2019 ᠣᠨ᠎ᠤ 6 ᠰᠠᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ᠎ᠠᠴᠠ 《ᠥᠪᠥᠷ ᠮᠣᠩᠭᠣᠯ᠎ᠤᠨ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ〈ᠤᠰᠤᠨ᠎ᠤ ᠬᠡᠮᠵᠢᠶ᠎ᠡ᠎ᠪᠠᠷ ᠰᠠᠭᠤᠷᠢ ᠪᠤᠯᠭ᠋ᠠᠬᠤ〉 ᠤᠰᠤ᠎ᠪᠠᠷ ᠬᠡᠷᠡᠭᠴᠡᠭᠡ ᠵᠢ ᠲᠣᠭᠲᠠᠭ᠋ᠠᠬᠤ ᠲᠥᠰᠦᠯ》᠎ᠢ ᠵᠣᠬᠢᠶᠠᠨ ᠪᠠᠶ᠋ᠢᠭᠤᠯᠤᠨ ᠨᠠᠢ᠌ᠷᠠᠭᠤᠯᠤᠨ ᠲᠠᠭᠤᠰᠬᠠᠵᠤ᠂ 2020 ᠤᠨ᠎ᠤ 3 ᠰᠠᠷ᠎ᠠ᠎ᠳᠤ《ᠥᠪᠥᠷ ᠮᠣᠩᠭᠣᠯ᠎ᠤᠨ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠬᠠᠮᠢᠶᠠᠷᠤᠨ ᠡᠵᠡᠮᠳᠡᠬᠦ ᠬᠠᠷᠠᠯᠳᠠ ᠵᠢ ᠲᠤᠳᠤᠷᠬᠠᠢ᠌ᠯᠠᠬᠤ ᠲᠤᠬᠠᠢ ᠵᠠᠬᠢᠳᠠᠯ》( ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠳᠠ ᠵᠠᠬᠢᠳᠠᠯ[2020]26 ᠳ᠋ᠤᠭ᠋ᠠᠷ ᠲᠣᠭ᠋ᠠᠲᠤ) ᠵᠢ ᠲᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《ᠥᠪᠥᠷ ᠮᠣᠩᠭᠣᠯ᠎ᠤᠨ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠤᠨ〈ᠤᠰᠤᠨ᠎ᠤ ᠬᠡᠮᠵᠢᠶ᠎ᠡ᠎ᠪᠠᠷ ᠰᠠᠭᠤᠷᠢ ᠪᠤᠯᠭ᠋ᠠᠬᠤ〉 ᠤᠰᠤ᠎ᠪᠠᠷ ᠬᠡᠷᠡᠭᠴᠡᠭᠡ ᠵᠢ ᠲᠣᠭᠲᠠᠭ᠋ᠠᠬᠤ ᠵᠢ ᠬᠡᠷᠡᠭᠵᠢᠭᠦᠯᠬᠦ ᠲᠥᠰᠦᠯ (2020 ᠣᠨ)》 ( ᠦᠪᠦᠷ ᠮᠤᠩᠭᠤᠯ ᠤᠰᠤᠨ᠎ᠤ ᠡᠬᠢ ᠪᠠᠶᠠᠯᠢᠭ[2020]105 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠤᠨ 〈ᠤᠰᠤᠨ᠎ᠤ ᠬᠡᠮᠵᠢᠶ᠎ᠡ᠎ᠪᠠᠷ ᠰᠠᠭᠤᠷᠢ ᠪᠤᠯᠭ᠋ᠠᠬᠤ〉2020 ᠣᠨ᠎ᠤ ᠠᠵᠢᠯᠯᠠᠭ᠋ᠠᠨ᠎ᠤ ᠲᠥᠯᠥᠪᠯᠡᠭᠡ》 (ᠥᠪᠥᠷ ᠮᠤᠩᠭᠤᠯ ᠤᠰᠤᠨ᠎ᠤ ᠡᠬᠢ ᠪᠠᠶᠠᠯᠢᠭ [2020] 125 ᠳ᠋ᠤᠭ᠋ᠠᠷ ᠲᠤᠭ᠋ᠠᠳᠤ) ᠵᠡᠷᠭᠡ ᠪᠢᠴᠢᠭ ᠮᠠᠲᠸᠷᠢᠶᠠᠯ᠎ᠢ ᠢᠵᠢ ᠲᠦᠬᠦᠷᠵᠢᠬᠦᠯᠦᠨ ᠳᠠᠷᠤᠮᠠᠯᠯᠠᠨ ᠲᠠᠷᠬᠠᠭ᠋ᠠᠪᠠ᠃ ᠪᠠᠷᠠᠭᠤᠨ ᠯᠢᠶᠣᠣ ᠾᠧ ᠭᠣᠣᠯ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠦᠨᠡᠨ ᠬᠦ᠌ ᠪᠦᠲᠦᠮᠵᠢᠲᠡᠢ ᠥᠷᠨᠢᠭᠦᠯᠬᠦ ᠵᠢᠨ ᠲᠤᠰᠠᠳᠠ᠂ ᠲᠦᠩᠯᠢᠶᠣᠣ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠠᠵᠢᠯ ᠲᠥᠷᠥᠯ᠎ᠤᠨ ᠤᠰᠤ ᠠᠷᠪᠢᠯᠠᠬᠤ ᠵᠢᠴᠢ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠤ ᠨᠠᠷᠢᠨ ᠨᠢᠮᠪᠠᠢ ᠪᠦᠲᠦᠮᠵᠢᠲᠡᠢ ᠠᠵᠢᠯ ᠬᠢᠵᠡᠢ᠃
ᠨᠢᠭᠡ᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢ ᠴᠢᠩᠭ᠋ᠠᠳᠬᠠᠪᠠ
2020 ᠣᠨ᠎ᠤ 7 ᠰᠠᠷ᠎ᠠ᠎ᠳᠤ᠂ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ ᠠᠩᠬ᠎ᠠ ᠤᠳᠠᠭ᠎ᠠ ᠤᠰᠤᠨ᠎ᠤ ᠬᠡᠮᠵᠢᠶ᠎ᠡ ᠵᠢᠨ ᠲᠣᠬᠢᠷᠠᠭᠤᠯᠤᠯᠲᠠ ᠵᠢ ᠬᠡᠷᠡᠭᠵᠢᠭᠦᠯᠪᠡ᠃ ᠮᠠᠨ᠎ᠤ ᠬᠣᠲᠠ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠣᠬᠢᠷᠠᠭᠤᠯᠭ᠎ᠠ ᠵᠢᠨ ᠵᠠᠷᠯᠢᠭ᠎ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠵᠢᠨ ᠤᠰᠤᠨ᠎ᠤ ᠬᠡᠮᠵᠢᠶ᠎ᠡ ᠳᠣᠷᠣᠭᠰᠢ ᠤᠷᠤᠰᠬᠤ ᠵᠢ ᠪᠠᠲᠤᠯᠠᠵᠤ᠂ ᠮᠠᠨ᠎ᠤ ᠬᠣᠲᠠ᠎ᠳᠤ ᠤᠷᠤᠰ᠎ᠤᠨ ᠤᠷᠤᠭᠰᠠᠨ ᠭᠠᠵᠠᠷ᠎ᠤᠨ ᠭᠠᠳᠠᠷᠭᠤ ᠵᠢᠨ ᠤᠰᠤᠨ᠎ᠤ ᠬᠡᠮᠵᠢᠶ᠎ᠡ ᠪᠠᠷᠤᠭ 1000 ᠲᠦᠮᠡᠨ ᠪᠣᠰᠤᠭ᠎ᠠ ᠳᠥᠷᠪᠡᠯᠵᠢᠨ ᠮᠸᠲᠷ᠎ᠲᠤ ᠲᠤᠯᠵᠤ᠂ ᠤᠰᠤᠨ ᠲᠣᠯᠣᠭ᠋ᠠᠢ᠎ᠨᠢ ᠡᠴᠦᠰ᠎ᠲᠡᠭᠡᠨ ᠲᠦᠩᠯᠢᠶᠣᠣ ᠬᠣᠲᠠ ᠵᠢᠨ ᠪᠠᠷᠠᠭᠤᠨ ᠯᠢᠶᠣᠣ ᠾᠧ ᠭᠣᠣᠯ᠎ᠤᠨ ᠭᠣᠣᠯ ᠤᠷᠤᠰᠬᠠᠯ᠎ᠤᠨ ᠰᠦ ᠵᠢᠶᠠ ᠪᠤᠤ ᠬᠦᠢ᠍ᠰᠦ ᠵᠢᠨ ᠲᠤᠤᠷᠠᠳᠤ ᠤᠷᠤᠰᠬᠠᠯ᠎ᠤᠨ 32 ᠺᠢᠯᠤᠮᠸᠲᠷ᠎ᠤᠨ ᠭᠠᠵᠠᠷ᠎ᠲᠤ ᠬᠦᠷᠪᠡ᠃
《ᠥᠪᠥᠷ ᠮᠣᠩᠭᠣᠯ᠎ᠤᠨ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠲᠤ 〈 ᠤᠰᠤᠨ᠎ᠤ ᠬᠡᠮᠵᠢᠶ᠎ᠡ᠎ᠪᠠᠷ ᠰᠠᠭᠤᠷᠢ ᠪᠤᠯᠭ᠋ᠠᠬᠤ〉ᠤᠰᠤ᠎ᠪᠠᠷ ᠬᠡᠷᠡᠭᠴᠡᠭᠡ᠎ᠪᠠᠨ ᠲᠣᠭᠲᠠᠭ᠋ᠠᠬᠤ ᠵᠢ ᠬᠡᠷᠡᠭᠵᠢᠭᠦᠯᠬᠦ ᠲᠥᠰᠦᠯ》(2020 ᠤᠨ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠶᠠᠭ ᠰᠠᠶᠢᠬᠠᠨ 《ᠴᠠᠬᠢᠯᠭ᠋ᠠᠨ ᠵᠶ᠋ᠡᠷ ᠤᠰᠤ ᠵᠢ ᠨᠤᠭᠤᠯᠤᠨ ᠪᠣᠳᠣᠬᠤ》 ᠢᠯᠡᠳᠬᠡᠮᠵᠢ ᠨᠣᠷᠮ᠎ᠠ ᠲᠤᠭᠳᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ ᠪᠣᠢ᠂ 2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠲᠠᠷᠢᠶᠠᠨ ᠭᠠᠵᠠᠷ᠎ᠤᠨ ᠤᠰᠤᠯᠠᠯᠲᠠ ᠵᠢᠨ 《ᠴᠠᠬᠢᠯᠭ᠋ᠠᠨ ᠵᠶ᠋ᠡᠷ ᠤᠰᠤ ᠵᠢ ᠨᠤᠭᠤᠯᠤᠨ ᠪᠣᠳᠣᠬᠤ》 ᠢᠯᠡᠳᠬᠡᠮᠵᠢ ᠨᠣᠷᠮ᠎ᠠ ᠵᠢ ᠲᠤᠭᠳᠠᠭ᠋ᠠᠬᠤ ᠵᠢ ᠪᠡᠶᠡᠯᠡᠬᠦᠯᠦᠨ᠎ᠡ᠃ 2020 ᠣᠨ᠎ᠤ 7 ᠳ᠋ᠤᠭ᠋ᠠᠷ ᠰᠠᠷ᠎ᠠ᠎ᠠᠴᠠ ᠡᠬᠢᠯᠡᠨ ᠪᠥᠬᠥ ᠬᠣᠲᠠ ᠵᠢᠨ ᠬᠡᠪᠴᠢᠶᠡᠨ᠎ᠳᠤ ᠤᠰᠤ ᠠᠪᠴᠤ ᠬᠡᠷᠡᠭᠯᠡᠬᠦ ᠬᠠᠮᠢᠶᠠᠷᠤᠯᠲᠠ ᠵᠢᠨ ᠲᠤᠰᠬᠠᠢ ᠲᠥᠷᠥᠯ᠎ᠤᠨ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠪᠥᠬᠥ ᠬᠣᠲᠠ ᠵᠢᠨ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤᠨ᠎ᠤ ᠤᠰᠤ ᠠᠪᠬᠤ ᠠᠮᠠ ᠵᠢ ᠬᠢᠨᠠᠨ ᠪᠠᠶ᠋ᠢᠴᠠᠭ᠋ᠠᠵᠤ ᠪᠦᠷᠢᠳᠬᠡᠨ ᠳᠠᠩᠰᠠᠯᠠᠵᠤ᠂ ᠤᠰᠤ ᠠᠪᠬᠤ ᠠᠮᠠᠰᠠᠷ᠎ᠤᠨ ᠣᠳᠣᠬᠢ ᠪᠠᠶ᠋ᠢᠳᠠᠯ᠎ᠢ ᠲᠣᠳᠣᠷᠬᠠᠢ ᠡᠵᠡᠮᠰᠢᠵᠦ᠂ 2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠤᠰᠤ ᠠᠪᠬᠤ ᠠᠮᠠᠰᠠᠷ᠎ᠢ ᠬᠢᠨᠠᠨ ᠪᠠᠶ᠋ᠢᠴᠠᠭ᠋ᠠᠵᠤ ᠳᠠᠩᠰᠠᠯᠠᠬᠤ ᠠᠵᠢᠯ᠎ᠢ ᠪᠡᠶᠡᠯᠡᠭᠦᠯᠦᠨ᠎ᠡ᠃ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ 《ᠲᠦᠩᠯᠢᠶᠣᠣ ᠬᠣᠲᠠ ᠵᠢᠨ ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠤᠰᠤ ᠠᠪᠬᠤ ᠵᠥᠪᠰᠢᠶᠡᠷᠡᠯ᠎ᠤᠨ ᠳᠦᠷᠢᠮ᠎ᠢ ᠬᠡᠷᠡᠭᠵᠢᠭᠦᠯᠬᠦ᠎ᠠᠴᠠ ᠭᠠᠳᠠᠨ᠎ᠠ᠂ ᠮᠠᠰᠢᠨ ᠴᠠᠬᠢᠯᠭ᠋ᠠᠨ ᠬᠤᠳᠳᠤᠭ᠎ᠢ ᠳᠠᠩᠰᠠᠯᠠᠬᠤ ᠺᠠᠷᠲ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠪᠡ᠃
ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠎ᠨᠢ 《ᠲᠦᠩᠯᠢᠶᠣᠣ ᠬᠣᠲᠠ ᠵᠢᠨ ᠭᠣᠣᠯ ᠬᠣᠲᠠ ᠵᠢᠨ ᠲᠣᠭᠣᠷᠢᠭ᠎ᠲᠤ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠵᠢᠨ ᠬᠤᠳᠳᠤᠭ᠎ᠢ ᠪᠢᠳᠡᠬᠦᠮᠵᠢᠯᠡᠬᠦ (ᠬᠠᠭ᠋ᠠᠵᠤ ᠵᠤᠭᠰᠤᠭ᠋ᠠᠬᠤ) ᠵᠢ ᠬᠡᠷᠡᠭᠵᠢᠭᠦᠯᠬᠦ ᠲᠥᠰᠦᠯ》(ᠲᠦᠩᠯᠢᠶᠤᠤ ᠤᠰᠤ[2019]98 ᠲᠤᠭ᠋ᠠᠳᠤ)᠎ᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠳᠠᠷᠤᠮᠠᠯᠯᠠᠨ ᠲᠠᠷᠬᠠᠭ᠋ᠠᠵᠤ᠂ ᠥᠪᠡᠷ ᠵᠶ᠋ᠡᠨ ᠪᠡᠯᠡᠳᠬᠡᠭᠰᠡᠨ ᠤᠰᠤᠨ ᠰᠤᠷᠪᠤᠯᠵᠢ ᠵᠢᠨ ᠬᠤᠳᠳᠤᠭ᠎ᠢ ᠪᠢᠲᠡᠭᠦᠮᠵᠢᠯᠡᠨ ᠬᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠣᠣᠯ ᠬᠣᠲᠠ ᠵᠢᠨ ᠲᠣᠭᠣᠷᠢᠭ᠎ᠤᠨ ᠬᠣᠭᠣᠯᠠᠢ ᠲᠣᠣᠷ᠎ᠤᠨ ᠪᠦᠷᠬᠦᠴᠡ ᠵᠢᠨ ᠬᠡᠪᠴᠢᠶᠡᠨ ᠲᠤᠲᠤᠷᠠᠬᠢ ᠦᠪᠡᠷ ᠵᠶ᠋ᠡᠨ ᠪᠡᠯᠡᠳᠭᠡᠭᠰᠡᠨ ᠬᠤᠳᠳᠤᠭ᠎ᠢ ᠲᠥᠯᠥᠪᠯᠡᠭᠡ᠎ᠲᠠᠢ ᠬᠠᠭ᠋ᠠᠨ ᠪᠢᠳᠡᠬᠦᠮᠵᠢᠯᠡᠭᠰᠡᠨ ᠪᠠᠢ᠌ᠨ᠎ᠠ᠃ ᠲᠠᠷᠢᠶᠠᠯᠠᠩ᠎ᠤᠨ ᠤᠰᠤ ᠲᠠᠲᠠᠬᠤ ᠵᠥᠪᠰᠢᠶᠡᠷᠡᠯ᠎ᠢ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ 3.6453 ᠲᠦᠮᠡᠨ ᠨᠥᠬᠥᠴᠡᠯ ᠪᠦᠷᠢᠯᠳᠦᠭᠰᠡᠨ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠲᠤ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠣᠯᠭᠣᠭᠰᠠᠨ ᠪᠠᠶ᠋ᠢᠨ᠎ᠠ᠃
2019 ᠣᠨ᠎ᠤ ᠰᠡᠭᠦᠯᠴᠢ ᠪᠣᠯᠲᠠᠯ᠎ᠠ᠂ ᠬᠣᠷᠴᠢᠨ ᠲᠣᠭᠣᠷᠢᠭ᠎ᠤᠨ ᠭᠠᠵᠠᠷ ᠲᠤᠤᠷᠠᠬᠢ ᠤᠰᠤ ᠵᠢ ᠬᠡᠲᠦᠷᠡᠲᠡᠯ᠎ᠡ ᠠᠪᠤᠭᠰᠠᠨ ᠣᠷᠣᠨ᠎ᠤ ᠭᠠᠵᠠᠷ ᠲᠤᠤᠷᠠᠬᠢ ᠤᠰᠤ ᠵᠢ ᠬᠡᠳᠦᠷᠡᠳᠡᠯ᠎ᠡ ᠠᠪᠬᠤ ᠵᠢ ᠬᠢᠵᠠᠭ᠋ᠠᠷᠯᠠᠭᠰᠠᠨ ᠬᠡᠮᠵᠢᠶ᠎ᠡ᠎ᠨᠢ ᠬᠡᠳᠦᠷᠡᠳᠡᠯ᠎ᠡ ᠠᠪᠤᠭᠰᠠᠨ ᠬᠡᠮᠵᠢᠶᠡᠨ᠎ᠤ 60%᠎ᠠᠴᠠ ᠳᠡᠭᠡᠭᠰᠢᠬᠢ ᠵᠢ ᠡᠵᠡᠯᠡᠵᠦ᠂ 2020 ᠣᠨ᠎ᠤ ᠵᠠᠰᠠᠬᠤ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠪᠡ᠃ 2020 ᠣᠨ᠎ᠤ 10 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ 《ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠤᠨ ᠲᠣᠮᠣ ᠬᠡᠯᠪᠡᠷᠢ ᠵᠢᠨ ᠵᠠᠪᠰᠠᠷ᠎ᠤᠨ ᠭᠦᠢ᠍ᠬᠡᠨ ᠳᠠᠪᠬᠤᠷᠭ᠎ᠠ ᠵᠢᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠬᠡᠷᠡᠭᠯᠡᠭᠰᠡᠨ ᠣᠷᠣᠨ᠎ᠤ 2020 ᠣᠨ᠎ᠤ ᠱᠠᠳᠤᠴᠢ ᠴᠢᠨᠠᠷᠲᠠᠢ ᠬᠠᠷᠠᠯᠲᠠᠲᠤ ᠡᠭᠦᠷᠭᠡ ᠵᠢ ᠳ᠋ᠤᠭ᠋ᠠᠷ ᠬᠠᠰᠤᠬᠤ ᠲᠤᠬᠠᠢ ᠵᠠᠬᠢᠳᠠᠯ》 ᠪᠠᠷ ᠳ᠋ᠤᠭ᠋ᠠᠷ ᠬᠠᠰᠤᠵᠤ᠂ ᠬᠣᠷᠴᠢᠨ ᠲᠣᠭᠣᠷᠢᠭ᠎ᠤᠨ ᠭᠠᠵᠠᠷ ᠲᠤᠤᠷᠠᠬᠢ ᠤᠰᠤ ᠵᠢ ᠬᠡᠲᠦᠷᠡᠲᠡᠯ᠎ᠡ ᠠᠪᠤᠭᠰᠠᠨ ᠤᠷᠤᠨ᠎ᠨᠢ 2020 ᠣᠨ᠎ᠤ ᠵᠠᠰᠠᠬᠤ ᠬᠠᠷᠠᠯᠲᠠ ᠵᠢᠨ ᠱᠠᠭ᠋ᠠᠷᠳᠠᠯᠭ᠎ᠠ᠎ᠪᠠᠨ ᠪᠡᠶᠡᠯᠡᠬᠦᠯᠦᠭᠰᠡᠨᠢ ᠨᠤᠲᠠᠯᠠᠨ ᠲᠤᠭᠳᠠᠭ᠋ᠠᠪᠠ᠃
ᠬᠣᠶᠠᠷ᠎ᠲᠤ ᠡᠯ᠎ᠡ ᠠᠵᠢᠯ ᠲᠥᠷᠥᠯ᠎ᠤᠨ ᠤᠰᠤ ᠠᠷᠪᠢᠯᠠᠬᠤ ᠵᠢ ᠲᠦᠯᠬᠢᠨ ᠠᠬᠢᠭᠤᠯᠪᠠ
2019 ᠣᠨ᠎ᠳᠤ᠂ ᠬᠤᠳᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ 《ᠲᠦᠩᠯᠢᠶᠣᠤ ᠬᠣᠲᠠ ᠵᠢᠨ ᠤᠰᠤ ᠠᠷᠪᠢᠯᠠᠨ ᠬᠡᠷᠡᠭᠯᠡᠬᠦ ᠳᠦᠷᠢᠮ》᠎ᠤᠨ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠠᠵᠢᠯ᠎ᠢ ᠡᠬᠢᠯᠡᠬᠦᠯᠵᠦ᠂ 《ᠳᠦᠷᠢᠮ (ᠲᠥᠰᠦᠯ )》᠎ᠨᠢ ᠲᠠᠷᠢᠶᠠᠯᠠᠩ᠎ᠤᠨ ᠤᠰᠤ ᠠᠷᠪᠢᠯᠠᠬᠤ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ᠂ ᠠᠮᠢᠳᠤᠷᠠᠯ᠎ᠤᠨ ᠤᠰᠤ ᠠᠷᠪᠢᠯᠠᠬᠤ᠂ ᠤᠰᠤ ᠠᠷᠪᠢᠯᠠᠬᠤ ᠬᠠᠮᠢᠶᠠᠷᠤᠯᠲᠠ᠂ ᠬᠠᠤᠯᠢ ᠵᠢᠨ ᠬᠠᠷᠢᠭᠤᠴᠠᠯᠭ᠎ᠠ ᠵᠡᠷᠭᠡ ᠲᠠᠯ᠎ᠠ ᠵᠢᠨ ᠪᠣᠳᠠᠲᠠᠢ ᠲᠣᠭᠲᠠᠭ᠋ᠠᠯ᠎ᠢ ᠨᠢᠭᠡᠨᠲᠡ ᠪᠦᠷᠢᠯᠳᠦᠬᠦᠯᠵᠦ᠂ 2020 ᠣᠨ᠎ᠤ ᠰᠡᠬᠦᠯᠴᠢ᠎ᠠᠴᠠ ᠡᠮᠦᠨ᠎ᠡ ᠨᠡᠢ᠌ᠳᠡᠯᠡᠨ ᠬᠡᠷᠡᠭᠵᠢᠬᠦᠯᠦᠨ᠎ᠡ᠃
