠢ ᠰᠣᠯᠢᠯᠴᠠᠭ᠎ᠠ ᠵᠢ ᠠᠬᠢᠭᠤᠯᠵᠤ᠂ ᠣᠯᠠᠨ᠎ᠤ ᠪᠢᠷ᠎ᠡ ᠲᠠᠮᠢᠷ᠎ᠢ ᠨᠡᠮᠡᠭᠳᠡᠭᠦᠯᠵᠦ᠂ ᠪᠦᠯᠬᠦᠮ ᠨᠡᠶ᠋ᠢᠲᠡ ᠵᠢᠨ ᠦᠵᠡᠯ ᠤᠬᠠᠮᠰᠠᠷ᠎ᠢ ᠲᠡᠭᠡᠭᠰᠢᠯᠡᠬᠦᠯᠪᠡ᠃ ᠣᠯᠠᠨ ᠵᠶ᠋ᠠᠷ ᠵᠶ᠋ᠠᠨ ᠨᠡᠩ ᠪᠢᠯᠬᠠᠮ᠎ᠠ ᠬᠠᠯᠠᠭᠤᠨ ᠰᠡᠳᠬᠢᠯᠭᠡ ᠪᠠ ᠴᠣᠭ ᠪᠠᠳᠠᠷᠠᠩᠭᠤᠢ ᠣᠶᠤᠨ ᠰᠠᠨᠠᠭ᠋ᠠᠨ᠎ᠤ ᠪᠠᠶ᠋ᠢᠳᠠᠯ ᠵᠶ᠋ᠠᠷ ᠲᠤᠬᠠᠢ᠌ᠯᠠᠭᠰᠠᠨ ᠠᠵᠢᠯ᠎ᠳᠠᠭᠠᠨ ᠰᠢᠮᠳᠠᠵᠤ᠂ ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠵᠡᠭᠡᠪᠡ᠃