ᠬᠦᠯᠦᠨ ᠪᠤᠢ᠌ᠷ ᠤᠰᠤᠨ᠎ᠤ ᠪᠠᠷᠢᠯᠭ᠎ᠠ ᠵᠢᠨ ᠵᠦᠪᠰᠢᠶᠠᠷᠠᠯ᠎ᠤᠨ ᠲᠤᠭᠳᠠᠭ᠋ᠠᠯ [2020] 11 ᠳ᠋ᠦ᠍ᠭᠡᠷ ᠲᠣᠭ᠋ᠠᠲᠤ ᠠᠯᠪᠠᠨ ᠪᠢᠴᠢᠭ
ᠳ᠋ᠠ ᠶᠠᠩ ᠱᠤ᠌ ᠪᠠᠯᠭ᠋ᠠᠰᠤᠨ᠎ᠤ ᠵᠡᠭᠡᠯᠢ ᠵᠢᠨ ᠪᠠᠷᠠᠭᠤᠨᠳᠠᠬᠢ ᠪᠠᠷᠢᠯᠭ᠎ᠠ ᠵᠢᠨ ᠬᠣᠭ ᠨᠣᠪᠰᠢ ᠵᠢ ᠴᠡᠭᠴᠡᠯᠡᠨ ᠵᠠᠰᠠᠬᠤ ᠵᠢᠴᠢ ᠭᠠᠢ ᠱᠠᠨ ᠠᠭᠤᠳᠠᠮ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠦᠶᠡᠷ᠎ᠤᠨ ᠤᠰᠤᠨ᠎ᠤ ᠨᠦᠯᠦᠭᠡᠯᠡᠯ᠎ᠢ ᠦᠨᠡᠯᠡᠬᠦ ᠲᠥᠷᠥᠯ᠎ᠤᠨ ᠬᠢᠨᠠᠨ ᠵᠦᠪᠰᠢᠶᠠᠷᠠᠯ᠎ᠤᠨ ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠎ᠤᠨ ᠪᠢᠴᠢᠭ
ᠳ᠋ᠠ ᠶᠠᠩ ᠱᠤ᠌ ᠪᠠᠯᠭ᠋ᠠᠰᠤᠨ᠎ᠤ ᠠᠷᠠᠳ ᠵᠢᠨ ᠵᠠᠰᠠᠭ᠎ᠤᠨ ᠣᠷᠳᠣᠨ᠄
2020 ᠣᠨ᠎ᠤ 10 ᠰᠠᠷ᠎ᠠ ᠵᠢᠨ 19᠎ᠤ ᠡᠳᠦᠷ᠂ ᠬᠥᠯᠥᠨ ᠪᠤᠶ᠋ᠢᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠨᠢ ᠮᠡᠷᠭᠡᠵᠢᠯ᠎ᠤᠨ ᠬᠢᠨᠠᠨ ᠦᠨᠡᠯᠡᠬᠦ ᠺᠣᠮᠢᠰ᠎ᠢ ᠵᠣᠬᠢᠶᠠᠨ ᠪᠠᠶ᠋ᠢᠭᠤᠯᠵᠤ 《 ᠳ᠋ᠠ ᠶᠠᠩ ᠱᠤ᠌ ᠪᠠᠯᠭ᠋ᠠᠰᠤ ᠵᠢᠨ ᠵᠡᠭᠡᠯᠢ ᠵᠢᠨ ᠪᠠᠷᠠᠭᠤᠨᠳᠠᠬᠢ ᠪᠠᠷᠢᠯᠭ᠎ᠠ ᠵᠢᠨ ᠬᠣᠭ ᠨᠣᠪᠰᠢ ᠵᠢ ᠴᠡᠭᠴᠡᠯᠡᠨ ᠵᠠᠰᠠᠬᠤ ᠵᠢᠴᠢ ᠭᠠᠢ ᠱᠠᠨ ᠠᠭᠤᠳᠠᠮ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠶᠡᠷ᠎ᠤᠨ ᠤᠰᠤᠨ᠎ᠤ ᠨᠥᠯᠥᠭᠡᠯᠡᠯ᠎ᠢ ᠦᠨᠡᠯᠡᠬᠦ ᠮᠡᠳᠡᠭᠦᠯᠦᠯᠲᠡ》 (ᠲᠤᠷᠤᠭᠰᠢ《ᠦᠶᠡᠷ᠎ᠤᠨ ᠨᠦᠯᠦᠭᠡᠯᠡᠯ᠎ᠤᠨ ᠦᠨᠡᠯᠡᠯᠳᠡ ᠵᠢᠨ ᠮᠡᠳᠡᠬᠦᠯᠦᠯᠳᠡ》 ᠭᠡᠵᠦ ᠲᠤᠪᠴᠢᠯᠠᠨ᠎ᠠ)᠎ᠳᠤ ᠵᠠᠬᠢᠳᠠᠯ ᠵᠶ᠋ᠡᠷ ᠮᠡᠷᠭᠡᠵᠢᠯ᠎ᠤᠨ ᠬᠢᠨᠠᠯᠳᠠ ᠬᠢᠪᠡ᠃ ᠨᠠᠷᠢᠨ ᠬᠢᠨᠠᠮᠠᠭ᠋ᠠᠢ ᠶᠠᠷᠢᠯᠴᠠᠬᠤ ᠪᠠ ᠬᠢᠨᠠᠨ ᠦᠨᠡᠯᠡᠬᠦ᠎ᠪᠠᠷ ᠲᠠᠮᠵᠢᠨ᠂ ᠠᠩᠬ᠎ᠠ ᠠᠯᠬᠤᠮ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠢ ᠪᠦᠷᠢᠯᠳᠦᠬᠦᠯᠵᠦ᠂ ᠵᠢᠷᠤᠵᠤ ᠲᠥᠯᠥᠪᠯᠡᠭᠰᠡᠨ ᠨᠢᠭᠡᠴᠢ᠎ᠠᠴᠠ《ᠦᠶᠡᠷ᠎ᠤᠨ ᠨᠦᠯᠦᠭᠡᠯᠡᠯ᠎ᠤᠨ ᠦᠨᠡᠯᠡᠯᠳᠡ ᠵᠢᠨ ᠮᠡᠳᠡᠬᠦᠯᠦᠯᠳᠡ》᠎ᠳᠤ ᠵᠠᠰᠠᠪᠤᠷᠢ ᠤᠷᠤᠭᠤᠯᠤᠨ ᠨᠦᠬᠦᠪᠦᠷᠢᠯᠡᠨ ᠲᠡᠬᠦᠯᠳᠡᠷᠵᠢᠬᠦᠯᠵᠦ᠂ 2020 ᠣᠨ᠎ᠤ 10 ᠰᠠᠷ᠎ᠠ ᠵᠢᠨ 30᠎ᠤ ᠡᠳᠦᠷ ᠲᠤᠰᠬᠠᠢ ᠮᠡᠷᠭᠡᠵᠢᠯᠲᠡᠨ ᠲᠠᠪᠳᠠᠨ ᠪᠠᠢ᠌ᠴᠠᠭ᠋ᠠᠭᠳ ᠲᠤᠰ《ᠦᠶᠡᠷ᠎ᠤᠨ ᠨᠦᠯᠦᠭᠡᠯᠡᠯ᠎ᠤᠨ ᠦᠨᠡᠯᠡᠯᠳᠡ ᠵᠢᠨ ᠮᠡᠳᠡᠬᠦᠯᠦᠯᠳᠡ》 ᠵᠢ ᠦᠨᠳᠦᠰᠦᠨ᠎ᠳᠡᠭᠡᠨ ᠵᠥᠪᠰᠢᠶᠡᠷᠡᠪᠡ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ ᠵᠢᠴᠢ 《ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠠᠷᠭ᠎ᠠ》ᠵᠢᠨ ᠭᠤᠴᠢᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠲᠦᠷᠦᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠵᠥᠪᠰᠢᠶᠡᠷᠡᠯ ᠤᠯᠭᠤᠪᠠ᠃