ᠣᠳᠣᠬᠠᠨ᠎ᠳᠤ ᠪᠦᠬᠦ ᠬᠣᠲᠠ ᠵᠢᠨ ᠭᠦᠢ᠍ᠬᠡᠨ ᠪᠤᠯᠠᠵᠤ ᠲᠣᠰᠤᠯᠭ᠋ᠠᠨ ᠤᠰᠤᠯᠠᠬᠤ᠎ᠪᠠᠷ ᠭᠣᠣᠯ ᠪᠣᠯᠭ᠋ᠠᠭᠰᠠᠨ ᠲᠠᠷᠢᠶᠠᠨ ᠭᠠᠵᠠᠷ᠎ᠤᠨ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠢᠳᠡᠪᠬᠢᠲᠡᠢ᠎ᠪᠠᠷ ᠲᠡᠯᠭᠡᠷᠡᠬᠦᠯᠵᠦ᠂ 2019 ᠣᠨ᠎ᠳᠤ ᠲᠦᠩᠯᠢᠶᠣᠣ ᠬᠣᠲᠠ ᠵᠢᠨ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠢ 142.26 ᠲᠦᠮᠡᠨ ᠮᠦ᠍ ᠲᠤᠯᠵᠤ᠂ 2020 ᠣᠨ᠎ᠳᠤ 20.6 ᠲᠦᠮᠡᠨ ᠮᠦ᠍ ᠪᠤᠯᠵᠤ᠂ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠢᠨᠵᠸᠨ᠋ᠸᠷᠢᠩ (ᠤᠰᠤᠨ᠎ᠤ ᠦᠨ᠎ᠡ ᠵᠢᠨ ᠥᠭᠡᠷᠡᠴᠢᠯᠡᠯᠲᠡ) ᠤᠨ ᠲᠠᠯᠠᠪᠠᠢ᠎ᠨᠢ 593.2 ᠲᠦᠮᠡᠨ ᠮᠦ᠍᠎ᠳᠤ ᠬᠦᠷᠴᠡᠢ᠃
2020 ᠣᠨ᠎ᠳᠤ ᠤᠯᠤᠰ᠎ᠤᠨ ᠡᠨᠧᠷᠭᠢ ᠵᠢᠨ ᠲᠦᠩᠯᠢᠶᠣᠣ ᠵᠢᠨ ᠠᠮᠢᠳᠤ ᠪᠣᠳᠠᠰ᠎ᠤᠨ ᠴᠠᠬᠢᠯᠭ᠋ᠠᠨ ᠭᠠᠷᠭ᠋ᠠᠬᠤ ᠬᠢᠵᠠᠭ᠋ᠠᠷᠲᠤ ᠺᠣᠮᠫᠠᠨᠢ᠂ ᠲᠦᠩᠯᠢᠶᠣᠣ ᠵᠢᠨ ᠴᠠᠬᠢᠯᠭ᠋ᠠᠨ ᠭᠠᠷᠭ᠋ᠠᠬᠤ ᠶᠡᠷᠦᠩᠬᠡᠢ ᠦᠢ᠍ᠯᠡᠳᠪᠦᠷᠢ᠂ ᠲᠦᠩᠯᠢᠶᠣᠣ ᠵᠢᠨ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ᠎ᠨᠢ ᠤᠰᠤᠨ᠎ᠤ ᠡᠬᠢ ᠰᠤᠷᠪᠤᠯᠵᠢ ᠵᠢ ᠰᠣᠯᠢᠬᠤ ᠠᠵᠢᠯ᠎ᠢ ᠪᠡᠶᠡᠯᠡᠭᠦᠯᠦᠨ᠎ᠡ᠃ ᠱᠧᠩ ᠹᠠ ᠢᠯᠴᠢ ᠵᠢᠨ ᠴᠠᠬᠢᠯᠭ᠋ᠠᠨ᠂ ᠵᠢᠨ ᠮᠸᠢ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ᠂ ᠹᠦ᠋ ᠶᠣᠣ ᠰᠢᠯ᠎ᠤᠨ ᠦᠢ᠍ᠯᠡᠳᠪᠤᠷᠢ᠂ ᠰᠢᠩ ᠾᠧ ᠠᠮᠢᠳᠤ ᠪᠣᠳᠠᠰ᠎ᠤᠨ ᠤᠰᠤᠨ ᠰᠤᠷᠪᠤᠯᠵᠢ ᠵᠡᠷᠭᠡ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠤᠰᠤᠨ ᠰᠤᠷᠪᠤᠯᠵᠢ ᠵᠢ ᠰᠣᠯᠢᠬᠤ ᠵᠢ ᠨᠢᠭᠡᠨᠲᠡ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠬᠣᠷᠴᠢᠨ ᠲᠣᠭᠣᠷᠢᠭ᠎ᠤᠨ ᠭᠠᠵᠠᠷ ᠲᠤᠤᠷᠠᠬᠢ ᠤᠰᠤ ᠵᠢ ᠬᠡᠳᠦ ᠠᠪᠤᠭᠰᠠᠨ ᠣᠷᠣᠨ᠎ᠤ ᠳᠣᠲᠣᠷᠠᠬᠢ ᠤᠰᠤᠨ᠎ᠤ ᠰᠤᠷᠪᠤᠯᠵᠢ ᠵᠢ ᠰᠣᠯᠢᠬᠤ ᠨᠥᠬᠥᠴᠡᠯ᠎ᠢ ᠪᠦᠷᠢᠳᠦᠭᠦᠯᠦᠭᠰᠡᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠤᠰᠤᠨ᠎ᠤ ᠰᠤᠷᠪᠤᠯᠵᠢ ᠵᠢ ᠰᠣᠯᠢᠬᠤ ᠠᠵᠢᠯ᠎ᠢ ᠪᠦᠬᠦᠨ᠎ᠢ ᠪᠡᠶᠡᠯᠡᠭᠦᠯᠪᠡ᠃
