ᠬᠥᠯᠥᠨ ᠪᠤᠶ᠋ᠢᠷ ᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠬᠣᠲᠠ ᠵᠢᠨ ᠳᠡᠳ᠋ ᠳᠠᠷᠤᠭ᠎ᠠ᠂ ᠶᠢᠨ ᠾᠧ ᠭᠤᠤᠯ᠎ᠤᠨ ᠬᠣᠲᠠ ᠵᠢᠨ ᠳᠡᠰ᠎ᠤᠨ ᠭᠤᠤᠯ᠎ᠤᠨ ᠳᠠᠷᠤᠭ᠎ᠠ ᠯᠢ ᠵᠢᠨ ᠺᠧ ᠭᠣᠣᠯ ᠮᠦᠷᠡᠨ᠎ᠢ ᠴᠠᠭᠳᠠᠨ ᠪᠠᠶ᠋ᠢᠴᠠᠭ᠋ᠠᠬᠤ ᠠᠵᠢᠯ ᠥᠷᠨᠢᠭᠦᠯᠪᠡ᠃
ᠣᠶ᠋ᠢᠷ᠎ᠠ ᠵᠢᠨ ᠡᠳᠦᠷ᠂ ᠬᠥᠯᠥᠨ ᠪᠤᠶ᠋ᠢᠷ ᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ᠂ ᠶᠢᠨ ᠾᠧ ᠭᠤᠤᠯ᠎ᠤᠨ ᠬᠣᠲᠠ ᠵᠢᠨ ᠳᠡᠰ᠎ᠤᠨ ᠭᠣᠣᠯ᠎ᠤᠨ ᠳᠠᠷᠤᠭ᠎ᠠ ᠯᠢ ᠵᠢᠨ ᠺᠧ ᠵᠠᠯᠠᠨ ᠠᠶ᠋ᠢᠯ ᠬᠣᠲᠠ᠎ᠳᠤ ᠬᠦᠷᠴᠦ ᠭᠣᠣᠯ ᠮᠦᠷᠡᠨ᠎ᠢ ᠴᠠᠭᠳᠠᠨ ᠪᠠᠶ᠋ᠢᠴᠠᠭ᠋ᠠᠬᠤ ᠠᠵᠢᠯ ᠬᠢᠪᠡ᠃ ᠵᠠᠯᠠᠨ ᠠᠵᠢᠯ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ᠂ ᠶᠢᠨ ᠾᠧ ᠭᠤᠤᠯ᠎ᠤᠨ ᠵᠠᠯᠠᠨ ᠠᠶ᠋ᠢᠯ ᠬᠣᠲᠠ ᠵᠢᠨ ᠬᠡᠰᠡᠭ᠎ᠤᠨ ᠭᠣᠣᠯ᠎ᠤᠨ ᠳᠠᠷᠤᠭ᠎ᠠ ᠮᠠ ᠴᠢᠩ ᠵᠢᠦᠢ᠂ ᠵᠠᠯᠠᠨ ᠠᠵᠢᠯ ᠬᠣᠲᠠ ᠵᠢᠨ ᠭᠣᠣᠯ᠎ᠤᠨ ᠳᠠᠷᠤᠭ᠎ᠠ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠨ ᠨᠦᠬᠦᠳ ᠵᠢᠴᠢ ᠳᠠᠭᠤᠷ ᠰᠢᠶᠠᠩ᠎ᠤᠨ ᠬᠣᠯᠪᠣᠭᠳᠠᠯ ᠪᠦᠬᠦᠢ ᠬᠥᠮᠦᠰ ᠪᠠᠷ᠎ᠠ ᠪᠣᠯᠵᠤ ᠲᠣᠭᠣᠷᠢᠨ ᠴᠠᠭᠳᠠᠪᠠ᠃