ᠨᠢᠭᠡ᠂ ᠲᠤᠰ 《ᠦᠶᠡᠷ᠎ᠢ ᠰᠡᠷᠭᠡᠶ᠋ᠢᠯᠡᠬᠦ ᠦᠨᠡᠯᠡᠯᠲᠡ ᠵᠢᠨ ᠮᠡᠳᠡᠭᠦᠯᠦᠯᠲᠡ》 ᠵᠢᠨ ᠦᠨᠡᠯᠡᠬᠦ ᠠᠭᠤᠯᠭ᠎ᠠ᠂ ᠠᠷᠭ᠎ᠠ᠂ ᠳ᠋ᠦᠩᠨᠡᠯᠳᠡ ᠵᠢᠴᠢ ᠰᠠᠨᠠᠭᠤᠯᠭ᠎ᠠ ᠵᠢ ᠦᠨᠳᠦᠰᠦᠨ᠎ᠳᠡᠭᠡᠨ ᠵᠥᠪᠰᠢᠶᠡᠷᠡᠵᠦ᠂ ᠲᠤᠰ 《ᠦᠶᠡᠷ᠎ᠤᠨ ᠨᠦᠯᠦᠭᠡᠯᠡᠯ᠎ᠤᠨ ᠦᠨᠡᠯᠡᠭᠰᠡᠨ ᠮᠡᠳᠡᠭᠦᠯᠦᠯᠲᠡ》 ᠵᠢ ᠬᠡᠷᠡᠭᠵᠢᠭᠦᠯᠵᠦ ᠪᠣᠯᠤᠨ᠎ᠠ᠃
ᠬᠣᠶᠠᠷ᠂ ᠠᠪᠤᠷᠠᠬᠤ ᠠᠷᠭ᠎ᠠ ᠬᠡᠮᠵᠢᠶ᠎ᠡ
ᠲᠤᠰ ᠦᠨᠡᠯᠡᠯᠲᠡ ᠬᠢᠭᠰᠡᠨ ᠲᠥᠷᠥᠯ ᠵᠦᠢ᠍ᠯ᠎ᠢ ᠪᠠᠶ᠋ᠢᠭᠤᠯᠤᠭᠰᠠᠨ ᠤᠷᠤᠨ ᠪᠠᠶ᠋ᠢᠷᠢ᠎ᠨᠢ ᠬᠥᠲᠥᠯ᠎ᠤᠨ ᠭᠠᠳᠠᠷᠭᠤ ᠵᠢᠨ ᠦᠶᠡᠷ᠎ᠤᠨ ᠤᠰᠤ ᠭᠠᠳᠠᠭᠰᠢ ᠤᠷᠤᠰᠬᠤ ᠨᠡᠪᠲᠡᠷᠡᠯ ᠵᠠᠮ᠎ᠤᠨ ᠬᠡᠪᠴᠢᠶ᠎ᠡ᠎ᠳᠤ ᠤᠷᠤᠰᠢᠵᠤ᠂ ᠣᠷᠣᠨ ᠪᠦᠰᠡ ᠵᠢᠨ ᠳᠣᠲᠣᠷᠠᠬᠢ ᠨᠡᠢ᠌ᠯᠡᠮᠡᠯ ᠤᠷᠤᠰᠬᠠᠯ᠎ᠤᠨ ᠲᠠᠯᠠᠪᠠᠢ ᠪᠣᠯᠤᠨ ᠦᠶᠡᠷ᠎ᠤᠨ ᠤᠰᠤᠨ᠎ᠤ ᠵᠠᠳᠠᠯᠤᠯᠳᠠ ᠵᠢ ᠦᠨᠳᠦᠰᠦᠯᠡᠪᠡᠯ᠂ ᠠᠷᠪᠠᠨ ᠵᠢᠯ᠎ᠳᠤ ᠨᠢᠭᠡ ᠤᠳᠠᠭ᠎ᠠ ᠲᠤᠬᠢᠶᠠᠯᠳᠤᠬᠤ ᠦᠶᠡᠷ ᠢᠷᠡᠪᠡᠯ ᠦᠶᠡᠷ᠎ᠤᠨ ᠤᠰᠤ ᠭᠤᠯᠳᠤᠩ᠎ᠠᠴᠠ ᠤᠷᠤᠰ᠎ᠤᠨ ᠭᠠᠷᠤᠭᠰᠠᠨ᠎ᠤ ᠲᠠᠷᠠᠭ᠎ᠠ ᠲᠥᠷᠥᠯ ᠵᠦᠢ᠍ᠯ᠎ᠤᠨ ᠪᠠᠷᠢᠯᠭ᠎ᠠ ᠵᠢᠨ ᠭᠠᠳᠠᠨ᠎ᠠ ᠬᠦᠷᠲᠡᠯ᠎ᠡ ᠪᠢᠯᠬᠠᠵᠤ᠂ ᠪᠠᠷᠢᠯᠭ᠎ᠠ ᠵᠢᠨ ᠭᠠᠳᠠᠨᠠᠬᠢ ᠪᠠᠯ᠎ᠳᠤ ᠵᠣᠬᠢᠬᠤ ᠬᠡᠮᠵᠢᠶᠡᠨ᠎ᠤ ᠤᠷᠤᠰᠬᠠᠯ᠎ᠤᠨ ᠨᠥᠯᠥᠭᠡᠯᠡᠯ ᠠᠪᠴᠢᠷᠠᠨ᠎ᠠ᠃ ᠡᠢ᠌ᠮᠦ᠎ᠠᠴᠠ ᠭᠠᠳᠠᠨ᠎ᠠ ᠬᠦᠷᠢᠶᠡᠨ᠎ᠤ ᠪᠡᠯ᠎ᠳᠤ ᠰᠡᠷᠭᠡᠢ᠌ᠯᠡᠯᠳᠡ ᠵᠢᠨ ᠬᠠᠰᠢᠯᠭ᠎ᠠ ᠬᠢᠬᠦ ᠴᠢᠬᠤᠯᠠᠳᠠᠢ᠃