ᠭᠤᠷᠪᠠ᠎ᠳᠤ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠪᠠ
ᠲᠦᠩᠯᠢᠶᠣᠣ ᠬᠣᠲᠠ 2020 ᠣᠨ᠎ᠤ ᠤᠰᠤᠨ ᠠᠰᠢᠭᠯᠠᠯᠲᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠨᠡᠷᠡᠰ᠎ᠤᠨ ᠳᠣᠲᠣᠷᠠᠬᠢ ᠰᠠᠪᠠ ᠭᠠᠵᠠᠷ᠎ᠤᠨ ᠲᠠᠯᠠᠪᠠᠢ᠎ᠨᠢ 50 ᠲᠡᠭᠰᠢ ᠳᠥᠷᠪᠡᠯᠵᠢᠨ ᠺᠢᠯᠤᠮᠸᠲᠷ᠎ᠠᠴᠠ 1000 ᠲᠡᠭᠰᠢ ᠳᠥᠷᠪᠡᠯᠵᠢᠨ ᠺᠢᠯᠤᠮᠸᠲᠷ᠎ᠤᠨ ᠭᠣᠣᠯ ᠮᠥᠷᠡᠨ ᠵᠢᠴᠢ ᠤᠰᠤᠨ᠎ᠤ ᠨᠡᠢ᠌ᠳᠡᠮ ᠪᠠᠢ᠌ᠴᠠᠭ᠋ᠠᠯᠳᠠ᠎ᠠᠴᠠ ᠭᠠᠳᠠᠨᠠᠬᠢ ᠭᠣᠣᠯ ᠨᠠᠭᠤᠷ᠎ᠤᠨ ᠬᠠᠮᠢᠶᠠᠷᠤᠯᠳᠠ ᠵᠢᠨ ᠬᠡᠪᠴᠢᠶ᠎ᠡ ᠵᠢ ᠲᠣᠭᠲᠠᠭ᠋ᠠᠬᠤ ᠠᠵᠢᠯ᠎ᠢ ᠲᠦᠷᠭᠡᠳᠬᠡᠨ ᠠᠬᠢᠭᠤᠯᠪᠠ᠃ ᠮᠠᠨ᠎ᠤ ᠬᠣᠲᠠ ᠵᠢᠨ ᠤᠰᠤᠨ᠎ᠤ ᠨᠡᠢ᠌ᠳᠡᠮ ᠪᠠᠢ᠌ᠴᠠᠭ᠋ᠠᠯᠳᠠ ᠵᠢᠨ ᠲᠤᠲᠤᠷᠠᠬᠢ ᠭᠣᠣᠯ ᠮᠥᠷᠡᠨ᠎ᠤ ᠵᠠᠭ᠋ᠠᠭ ᠲᠣᠭᠲᠠᠭ᠋ᠠᠬᠤ ᠡᠭᠦᠷᠭᠡ᠎ᠨᠢ 120 ᠵᠤᠷᠪᠤᠰ ᠪᠠᠢ᠌ᠵᠤ᠂ 9 ᠰᠠᠷ᠎ᠠ ᠵᠢᠨ 20᠎ᠤ ᠡᠳᠦᠷ ᠪᠣᠯᠲᠠᠯ᠎ᠠ 94.17% ᠵᠢ᠎ᠨᠢ ᠪᠡᠶᠡᠯᠡᠬᠦᠯᠵᠡᠢ᠃ ᠤᠰᠤᠨ᠎ᠤ ᠨᠡᠢ᠌ᠳᠡᠮ ᠪᠠᠢ᠌ᠴᠠᠭ᠋ᠠᠯᠳᠠ᠎ᠠᠴᠠ ᠭᠠᠳᠠᠨᠠᠬᠢ 2 ᠭᠣᠣᠯ ᠮᠥᠷᠡᠨ᠂ 5 ᠨᠠᠭᠤᠷ ᠴᠥᠭᠥᠷᠥᠮ᠎ᠤᠨ ᠵᠠᠭ᠋ᠠᠭ᠎ᠢ ᠲᠤᠭᠳᠠᠭ᠋ᠠᠬᠤ ᠡᠭᠦᠷᠭᠡ ᠵᠢ ᠨᠢᠭᠡᠨᠲᠡ ᠪᠡᠶᠡᠯᠡᠭᠦᠯᠵᠡᠢ᠃
ᠲᠦᠩᠯᠢᠶᠣᠣ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ 《ᠳᠥᠷᠪᠡᠨ ᠵᠠᠮᠪᠠᠷᠠᠭ᠎ᠠ ᠦᠭᠡᠢ ᠪᠠᠠᠢ᠌ᠳᠠᠯᠢ ᠴᠡᠪᠡᠷᠯᠡᠬᠦ》 ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠪᠥᠬᠥ ᠬᠣᠲᠠ ᠵᠢᠨ ᠭᠣᠣᠯ ᠨᠠᠭᠤᠷ᠎ᠢ ᠳᠤᠷ᠎ᠠ᠎ᠪᠠᠷ ᠵᠶ᠋ᠠᠨ ᠡᠵᠡᠯᠡᠬᠦ᠂ ᠳᠤᠷ᠎ᠠ᠎ᠪᠠᠷ ᠵᠶ᠋ᠠᠨ ᠮᠠᠯᠳᠠᠬᠤ᠂ ᠳᠤᠷ᠎ᠠ᠎ᠪᠠᠷ ᠵᠶ᠋ᠠᠨ ᠤᠪᠤᠭ᠋ᠠᠯᠠᠬᠤ᠂ ᠲᠠᠷᠠᠪᠠᠷ ᠵᠶ᠋ᠡᠨ ᠪᠠᠷᠢᠯᠭ᠎ᠠ ᠪᠠᠷᠢᠬᠤ ᠵᠡᠷᠭᠡ ᠳᠣᠪᠣᠶ᠋ᠢᠮ᠎ᠠ ᠠᠰᠠᠭᠤᠳᠠᠯ᠎ᠳᠤ ᠲᠤᠰᠬᠠᠢ ᠲᠥᠷᠥᠯ᠎ᠤᠨ ᠴᠡᠭᠴᠡᠯᠡᠬᠦ ᠠᠵᠢᠯᠯᠠᠭ᠎ᠠ ᠥᠷᠨᠢᠭᠦᠯᠪᠡ᠃ ᠭᠣᠣᠯ ᠨᠠᠭᠤᠷ᠎ᠤᠨ 《ᠳᠥᠷᠪᠡᠨ ᠵᠠᠮᠪᠠᠷᠠᠭ᠎ᠠ ᠦᠭᠡᠢ ᠪᠠᠠᠢ᠌ᠳᠠᠯᠢ ᠴᠡᠪᠡᠷᠯᠡᠬᠦ》 ᠠᠵᠢᠯᠯᠠᠭ᠎ᠠ᠎ᠪᠠᠷ ᠲᠠᠮᠵᠢᠨ ᠨᠡᠶ᠋ᠢᠲᠡ ᠭᠣᠣᠯ᠎ᠤᠨ ᠵᠠᠮ᠎ᠳᠤ ᠳᠤᠷ᠎ᠠ᠎ᠪᠠᠷ ᠵᠶ᠋ᠠᠨ ᠬᠤᠭ ᠨᠤᠪᠰᠢ ᠣᠪᠣᠭ᠋ᠠᠯᠠᠵᠤ ᠡᠵᠡᠯᠡᠭᠰᠡᠨ᠂ ᠬᠤᠭ ᠨᠤᠪᠰᠢ ᠬᠠᠶᠠᠭᠰᠠᠨ 27 ᠬᠡᠰᠡᠭ᠎ᠢ ᠴᠡᠪᠡᠷᠯᠡᠵᠦ᠂ 12000 ᠭᠠᠷᠤᠢ ᠲᠤᠨ ᠡᠯ᠎ᠡ ᠵᠦᠢ᠍ᠯ᠎ᠤᠨ ᠬᠣᠭ ᠨᠣᠪᠰᠢ ᠵᠢ ᠴᠡᠪᠡᠷᠯᠡᠵᠦ᠂ ᠳᠤᠷ᠎ᠠ᠎ᠪᠠᠷ ᠵᠶ᠋ᠠᠨ ᠪᠠᠷᠢᠭᠰᠠᠨ 5 ᠬᠡᠰᠡᠭ ᠪᠠᠷᠢᠯᠭ᠎ᠠ ᠵᠢ ᠨᠤᠷᠠᠭ᠋ᠠᠨ ᠴᠤᠴᠠᠯᠠᠵᠤ᠂ 90 ᠭᠠᠷᠤᠢ ᠺᠢᠯᠤᠮᠸᠲᠷ ᠭᠣᠣᠯ᠎ᠤᠨ ᠭᠤᠯᠳᠤᠷᠢᠯ᠎ᠢ ᠠᠷᠢᠯᠭ᠋ᠠᠨ ᠴᠡᠪᠡᠷᠯᠡᠵᠦ᠂ 5900 ᠢᠯᠡᠬᠦᠦ ᠮᠤ᠌ ᠦᠨᠳᠦᠷ ᠡᠰᠢᠳᠦ ᠲᠠᠷᠢᠮᠠᠯ᠎ᠢ ᠴᠡᠪᠡᠷᠯᠡᠪᠡ᠃
ᠤᠳᠤᠬᠠᠨ 《ᠲᠦᠩᠯᠢᠶᠣᠣ ᠬᠣᠲᠠ ᠵᠢᠨ ᠭᠠᠵᠠᠷ ᠳᠣᠣᠷᠠᠬᠢ ᠤᠰᠤᠨ᠎ᠤ ᠠᠮᠢ ᠠᠬᠤᠢ ᠵᠢ ᠬᠠᠮᠠᠭ᠋ᠠᠯᠠᠵᠤ ᠵᠠᠰᠠᠬᠤ ᠲᠥᠯᠥᠪᠵᠢᠭᠦᠯᠭᠡ》 ᠵᠢ ᠲᠦᠯᠦᠪᠯᠡᠨ ᠨᠠᠶ᠋ᠢᠷᠠᠭᠤᠯᠤᠨ ᠵᠣᠬᠢᠶᠠᠬᠤ ᠠᠵᠢᠯ᠎ᠢ ᠶᠠᠭ ᠰᠠᠶ᠋ᠢᠬᠠᠨ ᠶᠠᠪᠤᠭᠳᠠᠭᠤᠯᠵᠤ ᠪᠣᠢ ᠪᠦᠭᠡᠳ ᠵᠢᠱ᠌ᠢᠯᠲᠡ᠎ᠪᠠᠷ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠨᠠᠶ᠋ᠢᠷᠠᠭᠤᠯᠤᠨ ᠵᠣᠬᠢᠶᠠᠵᠤ ᠳᠠᠭᠤᠰᠬᠠᠬᠤ ᠵᠢᠨ ᠬᠠᠮᠲᠤ ᠳᠡᠭᠡᠭᠰᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠮᠡᠳᠡᠭᠦᠯᠵᠦ ᠬᠢᠨᠠᠨ ᠵᠦᠪᠰᠢᠶᠡᠷᠡᠬᠦᠯᠬᠦ ᠪᠤᠯᠤᠨ᠎ᠠ᠃ ᠮᠠᠨ᠎ᠤ ᠬᠣᠲᠠ ᠵᠢᠨ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠭᠠᠵᠠᠷ ᠳᠣᠣᠷᠠᠬᠢ ᠤᠰᠤᠨ᠎ᠤ ᠬᠡᠮᠵᠢᠶ᠎ᠡ᠂ ᠤᠰᠤᠨ ᠲᠦᠪᠰᠢᠨ᠂ ᠮᠠᠰᠢᠨ ᠴᠠᠬᠢᠯᠭ᠋ᠠᠨ ᠬᠤᠳᠳᠤᠭ᠎ᠤᠨ ᠲᠣᠭ᠎ᠠ ᠬᠡᠮᠵᠢᠶ᠎ᠡ ᠵᠡᠷᠭᠡ ᠵᠢ ᠬᠢᠵᠠᠭ᠋ᠠᠷᠯᠠᠨ ᠡᠵᠡᠮᠳᠡᠬᠦ ᠬᠠᠷᠠᠯᠲᠠ ᠵᠢ ᠲᠣᠭᠲᠠᠭ᠋ᠠᠵᠤ᠂ ᠪᠥᠬᠥ ᠬᠣᠲᠠ ᠵᠢᠨ ᠭᠠᠵᠠᠷ ᠳᠣᠣᠷᠠᠬᠢ ᠤᠰᠤ ᠵᠢ ᠨᠡᠭᠡᠭᠡᠨ ᠠᠰᠢᠭᠯᠠᠬᠤ ᠵᠢ ᠵᠢᠯᠣᠭᠣᠳᠤᠨ᠎ᠠ᠃