ᠯᠢ ᠵᠢᠨ ᠺᠧ ᠶᠢᠨ ᠾᠧ ᠭᠣᠣᠯ᠎ᠤᠨ ᠭᠤᠯᠳᠤᠷᠢᠯ᠎ᠤᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ ᠬᠠᠮᠢᠶ᠎ᠠ ᠪᠦᠬᠦᠢ ᠠᠵᠢᠯᠲᠠᠨ᠎ᠤ ᠮᠡᠳᠡᠭᠦᠯᠦᠯᠲᠡ ᠵᠢ ᠰᠣᠨᠣᠰᠴᠠᠢ᠃ ᠯᠢ ᠵᠢᠨ ᠺᠧ ᠭᠣᠣᠯ᠎ᠤᠨ ᠳᠠᠷᠤᠭ᠎ᠠ ᠲᠣᠭᠣᠷᠢᠨ ᠴᠠᠭᠳᠠᠬᠤ ᠠᠵᠢᠯ᠎ᠤᠨ ᠲᠤᠬᠠᠢ ᠵᠢᠨ ᠲᠠᠯᠠᠪᠠᠢ᠎ᠳᠤ ᠴᠢᠬᠤᠯᠠᠴᠢᠯᠠᠭᠰᠠᠨ᠎ᠨᠢ᠂ ᠨᠢᠭᠡ᠎ᠳᠤ ᠬᠣᠲᠠ᠂ ᠰᠢᠶᠠᠨ᠂ ᠰᠢᠶᠠᠩ᠂ ᠲᠣᠰᠬᠣᠨ ᠳᠥᠷᠪᠡᠨ ᠱᠠᠲᠤᠨ᠎ᠤ ᠭᠣᠣᠯ᠎ᠤᠨ ᠳᠠᠷᠤᠭ᠎ᠠ ᠵᠢᠨ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠭᠣᠣᠯ ᠨᠠᠭᠤᠷ᠎ᠤᠨ ᠤᠰᠤᠨ᠎ᠤ ᠣᠷᠴᠢᠨ ᠲᠣᠭᠣᠷᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠭᠣᠣᠯ ᠨᠠᠭᠤᠷ᠎ᠢ ᠵᠠᠰᠠᠬᠤ ᠪᠣᠯᠤᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠴᠡᠭᠴᠡᠯᠡᠨ ᠵᠠᠰᠠᠬᠤ ᠵᠢ ᠤᠶᠠᠯᠳᠤᠭᠤᠯᠬᠤ᠂ ᠡᠳᠦᠷ ᠳᠣᠳᠣᠮ᠎ᠤᠨ ᠲᠣᠭᠣᠷᠢᠨ ᠪᠠᠶ᠋ᠢᠴᠠᠭ᠋ᠠᠬᠤ ᠪᠣᠯᠤᠨ ᠤᠷᠲᠤ ᠬᠤᠭᠤᠴᠠᠭ᠋ᠠᠨ᠎ᠤ ᠪᠦᠲᠦᠮᠵᠢᠲᠡᠢ ᠬᠠᠮᠢᠶᠠᠷᠬᠤ ᠵᠢ ᠤᠶᠠᠯᠳᠤᠭᠤᠯᠬᠤ᠂ ᠡᠳᠦᠷ ᠳᠣᠳᠣᠮ᠎ᠤᠨ ᠠᠷᠢᠭᠤᠨ ᠴᠡᠪᠡᠷ᠎ᠢ ᠬᠠᠮᠠᠭ᠋ᠠᠯᠠᠬᠤ ᠵᠡᠷᠭᠡ ᠠᠵᠢᠯ᠎ᠢ ᠰᠠᠶ᠋ᠢᠲᠤᠷ ᠨᠠᠢ᠌ᠳᠠᠪᠤᠷᠢᠵᠢᠭᠤᠯᠵᠤ᠂ ᠭᠤᠤᠯ᠎ᠤᠨ ᠨᠢᠭᠤᠷ ᠪᠠ ᠬᠤᠶᠠᠷ ᠡᠷᠬᠢ ᠵᠢᠨ ᠤᠷᠤᠨ ᠪᠦᠰᠡ ᠵᠢᠨ ᠴᠡᠪᠡᠷ ᠴᠡᠭᠴᠡᠳᠡᠢ ᠪᠠᠢ᠌ᠬᠤ ᠵᠢ ᠦᠨᠡᠨ ᠬᠦ᠌ ᠪᠠᠳᠤᠯᠠᠬᠤ ᠬᠡᠷᠡᠭᠲᠡᠢ᠃ ᠬᠣᠶᠠᠷ᠎ᠲᠤ᠂ ᠡᠪᠦᠯ᠎ᠤᠨ ᠤᠯᠠᠷᠢᠯ᠎ᠳᠤ ᠭᠣᠣᠯ᠎ᠤᠨ ᠠᠮᠤᠷ ᠲᠦᠪᠰᠢᠨ᠎ᠢ ᠴᠢᠬᠤᠯᠠᠴᠢᠯᠠᠨ᠂ ᠰᠠᠭᠤᠭ᠋ᠠᠯᠢ ᠠᠷᠠᠳ᠎ᠢ ᠤᠳᠤᠷᠢᠳᠤᠨ ᠳᠠᠭ᠋ᠠᠭᠤᠯᠵᠤ ᠪᠣᠯᠪᠠᠰᠤᠨ ᠠᠮᠢᠳᠤᠷᠠᠯ᠎ᠤᠨ ᠳᠠᠳᠬᠠᠯ᠎ᠢ ᠪᠣᠢ ᠪᠣᠯᠭ᠋ᠠᠨ᠂ ᠪᠦᠬᠦ ᠨᠡᠶ᠋ᠢᠭᠡᠮ᠎ᠤᠨ ᠭᠣᠣᠯ ᠮᠥᠷᠡᠨ᠎ᠢ ᠬᠠᠮᠠᠭ᠋ᠠᠯᠠᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ᠎ᠳᠤ᠂ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠭᠣᠣᠯ ᠤᠨ ᠳᠠᠷᠤᠭ᠎ᠠ ᠵᠢᠨ ᠳᠦᠷᠢᠮ᠎ᠤᠨ ᠠᠵᠢᠯ᠎ᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠱᠠᠲᠤ ᠱᠠᠲᠤ᠎ᠪᠠᠷ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠤ᠂ ᠣᠷᠣᠰᠢᠵᠤ ᠪᠠᠶ᠋ᠢᠭ᠎ᠠ ᠪᠠᠭᠤᠷᠠᠢ ᠲᠠᠯ᠎ᠠ ᠪᠣᠯᠤᠨ ᠳᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠦᠨᠡᠨ ᠬᠦ᠌ ᠬᠡᠷᠡᠭᠵᠢᠬᠦᠯᠵᠦ ᠪᠤᠯᠬᠤ ᠠᠵᠢᠯ᠎ᠤᠨ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ 《ᠤᠷᠤᠰᠬᠠᠯ᠎ᠨᠢ ᠢᠯᠭᠤᠮ᠂ ᠤᠰᠤ᠎ᠨᠢ ᠲᠤᠩᠭ᠋ᠠᠯᠠᠭ᠂ ᠡᠷᠭᠢ᠎ᠨᠢ ᠨᠣᠭᠣᠭ᠋ᠠᠨ᠂ ᠦᠵᠡᠮᠵᠢ᠎ᠨᠢ ᠰᠠᠶ᠋ᠢᠬᠠᠨ》 ᠠᠮᠢ ᠠᠬᠤᠢ ᠣᠷᠴᠢᠨ ᠲᠤᠭᠤᠷᠢᠨ᠎ᠢ ᠬᠦᠴᠦᠯᠡᠨ ᠪᠠᠢ᠌ᠭᠤᠯᠬᠤ ᠬᠡᠷᠡᠭᠳᠡᠢ ; ᠤᠷᠲᠤ ᠬᠤᠭᠤᠴᠠᠭ᠋ᠠᠨ᠎ᠤ ᠦᠷ᠎ᠡ ᠪᠦᠲᠦᠮᠵᠢᠲᠡᠢ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠵᠤ᠂ ᠠᠰᠠᠭᠤᠳᠠᠯ ᠲᠠᠬᠢᠬᠤ ᠵᠢ ᠰᠡᠷᠭᠡᠶ᠋ᠢᠯᠡᠬᠦ ᠬᠡᠷᠡᠭᠲᠡᠢ ᠭᠡᠵᠡᠢ᠃