ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠶ᠋ᠢᠮᠠᠭ᠄ 《ᠤᠰᠤᠨ ᠠᠰᠢᠭᠯᠠᠯᠲᠠ + ᠵᠤᠭ᠋ᠠᠴᠠᠯ》᠎ᠤᠨ ᠰᠢᠨ᠎ᠡ ᠬᠠᠭᠤᠳᠠᠰᠤ ᠵᠢ ᠳᠠᠬᠢᠨᠲᠠ ᠨᠡᠭᠡᠭᠡᠵᠡᠢ
ᠨᠡᠶ᠋ᠢᠲᠡᠯᠡᠭᠰᠡᠨ ᠴᠠᠭ᠄ 2020-12-23

      ᠪᠦᠬᠦ ᠠᠶ᠋ᠢᠮᠠᠭ᠎ᠤᠨ ᠵᠤᠭ᠋ᠠᠴᠠᠯ᠎ᠤᠨ ᠬᠥᠭᠵᠢᠯᠲᠡ ᠵᠢᠨ ᠵᠥᠪᠯᠡᠯ᠎ᠤᠨ ᠠᠩᠬᠠᠳᠤᠭ᠋ᠠᠷ ᠪᠦᠭᠦᠳᠡ ᠬᠤᠷᠠᠯᠳᠤᠭ᠋ᠠᠨ᠎ᠤ ᠳᠠᠷᠠᠭ᠎ᠠ᠂ ᠮᠠᠨ᠎ᠤ ᠲᠣᠪᠴᠢᠶ᠎ᠠ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠤᠰᠬᠠᠢ ᠬᠦᠮᠦᠨ ᠵᠶ᠋ᠡᠷ ᠬᠠᠷᠢᠭᠤᠴᠠᠭᠤᠯᠤᠨ᠂ ᠪᠦᠬᠦ ᠰᠠᠯᠠᠭ᠎ᠠ ᠲᠠᠰᠤᠭ ᠪᠤᠯᠤᠨ ᠠᠵᠢᠯ ᠦᠢ᠍ᠯᠡᠰ᠎ᠤᠨ ᠨᠢᠭᠡᠴᠢ ᠤᠷᠤᠯᠴᠠᠨ᠂ ᠬᠠᠮᠳᠤ᠎ᠪᠠᠷ 《ᠤᠰᠤᠨ ᠠᠰᠢᠭᠯᠠᠯᠲᠠ + ᠵᠤᠭ᠋ᠠᠴᠠᠯ》᠎ᠤᠨ ᠬᠥᠭᠵᠢᠯᠲᠡ ᠵᠢᠨ ᠰᠡᠳᠬᠢᠮᠵᠢ ᠵᠢ ᠰᠦᠪᠡᠭᠴᠢᠯᠡᠪᠡ᠃ ᠡᠬᠦᠨ᠎ᠤ ᠰᠠᠭᠤᠷᠢᠨ ᠲᠡᠭᠡᠷ᠎ᠡ 7 ᠰᠠᠷ᠎ᠠ ᠵᠢᠨ 24᠎ᠤ ᠡᠳᠦᠷ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠦᠷᠭᠡᠳᠭᠡᠭᠰᠡᠨ ᠬᠤᠷᠠᠯ ᠬᠤᠷᠠᠯᠳᠤᠭᠤᠯᠵᠤ᠂ ᠪᠦᠬᠦ ᠠᠢ᠌ᠮᠠᠭ᠎ᠤᠨ ᠵᠤᠭ᠋ᠠᠴᠠᠯ᠎ᠤᠨ ᠬᠦᠭᠵᠢᠯᠳᠡ ᠵᠢᠨ ᠵᠦᠪᠯᠡᠯ᠎ᠤᠨ ᠠᠩᠬᠠᠳᠤᠭ᠋ᠠᠷ ᠤᠳᠠᠭ᠋ᠠᠨ᠎ᠤ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠳᠤ《ᠬᠢᠩᠭ᠋ᠠᠨ ᠠᠶ᠋ᠢᠮᠠᠭ᠎ᠤᠨ〈ᠤᠰᠤᠨ ᠠᠰᠢᠭᠯᠠᠯᠲᠠ + ᠵᠤᠭ᠋ᠠᠴᠠᠯ〉᠎ᠤᠨ ᠠᠵᠢᠯ᠎ᠢ ᠬᠡᠷᠡᠭᠵᠢᠬᠦᠯᠬᠦ ᠲᠦᠰᠦᠪ》 ᠪᠠ《ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠤᠪᠴᠢᠶᠠᠨ᠎ᠤ ᠵᠤᠭ᠋ᠠᠴᠠᠯ᠎ᠳᠤ ᠬᠤᠯᠪᠤᠭᠳᠠᠭᠰᠠᠨ ᠭᠤᠤᠯᠳᠠᠯᠭ᠎ᠠ᠎ᠲᠠᠢ ᠠᠵᠢᠯ᠎ᠤᠨ ᠨᠠᠷᠢᠨ ᠬᠠᠭᠤᠳᠠᠰᠤ》ᠵᠢ ᠰᠤᠳᠤᠯᠤᠨ ᠲᠤᠭᠳᠠᠭ᠋ᠠᠪᠠ᠃
