ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠣᠣᠯ᠄ ᠥᠪᠡᠷᠲᠡᠭᠡᠨ ᠵᠠᠰᠠᠬᠤ ᠣᠷᠣᠨ᠎ᠤ ᠭᠣᠣᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠮᠠᠨ᠎ᠤ ᠠᠶ᠋ᠢᠮᠠᠭ᠎ᠲᠤ ᠢᠷᠡᠵᠦ ᠪᠠᠶ᠋ᠢᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2020-12-24

     11 ᠰᠠᠷ᠎ᠠ ᠵᠢᠨ 14᠎ᠤ ᠡᠳᠦᠷ᠎ᠠᠴᠠ 16᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠵᠠᠮ ᠬᠠᠷᠢᠯᠴᠠᠭ᠋ᠠᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ ᠵᠶ᠋ᠡᠷ ᠪᠦᠷᠢᠯᠳᠦᠭᠰᠡᠨ 2020 ᠣᠨ᠎ᠤ ᠭᠣᠣᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠮᠠᠨ᠎ᠤ ᠠᠶ᠋ᠢᠮᠠᠭ᠎ᠤᠨ ᠭᠣᠣᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ᠎ᠳᠤ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠪᠡ᠃
      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠷᠢᠳ ᠬᠣᠵᠢᠳ ᠰᠢᠯᠢ ᠵᠢᠨ ᠬᠣᠲᠠ᠂ ᠲᠤᠯᠤᠨ ᠨᠠᠭᠤᠷ ᠰᠢᠶᠠᠨ ᠪᠣᠯᠤᠨ ᠰᠢᠯᠤᠭᠤᠨ ᠬᠥᠬᠡ ᠬᠤᠰᠢᠭᠤᠨ᠎ᠳᠤ ᠭᠦᠨᠵᠡᠭᠡᠶ᠋ᠢᠷᠡᠨ ᠡᠨᠡ ᠵᠢᠯ᠎ᠤᠨ ᠤᠰᠤᠨ ᠠᠰᠢᠭᠯᠠᠯᠲᠠ ᠵᠢᠨ ᠶᠠᠮᠤᠨ᠎ᠤ ᠣᠷᠣᠵᠤ ᠰᠠᠭᠤᠭᠰᠠᠨ ᠬᠡᠯᠪᠡᠷᠢ ᠵᠢᠨ ᠳᠠᠯᠳᠠ ᠰᠤᠷᠪᠤᠯᠵᠢᠯᠠᠭ᠎ᠠ᠎ᠪᠠᠷ ᠣᠯᠵᠤ ᠮᠡᠳᠡᠭᠰᠡᠨ ᠠᠰᠠᠭᠤᠳᠠᠯ᠎ᠢ ᠴᠡᠭᠴᠡᠯᠡᠨ ᠵᠠᠰᠠᠭᠰᠠᠨ ᠪᠠᠶ᠋ᠢᠳᠠᠯ ᠪᠣᠯᠤᠨ ᠯᠤᠸᠠᠨ ᠾᠧ    (ᠲᠤᠯᠤᠨ ᠰᠢᠶᠠᠨ᠎ᠤ ᠯᠤᠸᠠᠨ ᠶᠤᠸᠠᠨ ᠪᠠᠯᠭ᠋ᠠᠰᠤᠨ᠎ᠤ ᠬᠡᠰᠡᠭ)᠂ ᠱᠠᠨ ᠳ᠋ᠢᠶᠠᠨ ᠭᠣᠣᠯ (ᠰᠢᠯᠤᠭᠤᠨ ᠬᠥᠬᠡ ᠬᠤᠰᠢᠭᠤᠨ᠎ᠤ ᠦ᠋ ᠢ ᠮᠠᠯᠵᠢᠯ᠎ᠤᠨ ᠲᠠᠯᠠᠪᠠᠢ ᠵᠢᠨ ᠬᠡᠰᠡᠭ)᠂ ᠰᠢᠯᠢ ᠵᠢᠨ ᠭᠣᠣᠯ (ᠰᠢᠯᠢᠩᠬᠤᠳᠠ ᠵᠢᠨ ᠰᠢᠯᠢ ᠵᠢᠨ ᠭᠤᠤᠯ ᠤᠰᠤᠨ ᠴᠥᠭᠥᠷᠥᠮ᠎ᠤᠨ ᠬᠡᠰᠡᠭ)᠎ᠤᠨ ᠭᠣᠣᠯ᠎ᠤᠨ ᠬᠠᠮᠢᠶᠠᠷᠤᠯᠲᠠ ᠬᠠᠮᠠᠭ᠋ᠠᠯᠠᠯᠳᠠ ᠵᠢᠨ ᠪᠠᠶ᠋ᠢᠳᠠᠯ᠎ᠢ ᠲᠤᠬᠠᠢ ᠵᠢᠨ ᠲᠠᠯᠠᠪᠠᠢ᠎ᠳᠤ ᠣᠴᠢᠵᠤ ᠪᠠᠢ᠌ᠴᠠᠭ᠋ᠠᠨ ᠦᠵᠡᠵᠦ᠂ ᠦᠨᠳᠦᠰᠦᠨ ᠱᠠᠳᠤᠨ᠎ᠤ ᠭᠤᠤᠯ ᠨᠠᠭᠤᠷ᠎ᠤᠨ ᠬᠠᠮᠢᠶᠠᠷᠤᠯᠳᠠ ᠬᠠᠮᠠᠭ᠋ᠠᠯᠠᠯᠳᠠ ᠵᠢᠨ ᠠᠵᠢᠯ᠎ᠤᠨ ᠲᠤᠷᠰᠢᠯᠭ᠎ᠠ ᠵᠢ ᠰᠣᠨᠣᠰᠴᠠᠢ᠃

ᠵᠢᠷᠤᠭ᠄ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠰᠢᠯᠢ ᠵᠢᠨ ᠭᠣᠣᠯ (ᠰᠢᠯᠢᠩᠬᠤᠳᠠ ᠵᠢᠨ ᠰᠢᠯᠢ ᠵᠢᠨ ᠭᠤᠤᠯ ᠤᠰᠤᠨ ᠴᠥᠭᠥᠷᠥᠮ᠎ᠤᠨ ᠬᠡᠰᠡᠭ)᠎ᠤᠨ ᠭᠣᠣᠯ᠎ᠤᠨ ᠬᠠᠮᠢᠶᠠᠷᠤᠯᠲᠠ ᠬᠠᠮᠠᠭ᠋ᠠᠯᠠᠯᠳᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠪᠠ

ᠵᠢᠷᠤᠭ᠄ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠱᠠᠨ ᠳ᠋ᠢᠶᠠᠨ ᠭᠣᠣᠯ (ᠰᠢᠯᠤᠭᠤᠨ ᠬᠥᠬᠡ ᠬᠤᠰᠢᠭᠤᠨ᠎ᠤ ᠦ᠋ ᠢ ᠮᠠᠯᠵᠢᠯ᠎ᠤᠨ ᠲᠠᠯᠠᠪᠠᠢ ᠵᠢᠨ ᠬᠡᠰᠡᠭ)᠎ᠤᠨ ᠬᠠᠮᠢᠶᠠᠷᠤᠯᠲᠠ ᠬᠠᠮᠠᠭ᠋ᠠᠯᠠᠯᠳᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠪᠠ

ᠵᠢᠷᠤᠭ᠄ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠤᠰᠤᠨ ᠠᠰᠢᠭᠯᠠᠯᠲᠠ ᠵᠢᠨ ᠶᠠᠮᠤᠨ᠎ᠤ ᠣᠷᠣᠵᠤ ᠰᠠᠭᠤᠭᠰᠠᠨ ᠬᠡᠯᠪᠡᠷᠢ ᠵᠢᠨ ᠳᠠᠯᠳᠠᠭᠤᠷ ᠰᠤᠷᠪᠤᠯᠵᠢᠯᠠᠬᠤ ᠲᠤᠭᠤᠢ᠌ᠯᠠᠩ᠎ᠤᠨ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠵᠠᠰᠠᠭᠰᠠᠨ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠪᠠ
      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠮᠠᠨ᠎ᠤ ᠠᠶ᠋ᠢᠮᠠᠭ᠎ᠤᠨ ᠳᠠᠯᠠᠢ ᠵᠢᠨ ᠵᠦᠪᠯᠡᠯ᠂ ᠤᠰᠤᠨ ᠠᠰᠢᠭᠯᠠᠯᠲᠠ ᠵᠢᠨ ᠶᠠᠮᠤᠨ᠎ᠤ ᠳᠠᠯᠳᠠᠭᠤᠷ ᠰᠤᠷᠪᠤᠯᠵᠢᠯᠠᠵᠤ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠵᠠᠰᠠᠬᠤ ᠵᠢ ᠤᠷᠢᠳᠴᠢᠯᠠᠨ ᠪᠡᠶᠡᠯᠡᠭᠦᠯᠦᠭᠰᠡᠨ ᠠᠵᠢᠯ᠎ᠳᠤ ᠭᠦᠢ᠍ᠴᠡᠳ ᠨᠤᠲᠠᠯᠠᠯᠲᠠ ᠦᠭᠭᠦᠭᠰᠡᠨ ᠪᠥᠭᠡᠳ ᠭᠣᠣᠯ ᠨᠠᠭᠤᠷ᠎ᠤᠨ 《ᠳᠥᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠴᠡᠪᠡᠷᠯᠡᠬᠦ》 ᠴᠡᠭᠴᠡᠯᠡᠨ ᠵᠠᠰᠠᠬᠤ ᠵᠢ ᠪᠠᠢ᠌ᠩᠭᠤᠵᠢᠭᠤᠯᠬᠤ ᠪᠠ ᠵᠢᠷᠤᠮᠵᠢᠭᠤᠯᠬᠤ ᠠᠵᠢᠯ᠎ᠢ ᠥᠷᠨᠢᠭᠦᠯᠬᠦ ᠵᠢᠨ ᠬᠠᠮᠲᠤ ᠭᠣᠣᠯ ᠨᠠᠭᠤᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ᠂ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠡᠷᠭᠡ ᠵᠢ ᠪᠦᠲᠦᠮᠵᠢᠲᠡᠢ ᠵᠣᠯᠭ᠋ᠠᠭᠤᠯᠬᠤ ᠵᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠭᠣᠣᠯ ᠨᠠᠭᠤᠷ᠎ᠢ ᠵᠠᠰᠠᠬᠤ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠨ᠂ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠤᠨ ᠠᠯᠪᠠᠨ ᠭᠡᠷ᠂ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠯ᠎ᠡ ᠬᠠᠷᠢᠭᠤᠴᠠᠯᠭ᠋ᠠᠲᠤ ᠰᠠᠯᠠᠭ᠎ᠠ ᠮᠥᠴᠢᠷ ᠪᠣᠯᠤᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠲᠤᠷᠠᠨ ᠬᠠᠮᠵᠢᠯᠴᠠᠬᠤ ᠪᠠ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠠᠵᠢᠯ᠎ᠤᠨ ᠪᠠᠶ᠋ᠢᠳᠠᠯ᠎ᠢ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ ᠭᠡᠪᠡ᠃
      ᠠᠶ᠋ᠢᠮᠠᠭ᠎ᠤᠨ ᠭᠣᠣᠯ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ᠂ ᠠᠶ᠋ᠢᠮᠠᠭ᠎ᠤᠨ ᠪᠠᠶ᠋ᠢᠴᠠᠭ᠋ᠠᠬᠤ ᠬᠤᠪᠢᠶᠠᠷᠢ ᠬᠣᠷᠢᠶ᠎ᠠ᠂ ᠠᠶ᠋ᠢᠮᠠᠭ᠎ᠤᠨ ᠵᠠᠮ ᠬᠠᠷᠢᠯᠴᠠᠭ᠋ᠠᠨ᠎ᠤ ᠲᠣᠪᠴᠢᠶ᠎ᠠ᠂ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠬᠦᠮᠦᠰ ᠪᠠᠷ᠎ᠠ ᠪᠣᠯᠵᠤ ᠪᠠᠶ᠋ᠢᠴᠠᠭ᠋ᠠᠨ ᠰᠤᠳᠤᠯᠤᠯᠲᠠ ᠬᠢᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ
ᠬᠦᠯᠦᠨ ᠪᠤᠢ᠌ᠷ᠄ ᠬᠥᠯᠥᠨ ᠪᠤᠶ᠋ᠢᠷ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ᠂ ᠶᠢᠨ ᠾᠧ ᠭᠤᠤᠯ᠎ᠤᠨ ᠬᠣᠲᠠ ᠵᠢᠨ ᠳᠡᠰ᠎ᠤᠨ ᠭᠣᠣᠯ᠎ᠤᠨ ᠳᠠᠷᠤᠭ᠎ᠠ ᠯᠢ ᠵᠢᠨ ᠺᠧ ᠭᠣᠣᠯ ᠮᠦᠷᠡᠨ᠎ᠢ ᠴᠠᠭᠳᠠᠨ ᠪᠠᠶ᠋ᠢᠴᠠᠭ᠋ᠠᠬᠤ ᠠᠵᠢᠯ ᠥᠷᠨᠢᠭᠦᠯᠪᠡ
ᠬᠥᠯᠥᠨ ᠪᠤᠶ᠋ᠢᠷ᠄ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠡᠧ ᠵᠢᠩ ᠫᠢᠩ ᠥᠪᠥᠷ ᠮᠣᠩᠭᠣᠯ᠎ᠤᠨ ᠪᠤᠷᠤᠲᠤᠬᠤᠢ ᠵᠢᠨ ᠤᠰᠤᠯᠠᠯᠲᠠ ᠵᠢᠨ ᠣᠷᠣᠨ᠎ᠳᠤ ᠬᠦᠷᠴᠦ ᠬᠦᠨᠵᠡᠭᠡᠢ ᠤᠰᠤ ᠠᠷᠪᠢᠯᠠᠬᠤ ᠵᠢ ᠪᠠᠶ᠋ᠢᠴᠠᠭ᠋ᠠᠨ ᠰᠤᠳᠤᠯᠵᠠᠢ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠤᠰᠤᠨ ᠠᠰᠢᠭᠯᠠᠯᠳᠠ ᠵᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠲᠤᠨ ᠭᠣᠣᠯ᠎ᠤᠨ ᠬᠠᠤᠯᠢ ᠲᠣᠭᠲᠠᠭ᠋ᠠᠵᠤ ᠲᠤᠭᠤᠷᠪᠢᠬᠤ ᠠᠵᠢᠯ᠎ᠢ ᠵᠣᠬᠢᠶᠠᠨ ᠪᠠᠶ᠋ᠢᠭᠤᠯᠵᠤ ᠡᠬᠢᠯᠡᠭᠦᠯᠪᠡ
 
            