ᠣᠳᠣ ᠵᠢᠨ ᠦᠨᠡᠯᠡᠭᠰᠡᠨ ᠬᠦᠷᠢᠶ᠎ᠡ ᠬᠡᠪᠴᠢᠶᠡᠨ ᠲᠤᠲᠤᠷ᠎ᠠ ᠴᠦᠮ ᠵᠦᠯᠭᠡ ᠭᠠᠵᠠᠷ ᠪᠠᠢ᠌ᠵᠤ᠂ ᠲᠦᠷᠦᠯ ᠵᠤᠢ᠌ᠯ ᠵᠢ ᠪᠠᠢ᠌ᠭᠤᠯᠬᠤ᠎ᠠᠴᠠ ᠡᠮᠦᠨ᠎ᠡ ᠴᠢᠯᠦᠭᠡᠳᠡᠢ ᠪᠢᠯᠬᠠᠵᠤ᠂ ᠲᠦᠷᠦᠯ ᠵᠤᠢ᠌ᠯ᠎ᠢ ᠪᠠᠢ᠌ᠭᠤᠯᠤᠭᠰᠠᠨ᠎ᠤ ᠲᠠᠷᠠᠭ᠎ᠠ ᠭᠠᠵᠠᠷ᠎ᠤᠨ ᠭᠠᠳᠠᠷᠭᠤ ᠵᠢ ᠦᠨᠳᠦᠷᠭᠡᠰᠦᠭᠰᠡᠨᠠᠴᠠ ᠪᠤᠯᠵᠤ ᠠᠰᠢᠭ ᠦᠭᠡᠢ ᠨᠦᠬᠦᠴᠡᠯ ᠲᠤᠤᠷ᠎ᠠ ᠦᠶᠡᠷ᠎ᠤᠨ ᠤᠰᠤ ᠲᠦᠷᠦᠯ ᠵᠤᠢ᠌ᠯ᠎ᠤᠨ ᠭᠠᠳᠠᠨᠠᠬᠢ ᠪᠡᠯ᠎ᠳᠤ ᠨᠦᠯᠦᠭᠡ ᠤᠴᠠᠷᠠᠭᠤᠯᠬᠤ ᠪᠤᠯᠤᠮᠵᠢ᠎ᠲᠠᠢ ᠪᠠᠢ᠌ᠬᠤ ᠵᠢ ᠪᠤᠳᠤᠯᠬᠢᠯᠠᠵᠤ᠂ ᠡᠮᠦᠨ᠎ᠡ᠂ ᠤᠮᠠᠷ᠎ᠠ ᠬᠤᠶᠠᠷ ᠭᠤᠯᠳᠤᠩ ᠬᠦᠨᠳᠡᠢ ᠵᠢᠨ ᠬᠤᠭᠤᠷᠤᠨᠳᠤ ᠤᠰᠤ ᠲᠠᠳᠠᠷᠠᠭᠤᠯᠬᠤ ᠰᠤᠪᠠᠭ ᠮᠠᠯᠳᠠᠵᠤ᠂ ᠦᠶᠡᠷ᠎ᠤᠨ ᠤᠰᠤ ᠵᠢ ᠰᠢᠭᠤᠳ ᠲᠦᠷᠦᠯ ᠵᠤᠢ᠌ᠯ᠎ᠤᠨ ᠭᠠᠳᠠᠭᠤᠷ ᠭᠠᠨ ᠾᠸ ᠭᠤᠤᠯ᠎ᠤᠨ ᠭᠤᠯᠳᠤᠷᠢᠯ ᠤᠷᠤᠭᠤ ᠢᠯᠭᠤᠮ ᠤᠷᠤᠰᠬᠠᠵᠤ᠂ ᠲᠦᠷᠦᠯ ᠵᠤᠢ᠌ᠯ᠎ᠤᠨ ᠤᠷᠤᠰᠬᠠᠭᠳᠠᠬᠤ ᠪᠤᠯᠤᠮᠵᠢ ᠵᠢ ᠪᠠᠭ᠋ᠠᠰᠬᠠᠨ᠎ᠠ᠃
ᠭᠤᠷᠪᠠ᠂ ᠲᠥᠷᠥᠯ ᠵᠦᠢ᠍ᠯ᠎ᠢ ᠵᠥᠪᠰᠢᠶᠡᠷᠡᠭᠰᠡᠨ᠎ᠤ ᠳᠠᠷᠠᠭ᠎ᠠ᠂ ᠪᠦᠲᠦᠭᠡᠨ ᠪᠠᠶ᠋ᠢᠭᠤᠯᠬᠤ ᠨᠢᠭᠡᠴᠢ᠎ᠨᠢ ᠡᠷᠬᠡᠪᠰᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠣᠯᠤᠨ ᠪᠠᠷᠢᠯᠭ᠎ᠠ ᠵᠢᠨ ᠲᠣᠬᠢᠷᠠᠭᠤᠯᠤᠯᠲᠠ᠂ ᠪᠠᠷᠢᠯᠭ᠎ᠠ ᠵᠢᠨ ᠠᠵᠢᠯ᠎ᠤᠨ ᠦᠶᠡᠷ ᠤᠰᠤᠳᠠᠯᠢ ᠰᠡᠷᠭᠡᠶ᠋ᠢᠯᠡᠬᠦ ᠲᠥᠰᠦᠯ᠂ ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷᠠᠬᠢ ᠭᠠᠵᠠᠷ ᠰᠢᠷᠣᠢ ᠵᠢ ᠡᠵᠡᠯᠡᠨ ᠬᠡᠷᠡᠭᠯᠡᠭᠰᠡᠨ ᠪᠠᠶ᠋ᠢᠳᠠᠯ ᠵᠶ᠋ᠠᠨ ᠲᠤᠬᠠᠢ ᠵᠢᠨ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ᠂ ᠬᠢᠨᠠᠭᠤᠯᠤᠭ᠋ᠠᠳ ᠵᠥᠪᠰᠢᠶᠡᠷᠡᠭᠦᠯᠦᠭᠰᠡᠨ᠎ᠤ ᠳᠠᠷᠠᠭ᠎ᠠ ᠰᠠᠶᠢ ᠵᠣᠬᠢᠶᠠᠨ ᠪᠠᠶ᠋ᠢᠭᠤᠯᠤᠨ ᠠᠵᠢᠯᠯᠠᠵᠤ ᠪᠣᠯᠤᠨ᠎ᠠ᠃
ᠳᠥᠷᠪᠡ᠂ ᠲᠥᠷᠥᠯ ᠵᠦᠢ᠍ᠯ᠎ᠤᠨ ᠠᠵᠢᠯᠯᠠᠭ᠋ᠠᠨ᠎ᠤ ᠬᠤᠭᠤᠴᠠᠭ᠋ᠠᠨ᠎ᠳᠤ ᠲᠤᠬᠠᠢ ᠵᠢᠨ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠲᠤᠰᠢᠶᠠᠯ ᠵᠶ᠋ᠠᠨ ᠬᠢᠴᠢᠶᠡᠩᠭᠦᠢ᠍ᠯᠡᠨ ᠬᠦᠢ᠍ᠴᠡᠳᠭᠡᠵᠦ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠢ᠃
ᠲᠠᠪᠤ᠂ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠳᠡᠭᠡᠳᠦ ᠤᠷᠤᠰᠬᠠᠯ᠎ᠤᠨ ᠤᠰᠤᠨ ᠰᠢᠨᠵᠢᠯᠡᠭᠡᠨ᠎ᠤ ᠤᠷᠢᠳᠴᠢᠯᠠᠭᠰᠠᠨ ᠮᠡᠳᠡᠭᠡ ᠵᠢ ᠴᠢᠩᠭ᠎ᠠ ᠠᠩᠬᠠᠷᠴᠤ᠂ ᠦᠶᠡᠷ᠎ᠠᠴᠠ ᠰᠡᠷᠭᠡᠢ᠌ᠯᠡᠬᠦ ᠤᠷᠢᠳᠴᠢᠯᠠᠭᠰᠠᠨ ᠲᠦᠰᠦᠪ ᠨᠠᠶ᠋ᠢᠷᠠᠭᠤᠯᠤᠨ ᠵᠤᠬᠢᠶᠠᠵᠤ᠂ ᠭᠣᠣᠯ᠎ᠤᠨ ᠵᠠᠮ᠎ᠤᠨ ᠦᠶᠡᠷ᠎ᠤᠨ ᠠᠶᠤᠯ ᠦᠭᠡᠢ ᠪᠠᠶ᠋ᠢᠳᠠᠯ᠎ᠢ ᠪᠠᠲᠤᠯᠠᠬᠤ ᠬᠡᠷᠡᠭᠲᠡᠢ᠃