     9 ᠰᠠᠷ᠎ᠠ ᠵᠢᠨ 9᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠦᠵᠡᠮᠵᠢ ᠵᠢᠨ ᠣᠷᠣᠨ᠎ᠤ ᠠᠯᠪᠠᠨ ᠭᠡᠷ᠎ᠤᠨ ᠲᠤᠰᠬᠠᠢ ᠮᠡᠷᠭᠡᠵᠢᠯᠲᠡᠨ᠎ᠤ ᠪᠠᠶ᠋ᠢᠴᠠᠭ᠋ᠠᠨ ᠰᠤᠳᠤᠯᠤᠯᠲᠠ ᠵᠢᠨ ᠳᠤᠭᠤᠶ᠋ᠢᠯᠠᠩ ᠮᠠᠨ᠎ᠤ ᠠᠶ᠋ᠢᠮᠠᠭ᠎ᠲᠤ ᠢᠷᠡᠵᠦ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠬᠤ ᠵᠢᠨ ᠬᠠᠮᠲᠤ 《ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠪᠠ ᠠᠰᠢᠭᠯᠠᠯᠲᠠ ᠵᠢᠨ ᠪᠠᠶ᠋ᠢᠴᠠᠭ᠋ᠠᠯᠲᠠ ᠵᠢᠨ ᠶᠡᠷᠦᠩᠬᠡᠢ ᠮᠡᠳᠡᠭᠦᠯᠦᠯᠲᠡ》᠎ᠳᠤ ᠳᠤᠮᠳᠠ ᠬᠤᠭᠤᠴᠠᠭ᠋ᠠᠨ᠎ᠤ ᠦᠨᠡᠯᠡᠯᠲᠡ ᠬᠢᠵᠡᠢ᠃
      ᠪᠠᠶ᠋ᠢᠴᠠᠭ᠋ᠠᠨ ᠰᠤᠳᠤᠯᠤᠯᠲᠠ ᠵᠢᠨ ᠳᠤᠭᠤᠶ᠋ᠢᠯᠠᠩ ᠤᠷᠢᠳ ᠬᠣᠵᠢᠳ ᠵᠠᠯᠠᠶ᠋ᠢᠳ ᠬᠤᠰᠢᠭᠤᠨ᠎ᠤ ᠴᠤᠤᠯ ᠤᠰᠤᠨ ᠠᠰᠢᠭᠯᠠᠯᠲᠠ ᠵᠢᠨ ᠬᠦᠢ᠍ᠰᠦ ᠵᠢᠨ ᠲᠤᠤᠷᠠᠳᠤ ᠤᠷᠤᠰᠬᠠᠯ᠎ᠤᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠂ ᠤᠯᠠᠭ᠋ᠠᠨᠬᠤᠲᠠ ᠵᠢᠨ   ᠲᠤᠭᠤᠷ᠎ᠤᠨ ᠭᠣᠣᠯ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ ᠪᠠ ᠬᠣᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ᠎ᠤ ᠬᠢᠩᠭ᠋ᠠᠨ ᠤᠰᠤᠨ ᠴᠥᠭᠥᠷᠥᠮ᠂ ᠲᠡᠪᠰᠡᠩ ᠪᠠᠯᠭ᠋ᠠᠰᠤᠨ᠎ᠤ ᠾᠸᠢ ᠶᠠᠩ ᠱᠠᠨ᠂ ᠮᠠᠨᠵᠤ ᠲᠦᠨ᠎ᠤ ᠨᠤᠭᠤ ᠭᠠᠵᠠᠷ᠎ᠤᠨ ᠨᠤᠲᠤᠭ ᠪᠡᠯᠴᠢᠭᠡᠷ᠂ ᠤᠯᠠᠭ᠋ᠠᠨᠮᠤᠳᠤ ᠲᠠᠯ᠎ᠠ ᠨᠤᠲᠤᠭ ᠵᠡᠷᠭᠡ ᠭᠠᠵᠠᠷ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠣᠷᠣᠨ᠂ ᠭᠣᠣᠯ ᠨᠠᠭᠤᠷ᠎ᠤᠨ ᠴᠡᠴᠡᠷᠯᠢᠭ ᠵᠢᠴᠢ ᠨᠤᠭᠤ ᠭᠠᠵᠠᠷ᠎ᠤᠨ ᠲᠠᠯ᠎ᠠ ᠨᠤᠳᠤᠭ ᠵᠡᠷᠭᠡ ᠦᠵᠡᠮᠵᠢ ᠵᠢᠨ ᠣᠷᠣᠨ᠎ᠢ ᠲᠤᠭᠤᠷᠢᠨ ᠦᠵᠡᠭᠰᠡᠨ᠎ᠤ ᠲᠠᠷᠠᠭ᠎ᠠ ᠮᠠᠨ᠎ᠤ ᠠᠢ᠌ᠮᠠᠭ᠎ᠤᠨ ᠤᠰᠤᠨ ᠠᠰᠢᠭᠯᠠᠯᠳᠠ ᠵᠢᠨ ᠦᠵᠡᠮᠵᠢ ᠵᠢᠨ ᠡᠬᠢ ᠪᠠᠶᠠᠯᠢᠭ᠎ᠤᠨ ᠬᠠᠮᠠᠭ᠋ᠠᠯᠠᠯᠳᠠ ᠪᠠ ᠠᠰᠢᠭᠯᠠᠯᠳᠠ ᠵᠢᠨ ᠠᠵᠢᠯ᠎ᠢ ᠮᠠᠰᠢ ᠦᠨᠳᠦᠷ ᠦᠨᠡᠯᠡᠭᠰᠡᠨ ᠪᠠᠢ᠌ᠨ᠎ᠠ᠃
     9 ᠰᠠᠷ᠎ᠠ ᠵᠢᠨ 10᠎ᠤ ᠦᠳᠡ ᠵᠢᠨ ᠬᠣᠶ᠋ᠢᠨ᠎ᠠ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ 《ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠲᠤᠬᠠᠢ ᠪᠠᠶ᠋ᠢᠴᠠᠭ᠋ᠠᠯᠲᠠ ᠵᠢᠨ ᠶᠡᠷᠦᠩᠬᠡᠢ ᠮᠡᠳᠡᠭᠦᠯᠦᠯᠲᠡ》᠎ᠳᠤ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠬᠢᠵᠦ᠂ ᠨᠠᠶ᠋ᠢᠷᠠᠭᠤᠯᠤᠨ ᠵᠣᠬᠢᠶᠠᠬᠤ ᠨᠢᠭᠡᠴᠢ ᠪᠤᠯᠬᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠤᠰᠤᠨ ᠴᠠᠬᠢᠯᠭ᠋ᠠᠨ᠎ᠤ ᠬᠠᠶ᠋ᠢᠨ ᠬᠡᠮᠵᠢᠬᠦ ᠵᠢᠷᠤᠭ ᠲᠥᠯᠦᠪᠯᠡᠭᠡᠨ᠎ᠤ ᠬᠦᠷᠢᠶᠡᠯᠡᠩ᠎ᠤᠨ ᠲᠥᠷᠥᠯ ᠵᠦᠢ᠍ᠯ᠎ᠤᠨ ᠪᠦᠯᠬᠦᠮ ᠲᠣᠮᠢᠯᠠᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠤᠨ ᠲᠤᠬᠠᠢ ᠨᠠᠷᠢᠨ ᠨᠢᠮᠪᠠᠢ ᠬᠠᠷᠢᠭᠤ ᠮᠡᠳᠡᠭᠦᠯᠦᠯᠲᠡ ᠬᠢᠪᠡ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠨᠠᠢ᠌ᠷᠠᠭᠤᠯᠤᠨ ᠵᠤᠬᠢᠶᠠᠬᠤ ᠠᠵᠢᠯ᠎ᠢ ᠨᠤᠳᠠᠯᠠᠬᠤ ᠵᠢᠨ ᠬᠠᠮᠳᠤ ᠮᠡᠳᠡᠬᠦᠯᠦᠯᠳᠡ ᠵᠢᠨ ᠪᠦᠳᠦᠴᠡ᠂ ᠤᠰᠤᠨ ᠠᠰᠢᠭᠯᠠᠯᠳᠠ ᠵᠢᠨ ᠦᠵᠡᠮᠵᠢ ᠵᠢᠨ ᠡᠬᠢ ᠪᠠᠶᠠᠯᠢᠭ᠎ᠤᠨ ᠬᠠᠮᠠᠭ᠋ᠠᠯᠠᠯᠳᠠ ᠪᠠ ᠠᠰᠢᠭᠯᠠᠯᠳᠠ᠂ ᠤᠳᠤᠬᠢ ᠠᠰᠠᠭᠤᠳᠠᠯ᠎ᠢ ᠰᠢᠢ᠍ᠳᠪᠤᠷᠢᠯᠡᠬᠦ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠨᠠᠨᠳᠢᠨ ᠰᠠᠨᠠᠯ ᠲᠤᠷᠠᠳᠤᠭᠰᠠᠨ ᠪᠠᠢ᠌ᠨ᠎ᠠ᠃
     11 ᠰᠠᠷ᠎ᠠ ᠵᠢᠨ 11᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠦᠵᠡᠮᠵᠢ ᠵᠢᠨ ᠣᠷᠣᠨ᠎ᠤ ᠠᠯᠪᠠᠨ ᠭᠡᠷ᠎ᠤᠨ ᠲᠤᠰᠬᠠᠢ ᠮᠡᠷᠭᠡᠵᠢᠯᠲᠡᠨ᠎ᠤ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠳᠠᠬᠢᠨᠲᠠ ᠷᠠᠰᠢᠶᠠᠨ ᠬᠣᠲᠠ᠎ᠳᠤ       ᠬᠦᠷᠴᠦ 《ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠪᠠᠶ᠋ᠢᠴᠠᠭ᠋ᠠᠯᠲᠠ》 ᠵᠢᠨ ᠰᠡᠳᠦᠪ᠎ᠲᠤ ᠬᠢᠨᠠᠨ ᠵᠢᠯᠣᠭᠣᠳᠤᠯᠭ᠎ᠠ ᠬᠢᠵᠦ᠂ ᠪᠣᠳᠠᠲᠠᠢ ᠭᠠᠵᠠᠷ᠎ᠲᠤᠨᠢ ᠠᠵᠢᠯ ᠥᠷᠨᠢᠭᠦᠯᠦᠭᠰᠡᠨ ᠪᠠᠶ᠋ᠢᠳᠠᠯ᠎ᠢ ᠣᠶ᠋ᠢᠯᠠᠭ᠋ᠠᠵᠤ᠂ ᠤᠷᠤᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠤᠷᠢᠯᠡᠬᠦ ᠵᠢ ᠰᠤᠳᠤᠯᠤᠨ ᠶᠠᠷᠢᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠄ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ ᠥᠨᠳᠥᠷ ᠪᠠᠷᠢᠮᠵᠢᠶ᠎ᠠ᠎ᠪᠠᠷ ᠴᠢᠩᠭ᠎ᠠ ᠱᠠᠭ᠋ᠠᠷᠳᠠᠵᠤ ᠪᠠᠷᠢᠮᠵᠢᠶ᠎ᠠ᠎ᠳᠤ ᠬᠦᠷᠭᠡᠵᠦ ᠪᠤᠢ