ᠵᠢᠷᠭᠤᠭ᠎ᠠ᠂ ᠪᠠᠷᠢᠯᠭ᠎ᠠ ᠵᠢᠨ ᠬᠤᠭᠤᠴᠠᠭ᠋ᠠᠨ᠎ᠳᠤ ᠪᠠᠷᠢᠯᠭ᠎ᠠ ᠵᠢᠨ ᠵᠢᠷᠤᠭ᠂ ᠵᠢᠷᠤᠭ ᠲᠥᠯᠦᠪᠯᠡᠭᠡᠨ᠎ᠤ ᠠᠭᠤᠯᠭ᠎ᠠ ᠵᠢᠨ ᠪᠣᠳᠠᠲᠠᠢ ᠲᠣᠬᠢᠷᠠᠭᠤᠯᠤᠯᠲᠠ ᠵᠢᠨ ᠲᠥᠰᠦᠯ᠎ᠢ ᠦᠨᠳᠦᠰᠦᠯᠡᠨ ᠦᠶᠡᠷ᠎ᠢ ᠰᠡᠷᠭᠡᠶ᠋ᠢᠯᠡᠬᠦ ᠨᠥᠯᠥᠭᠡᠯᠡᠯ᠎ᠳᠤ ᠳᠠᠬᠢᠨ ᠬᠠᠷᠭᠤᠭᠤᠯᠤᠯᠲᠠ ᠬᠢᠵᠦ᠂ ᠠᠶᠤᠯ᠎ᠠᠴᠠ ᠠᠪᠤᠷᠠᠬᠤ ᠡᠳ᠋ ᠮᠠᠲ᠋ᠧᠷᠢᠶᠠᠯ ᠨᠥᠭᠡᠴᠡᠯᠡᠵᠦ᠂ ᠪᠠᠷᠢᠯᠭ᠎ᠠ ᠵᠢᠨ ᠠᠵᠢᠯ᠎ᠤᠨ ᠬᠤᠭᠤᠴᠠᠭ᠋ᠠᠨ᠎ᠤ ᠠᠶᠤᠯ ᠦᠭᠡᠢ ᠪᠠᠶ᠋ᠢᠳᠠᠯ᠎ᠢ ᠪᠠᠲᠤᠯᠠᠬᠤ ᠬᠡᠷᠡᠭᠲᠡᠢ᠃ ᠪᠠᠷᠢᠯᠭ᠎ᠠ ᠵᠢᠨ ᠬᠤᠭᠤᠴᠠᠭ᠋ᠠᠨ᠎ᠳᠤ᠂ ᠪᠠᠷᠢᠯᠭ᠎ᠠ ᠵᠢᠨ ᠬᠣᠭ ᠨᠣᠪᠰᠢ ᠵᠢ ᠴᠠᠭ ᠲᠤᠬᠠᠢᠳᠤᠨᠢ ᠭᠣᠣᠯ᠎ᠤᠨ ᠭᠤᠯᠳᠤᠷᠢᠯ᠎ᠠᠴᠠ ᠴᠡᠪᠡᠷᠯᠡᠵᠦ᠂ ᠪᠠᠷᠢᠯᠭ᠎ᠠ᠎ᠳᠤ ᠬᠡᠷᠡᠭᠰᠡᠬᠦ ᠪᠠᠷᠢᠯᠭ᠎ᠠ ᠵᠢᠨ ᠮᠠᠲ᠋ᠧᠷᠢᠶᠠᠯ᠎ᠢ ᠭᠣᠣᠯ᠎ᠤᠨ ᠭᠤᠯᠳᠤᠷᠢᠯ᠎ᠳᠤ ᠬᠠᠳᠠᠭ᠋ᠠᠯᠠᠨᠨ ᠲᠠᠯᠪᠢᠬᠤ ᠵᠢ ᠴᠠᠭ᠋ᠠᠵᠠᠯᠠᠨ᠎ᠠ᠃
ᠳᠣᠯᠣᠭ᠎ᠠ᠂ ᠪᠠᠷᠢᠯᠭ᠎ᠠ ᠪᠠᠷᠢᠬᠤ ᠬᠤᠭᠤᠴᠠᠭ᠋ᠠᠨ᠎ᠤ ᠪᠠᠷᠢᠯᠭ᠎ᠠ ᠵᠢᠨ ᠮᠠᠰᠢᠨ ᠮᠸᠬᠠᠨᠢᠭ᠂ ᠡᠳ᠋ ᠪᠠᠷᠠᠭ᠎ᠠ ᠬᠠᠳᠠᠭ᠋ᠠᠯᠠᠬᠤ᠂ ᠪᠠᠷᠢᠯᠭ᠎ᠠ ᠪᠠᠷᠢᠬᠤ ᠭᠠᠵᠠᠷ ᠵᠡᠷᠭᠡ᠎ᠨᠢ ᠬᠡᠰᠡᠭ ᠭᠣᠣᠯ᠎ᠤᠨ ᠵᠠᠮ᠎ᠤᠨ ᠦᠶᠡᠷ ᠪᠠᠭᠤᠬᠤ ᠤᠭᠳᠤᠯᠤᠭ᠋ᠠᠰᠤ ᠵᠢ ᠡᠵᠡᠯᠡᠨ ᠬᠡᠷᠡᠭᠯᠡᠬᠦ᠎ᠳᠤ ᠡᠷᠬᠡᠪᠰᠢ ᠦᠶᠡᠷ ᠰᠡᠷᠭᠡᠶ᠋ᠢᠯᠡᠬᠦ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠬᠦ ᠬᠡᠷᠡᠭᠲᠡᠢ᠃ ᠪᠠᠷᠢᠯᠭ᠎ᠠ ᠵᠢᠨ ᠬᠤᠭᠤᠴᠠᠭ᠋ᠠᠨ᠎ᠳᠤ ᠪᠠᠷᠢᠯᠭ᠎ᠠ ᠵᠢᠨ ᠨᠢᠭᠡᠴᠢ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠨ᠂ ᠪᠠᠷᠢᠯᠭ᠎ᠠ ᠵᠢᠨ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠦᠶᠡᠷ ᠤᠷᠤᠰᠬᠠᠬᠤ ᠨᠡᠪᠲᠡᠷᠡᠬᠦ ᠵᠠᠮ᠎ᠤᠨ ᠬᠡᠪᠴᠢᠶᠡᠨ᠎ᠳᠤ ᠪᠠᠷᠢᠯᠭ᠎ᠠ ᠵᠢᠨ ᠮᠠᠲ᠋ᠧᠷᠢᠶᠠᠯ ᠣᠪᠣᠭ᠋ᠠᠯᠠᠵᠤ ᠲᠠᠯᠪᠢᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠪᠠᠷᠢᠯᠭ᠎ᠠ ᠵᠢᠨ ᠠᠵᠢᠯ ᠳᠠᠭᠤᠰᠤᠭᠰᠠᠨ᠎ᠤ ᠳᠠᠷᠠᠭ᠎ᠠ ᠪᠠᠷᠢᠯᠭ᠎ᠠ ᠵᠢᠨ ᠲᠠᠯᠠᠪᠠᠢ ᠵᠢ ᠲᠤᠶ᠋ᠢᠯᠪᠤᠷᠢᠲᠠᠢ ᠴᠡᠪᠡᠷᠯᠡᠵᠦ᠂ ᠭᠣᠣᠯ᠎ᠤᠨ ᠵᠠᠮ᠎ᠤᠨ ᠤᠤᠯ ᠲᠥᠷᠬᠦ ᠪᠣᠯᠤᠨ ᠭᠠᠵᠠᠷ᠎ᠤᠨ ᠭᠠᠳᠠᠷᠭᠤ ᠵᠢᠨ ᠥᠨᠳᠥᠷ ᠵᠠᠢ ᠵᠢ ᠨᠡᠩ ᠰᠠᠶ᠋ᠢᠨ ᠬᠠᠮᠠᠭ᠋ᠠᠯᠠᠬᠤ ᠬᠡᠷᠡᠭᠲᠡᠢ᠃
ᠨᠠᠢ᠍ᠮᠠ᠂ ᠪᠠᠷᠢᠯᠭ᠎ᠠ ᠳᠠᠭᠤᠰᠴᠤ ᠰᠢᠯᠭ᠋ᠠᠨ ᠠᠪᠬᠤ᠎ᠠᠴᠠ ᠡᠮᠦᠨ᠎ᠡ᠂ ᠪᠠᠷᠢᠯᠭ᠎ᠠ ᠪᠠᠷᠢᠬᠤ ᠶᠠᠪᠤᠴᠠ᠎ᠳᠤ ᠪᠣᠢ ᠪᠣᠯᠤᠭᠰᠠᠨ ᠬᠠᠶᠠᠭᠳᠠᠮᠠᠯ ᠡᠳ᠋ ᠵᠢ ᠡᠷᠬᠡᠪᠰᠢ ᠭᠣᠣᠯ᠎ᠠᠴᠠ ᠭᠠᠷᠭ᠋ᠠᠬᠤ ᠪᠤᠶᠤ ᠦᠶᠡᠷ ᠤᠷᠤᠰᠬᠠᠬᠤ ᠨᠡᠪᠲᠡᠷᠡᠬᠦ ᠵᠠᠮ᠎ᠢ ᠴᠡᠪᠡᠷᠯᠡᠬᠦ ᠵᠢᠨ ᠬᠠᠮᠲᠤ ᠬᠣᠯᠪᠣᠭᠳᠠᠯ ᠪᠦᠬᠦᠢ ᠵᠢᠷᠤᠮᠵᠢᠯ᠎ᠤᠨ ᠱᠠᠭ᠋ᠠᠷᠳᠠᠯᠭ᠎ᠠ ᠶᠣᠰᠣᠭ᠋ᠠᠷ ᠭᠣᠣᠯ᠎ᠤᠨ ᠵᠠᠮ᠎ᠤᠨ ᠤᠭ ᠳᠦᠷᠰᠦ ᠵᠢ ᠰᠡᠷᠭᠦᠭᠡᠬᠦ ᠬᠡᠷᠡᠭᠲᠡᠢ᠃ ᠭᠡᠬᠦ ᠮᠥᠷᠲᠡᠭᠡᠨ ᠡᠷᠬᠡᠪᠰᠢ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠢᠯᠭ᠋ᠠᠨ ᠬᠤᠷᠢᠶᠠᠯᠲᠠ ᠵᠢ ᠲᠠᠪᠠᠭᠰᠠᠨ ᠪᠠᠢ᠌ᠬᠤ ᠬᠡᠷᠡᠭᠲᠡᠢ᠃
ᠶᠢᠰᠦ᠂ ᠪᠠᠷᠢᠯᠭ᠎ᠠ ᠪᠠᠷᠢᠬᠤ ᠨᠢᠭᠡᠴᠢ᠎ᠠᠴᠠ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠶᠠᠪᠤᠴᠠ᠎ᠳᠤ ᠲᠤᠭᠳᠠᠭᠰᠠᠨ ᠲᠥᠷᠥᠯ ᠵᠦᠢ᠍ᠯ᠎ᠤᠨ ᠭᠠᠵᠠᠷ ᠰᠢᠷᠤᠢ ᠡᠵᠡᠯᠡᠬᠦ ᠬᠡᠪᠴᠢᠶ᠎ᠡ᠂ ᠵᠢᠷᠤᠭ ᠲᠥᠯᠥᠪᠯᠡᠭᠡ ᠵᠢᠨ ᠥᠨᠳᠥᠷ᠎ᠤᠨ ᠬᠡᠮᠵᠢᠶ᠎ᠡ ᠵᠢ ᠴᠢᠩᠭ᠎ᠠ ᠵᠢᠷᠤᠮᠯᠠᠨ ᠠᠵᠢᠯᠯᠠᠬᠤ ᠬᠡᠷᠡᠭᠲᠡᠢ᠃ ᠵᠢᠷᠤᠭ ᠲᠥᠯᠦᠪᠯᠡᠭᠡᠨ᠎ᠤ ᠥᠨᠳᠥᠷᠴᠡ ᠵᠢ ᠳᠤᠷ᠎ᠠ᠎ᠪᠠᠷ ᠵᠶ᠋ᠠᠨ ᠪᠠᠭᠤᠷᠠᠭᠤᠯᠬᠤ ᠪᠤᠶᠤ ᠥᠰᠬᠡᠵᠦ ᠪᠣᠯᠬᠤ ᠦᠭᠡᠢ᠃ ᠵᠦᠪᠰᠢᠶᠠᠷᠠᠯ ᠤᠯᠤᠭᠰᠠᠨ ᠡᠵᠡᠯᠡᠬᠦ ᠭᠠᠵᠠᠷ᠎ᠤᠨ ᠬᠡᠪᠴᠢᠶᠡᠨ᠎ᠠᠴᠠ ᠭᠠᠳᠠᠨ᠎ᠠ ᠪᠤᠰᠤᠳ ᠪᠠᠷᠢᠯᠭ᠎ᠠ ᠪᠠᠷᠢᠵᠤ ᠪᠤᠯᠬᠤ ᠦᠭᠡᠢ᠃ ᠪᠠᠷᠢᠯᠭ᠎ᠠ ᠳᠠᠭᠤᠰᠤᠭᠰᠠᠨ᠎ᠤ ᠳᠠᠷᠠᠭ᠎ᠠ᠂ ᠲᠤᠬᠠᠢ ᠵᠢᠨ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠢᠷᠤᠭ ᠲᠦᠯᠦᠪᠯᠡᠭᠡ ᠵᠢᠨ ᠪᠠᠷᠢᠮᠵᠢᠶ᠎ᠠ ᠥᠨᠳᠥᠷ ᠵᠢᠴᠢ ᠡᠵᠡᠯᠡᠭᠰᠡᠨ ᠭᠠᠵᠠᠷ᠎ᠤᠨ ᠬᠡᠮᠵᠢᠶ᠎ᠡ ᠵᠢ ᠴᠢᠩᠭ᠎ᠠ ᠪᠠᠢ᠌ᠴᠠᠭ᠋ᠠᠨ ᠬᠡᠮᠵᠢᠭᠰᠡᠨᠤ ᠲᠠᠷᠠᠭ᠎ᠠ ᠰᠠᠶᠢ ᠬᠡᠷᠡᠭᠯᠡᠭᠡᠨ᠎ᠳᠤ ᠤᠷᠤᠭᠤᠯᠵᠤ ᠪᠤᠯᠤᠨ᠎ᠠ᠃