ᠬᠢᠩᠭ᠋ᠠᠨ ᠠᠶ᠋ᠢᠮᠠᠭ᠄ ᠳᠤᠮᠳᠠᠳᠤ ᠵᠢᠨ ᠬᠦᠰᠡᠯ ᠵᠶ᠋ᠡᠨ ᠬᠠᠮᠲᠤ᠎ᠪᠠᠷ ᠪᠡᠶᠡᠯᠡᠬᠦᠯᠵᠦ᠂ ᠰᠫᠤᠷᠲ ᠵᠢᠨ ᠭᠤᠸ᠎ᠠ ᠰᠠᠶ᠋ᠢᠬᠠᠨ᠎ᠢ ᠢᠯᠡᠷᠡᠭᠦᠯᠦᠶ᠎ᠡ — ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ 《ᠳᠤᠮᠳᠠᠳᠤ ᠵᠢᠨ ᠬᠦᠰᠡᠯ ᠰᠫᠤᠷᠲ ᠵᠢᠨ ᠰᠠᠶ᠋ᠢᠬᠠᠨ》 ᠥᠲᠥᠨ ᠪᠥᠮᠪᠥᠭᠡ᠂ ᠫᠢᠩᠫᠤᠩ ᠪᠥᠮᠪᠥᠭᠡ ᠵᠢᠨ ᠤᠷᠤᠯᠳᠤᠭ᠋ᠠᠨ᠎ᠳᠤ ᠤᠷᠤᠯᠴᠠᠪᠠ
ᠬᠢᠩᠭ᠋ᠠᠨ ᠠᠶ᠋ᠢᠮᠠᠭ᠄ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠠᠪᠴᠤ ᠠᠷᠠᠳ᠎ᠤᠨ ᠠᠮᠢᠳᠤᠷᠠᠯ᠎ᠳᠤ ᠠᠰᠢᠭ ᠲᠤᠰᠠ ᠬᠦᠷᠲᠡᠭᠡᠵᠦ ᠤᠰᠤᠨ ᠠᠰᠢᠭᠯᠠᠯᠲᠠ᠎ᠪᠠᠷ ᠶᠠᠳᠠᠭᠤ ᠵᠢ ᠲᠡᠳᠬᠦᠵᠦ ᠴᠢᠨᠡᠭᠡᠯᠢᠭ ᠨᠡᠶ᠋ᠢᠭᠡᠮ᠎ᠢ ᠪᠦᠲᠦᠭᠡᠨ ᠪᠠᠢ᠌ᠭᠤᠯᠤᠨ᠎ᠠ
ᠬᠢᠩᠭ᠋ᠠᠨ ᠠᠶ᠋ᠢᠮᠠᠭ᠄ ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠠᠴᠠ ᠷᠠᠰᠢᠶᠠᠨ ᠬᠣᠲᠠ᠎ᠳᠤ ᠬᠦᠷᠴᠦ 《ᠥᠪᠥᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠪᠠᠶ᠋ᠢᠴᠠᠭ᠋ᠠᠯᠲᠠ》 ᠵᠢᠨ ᠰᠡᠳᠦᠪ᠎ᠤᠨ ᠬᠢᠨᠠᠨ ᠵᠢᠯᠣᠭᠣᠳᠤᠯᠭ᠎ᠠ ᠬᠢᠬᠦ ᠵᠢᠨ ᠬᠠᠮᠳᠤ ᠰᠠᠭᠤᠳᠠᠯ᠎ᠤᠨ ᠬᠤᠷᠠᠯ ᠬᠢᠪᠡ
ᠰᠢᠯᠢ ᠵᠢᠨ ᠭᠣᠣᠯ᠄ ᠥᠪᠡᠷᠲᠡᠭᠡᠨ ᠵᠠᠰᠠᠬᠤ ᠣᠷᠣᠨ᠎ᠤ ᠭᠣᠣᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠮᠠᠨ᠎ᠤ ᠠᠶ᠋ᠢᠮᠠᠭ᠎ᠲᠤ ᠢᠷᠡᠵᠦ ᠪᠠᠶ᠋ᠢᠴᠠᠭ᠋ᠠᠨ ᠰᠤᠳᠤᠯᠤᠯᠲᠠ ᠬᠢᠪᠡ
 
            