ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠤᠱ᠌ᠠᠯᠠᠭᠤᠯᠤᠨ ᠨᠠᠶ᠋ᠢᠳᠠᠪᠤᠷᠢᠵᠢᠭᠤᠯᠵᠤ᠂ ᠬᠠᠲᠤᠨ ᠭᠣᠣᠯ᠎ᠤᠨ ᠬᠠᠤᠯᠢ ᠲᠤᠭᠳᠠᠭ᠋ᠠᠵᠤ ᠲᠤᠭᠤᠷᠪᠢᠬᠤ ᠠᠵᠢᠯ᠎ᠢ ᠲᠦᠷᠭᠡᠳᠭᠡᠬᠦ ᠵᠢᠨ ᠲᠤᠰᠠᠳᠠ᠂ ᠤᠰᠤᠨ ᠠᠰᠢᠭᠯᠠᠯᠲᠠ ᠵᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠦᠷᠦᠭᠦᠯᠡᠨ ᠬᠠᠲᠤᠨ ᠭᠣᠣᠯ᠎ᠤᠨ ᠬᠠᠤᠯᠢ ᠲᠤᠭᠳᠠᠭ᠋ᠠᠵᠤ ᠲᠤᠭᠤᠷᠪᠢᠨ ᠪᠢᠴᠢᠬᠦ ᠠᠵᠢᠯ᠎ᠤᠨ ᠳᠤᠭᠤᠶ᠋ᠢᠯᠠᠩ ᠪᠠᠶ᠋ᠢᠭᠤᠯᠪᠠ᠃ 11 ᠰᠠᠷ᠎ᠠ ᠵᠢᠨ 20᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠡᠧ ᠵᠢᠩ ᠫᠢᠩ ᠬᠠᠲᠤᠨ ᠭᠣᠣᠯ᠎ᠤᠨ ᠬᠠᠤᠯᠢ ᠲᠣᠭᠲᠠᠭ᠋ᠠᠵᠤ ᠲᠤᠭᠤᠷᠪᠢᠨ ᠪᠢᠴᠢᠬᠦ ᠠᠵᠢᠯ᠎ᠤᠨ ᠳᠤᠭᠤᠶ᠋ᠢᠯᠠᠩ᠎ᠤᠨ ᠠᠩᠬᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠳᠠᠩ ᠳ᠋ᠧᠩ ᠵᠢᠶᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠬᠠᠤᠯᠢ ᠴᠠᠭ᠋ᠠᠵᠠ ᠵᠢᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠢᠴᠢ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠪᠠᠴᠢᠮ ᠪᠠᠶ᠋ᠢᠳᠠᠯ᠎ᠢ ᠠᠷᠭ᠋ᠠᠴᠠᠬᠤ ᠶᠠᠮᠤᠨ᠂ ᠡᠨᠧᠷᠭᠢ ᠵᠢᠨ ᠲᠣᠪᠴᠢᠶ᠎ᠠ᠂ ᠣᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠂ ᠬᠠᠲᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠵᠡᠷᠭᠡ ᠬᠠᠲᠤᠨ ᠭᠣᠣᠯ᠎ᠤᠨ ᠬᠠᠤᠯᠢ ᠲᠣᠭᠲᠠᠭ᠋ᠠᠵᠤ ᠲᠤᠭᠤᠷᠪᠢᠨ ᠪᠢᠴᠢᠬᠦ ᠠᠵᠢᠯ᠎ᠤᠨ ᠳᠤᠭᠤᠶ᠋ᠢᠯᠠᠩ᠎ᠤᠨ ᠪᠦᠷᠢᠯᠳᠦᠬᠦᠨ ᠨᠢᠭᠡᠴᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠪᠠ᠃
ᠬᠠᠳᠤᠨ ᠭᠤᠤᠯ ᠮᠠᠰᠢ ᠤᠨᠴᠠᠭ᠋ᠠᠢ᠂ ᠳᠣᠯᠣᠭ᠋ᠠᠨ ᠶᠡᠬᠡ ᠭᠤᠤᠯ ᠮᠥᠷᠡᠨ᠎ᠤ ᠲᠤᠲᠤᠷ᠎ᠠ ᠬᠠᠮᠤᠭ᠎ᠤᠨ ᠪᠤᠳᠤᠯᠢᠶᠠᠨᠲᠠᠢ ᠪᠦᠭᠡᠳ ᠵᠠᠰᠠᠬᠤ᠎ᠳᠤ ᠲᠤᠩ ᠬᠦᠴᠢᠷ ᠶᠤᠮ᠃ ᠬᠠᠲᠤᠨ ᠭᠣᠣᠯ᠎ᠤᠨ ᠬᠠᠤᠯᠢ ᠲᠣᠭᠲᠠᠭ᠋ᠠᠬᠤ ᠠᠵᠢᠯ᠎ᠢ ᠥᠷᠨᠢᠭᠦᠯᠦᠭᠰᠡᠨ᠎ᠨᠢ ᠬᠠᠲᠤᠨ ᠭᠣᠣᠯ᠎ᠤᠨ ᠵᠠᠰᠠᠯᠲᠠ ᠵᠢᠨ ᠲᠡᠦᠬᠡᠨ ᠳᠡᠭᠡᠷ᠎ᠡ ᠠᠩᠬ᠎ᠠ ᠤᠳᠠᠭ᠎ᠠ ᠢᠯᠡᠷᠡᠵᠦ ᠪᠠᠶ᠋ᠢᠨ᠎ᠠ᠂ ᠡᠨᠡ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠡᠬᠡ ᠭᠣᠣᠯ ᠵᠶ᠋ᠠᠨ ᠬᠠᠮᠠᠭ᠋ᠠᠯᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠠᠢ᠃ ᠬᠠᠲᠤᠨ ᠭᠣᠣᠯ᠎ᠤᠨ ᠬᠠᠤᠯᠢ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠵᠢᠨ ᠵᠠᠩᠭᠢᠯᠠᠭ᠎ᠠ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠮᠵᠢ ᠵᠢ ᠤᠢ᠌ᠯᠠᠭ᠋ᠠᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠪᠠ ᠴᠢᠨᠠᠷ ᠰᠠᠶ᠋ᠢᠲᠠᠢ ᠬᠥᠭᠵᠢᠯᠲᠡ ᠵᠢᠨ ᠲᠤᠬᠠᠢ ᠠᠯᠢ ᠣᠯᠠᠨ ᠪᠠᠶ᠋ᠢᠯᠳᠤᠬᠤ ᠪᠣᠳᠣᠯᠭ᠎ᠠ ᠪᠠᠶ᠋ᠢᠷᠢᠯᠠᠭᠤᠯᠤᠯᠲᠠ ᠪᠣᠯᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠤᠱ᠌ᠠᠯᠠᠭᠤᠯᠤᠨ᠂ ᠠᠰᠠᠭᠤᠳᠠᠯ ᠵᠶ᠋ᠡᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠲᠤᠪᠤᠢ᠌ᠮ᠎ᠠ ᠠᠰᠠᠭᠤᠳᠠᠯ᠎ᠳᠤ ᠠᠩᠬᠠᠷᠤᠯ ᠵᠶ᠋ᠡᠨ ᠲᠦᠪᠯᠡᠷᠡᠬᠦᠯᠵᠦ᠂ ᠲᠤᠰᠬᠠᠢ ᠰᠡᠳᠦᠪᠳᠦ ᠰᠤᠳᠤᠯᠭ᠋ᠠᠨ᠎ᠢ ᠬᠦᠨᠵᠡᠭᠡᠢ ᠦᠷᠨᠢᠬᠦᠯᠵᠦ᠂ ᠠᠰᠠᠭᠤᠳᠠᠯ᠎ᠢ ᠰᠢᠢ᠍ᠳᠪᠤᠷᠢᠯᠡᠬᠦ ᠰᠡᠳᠬᠢᠮᠵᠢ ᠪᠠ ᠠᠷᠭ᠎ᠠ ᠬᠡᠮᠵᠢᠶ᠎ᠡ ᠵᠢ ᠬᠠᠢ᠌ᠨ ᠰᠦᠪᠡᠭᠴᠢᠯᠡᠵᠦ᠂ ᠬᠠᠨᠳᠤᠯᠭ᠋ᠠᠳᠤ ᠴᠢᠨᠠᠷᠳᠠᠢ᠎ᠪᠠᠷ ᠬᠠᠤᠯᠢ ᠲᠤᠭᠳᠠᠭ᠋ᠠᠬᠤ ᠲᠠᠯ᠎ᠠ ᠵᠢᠨ ᠰᠠᠨᠠᠭᠤᠯᠭ᠎ᠠ ᠲᠤᠷᠠᠳᠴᠤ᠂ ᠨᠢᠭᠡ ᠢᠵᠢ ᠪᠤᠳᠠᠳᠠᠢ ᠬᠡᠷᠡᠭᠯᠡᠵᠦ ᠪᠤᠯᠬᠤ ᠲᠦᠷᠢᠮ᠎ᠤᠨ ᠰᠢᠰᠲᠸᠮ᠎ᠢ ᠪᠠᠢ᠌ᠭᠤᠯᠬᠤ ᠬᠡᠷᠡᠭᠲᠡᠢ ᠭᠡᠵᠦ ᠡᠸ ᠵᠢᠩ ᠫᠢᠩ ᠵᠢᠭ᠋ᠠᠵᠤ ᠭᠠᠷᠭ᠋ᠠᠭᠰᠠᠨ ᠪᠠᠢ᠌ᠨ᠎ᠠ᠃ ᠡᠸ ᠵᠢᠩ ᠫᠧᠩ ᠪᠠᠰᠠ ᠴᠢᠬᠤᠯᠠᠴᠢᠯᠠᠭᠰᠠᠨ᠎ᠨᠢ᠂ ᠬᠠᠲᠤᠨ ᠭᠣᠣᠯ᠎ᠤᠨ ᠬᠠᠤᠯᠢ ᠲᠣᠭᠲᠠᠭ᠋ᠠᠬᠤ ᠲᠤᠭᠤᠷᠪᠢᠬᠤ ᠠᠵᠢᠯ᠎ᠤᠨ ᠴᠠᠭ ᠪᠠᠴᠢᠮ᠂ ᠡᠭᠦᠷᠭᠡ ᠬᠦᠨᠳᠦ᠂ ᠡᠯ᠎ᠡ ᠨᠢᠭᠡᠴᠡ ᠰᠡᠳᠬᠢᠯ ᠵᠶ᠋ᠡᠨ ᠨᠢᠭᠡᠳᠭᠡᠨ ᠬᠦᠴᠦᠨ ᠵᠶ᠋ᠡᠨ ᠬᠠᠮᠳᠣᠳᠬᠠᠨ ᠂ ᠲᠤᠭᠳᠠᠭᠰᠠᠨ ᠠᠵᠢᠯ ᠡᠬᠦᠷᠭᠡ᠂ ᠲᠤᠰᠢᠶᠠᠯ ᠬᠠᠷᠢᠭᠤᠴᠠᠯᠭ᠎ᠠ᠂ ᠴᠠᠭ ᠬᠤᠭᠤᠴᠠᠭ᠎ᠠ ᠶᠤᠰᠤᠭ᠋ᠠᠷ ᠡᠯ᠎ᠡ ᠵᠤᠢ᠌ᠯ᠎ᠤᠨ ᠠᠵᠢᠯ᠎ᠢ ᠨᠠᠷᠢᠨ ᠬᠢᠨᠠᠮᠠᠭ᠋ᠠᠢ ᠰᠠᠢ᠌ᠳᠤᠷ ᠵᠤᠬᠢᠶᠠᠨ ᠪᠠᠢ᠌ᠭᠤᠯᠵᠤ᠂ ᠲᠣᠭᠲᠠᠭᠰᠠᠨ ᠬᠤᠭᠤᠴᠠᠭ᠋ᠠᠨ ᠲᠤᠲᠤᠷ᠎ᠠ ᠬᠠᠤᠯᠢ ᠲᠤᠭᠤᠷᠪᠢᠬᠤ ᠡᠭᠦᠷᠭᠡ᠎ᠪᠠᠨ ᠴᠢᠨᠠᠷ ᠰᠠᠶ᠋ᠢᠲᠠᠢ ᠪᠡᠶᠡᠯᠡᠭᠦᠯᠬᠦ ᠬᠡᠷᠡᠭᠲᠡᠢ ᠭᠡᠪᠡ᠃
ᠳᠠᠩ ᠳ᠋ᠧᠩ ᠵᠢᠶᠧ ᠵᠢᠭ᠋ᠠᠵᠤ ᠭᠠᠷᠭ᠋ᠠᠭᠰᠠᠨ᠎ᠨᠢ᠂ ᠬᠠᠲᠤᠨ ᠭᠣᠣᠯ᠎ᠤᠨ ᠬᠠᠤᠯᠢ ᠲᠣᠭᠲᠠᠭ᠋ᠠᠬᠤ ᠪᠣᠯ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠪᠣᠯᠤᠨ ᠵᠢᠭ᠋ᠠᠪᠤᠷᠢ ᠴᠤᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠪᠤᠯᠤᠨ᠎ᠠ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠪᠠ ᠴᠢᠨᠠᠷ ᠰᠠᠶ᠋ᠢᠲᠠᠢ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠲᠤᠤᠱ᠌ᠠᠯᠠᠭᠤᠯᠤᠨ ᠨᠠᠶ᠋ᠢᠳᠠᠪᠤᠷᠢᠵᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠮᠥᠨ᠂ ᠬᠠᠲᠤᠨ ᠭᠣᠣᠯ᠎ᠤᠨ ᠰᠠᠪᠠ ᠭᠠᠵᠠᠷ᠎ᠤᠨ ᠳᠣᠪᠣᠶ᠋ᠢᠮ᠎ᠠ ᠠᠰᠠᠭᠤᠳᠠᠯ᠎ᠢ ᠰᠢᠰᠲ᠋ᠧᠮ᠎ᠲᠠᠢ᠎ᠪᠠᠷ ᠰᠢᠢ᠍ᠳᠪᠦᠷᠢᠯᠡᠬᠦ ᠲᠤᠯᠭ᠋ᠠᠮ᠎ᠠ ᠬᠡᠷᠡᠭᠴᠡᠭᠡ ᠮᠥᠨ᠃ ᠬᠠᠲᠤᠨ ᠭᠣᠣᠯ᠎ᠤᠨ ᠬᠠᠤᠯᠢ ᠲᠣᠭᠲᠠᠭ᠋ᠠᠬᠤ ᠪᠠᠶ᠋ᠢᠷᠢ ᠲᠣᠭᠲᠠᠭ᠋ᠠᠯᠲᠠ ᠪᠠ ᠣᠨᠴᠠᠯᠢᠭ᠎ᠢ ᠰᠠᠶ᠋ᠢᠲᠤᠷ ᠡᠵᠡᠮᠳᠡᠵᠦ᠂ ᠰᠠᠪᠠ ᠭᠠᠵᠠᠷ᠎ᠤᠨ ᠣᠨᠴᠠᠯᠢᠭ ᠰᠢᠨᠵᠢ ᠵᠢ ᠬᠠᠷᠠᠭᠤᠯᠤᠭᠰᠠᠨ᠂ ᠳᠡᠭᠡᠳᠦ ᠳᠣᠣᠷᠠᠲᠤ ᠤᠷᠤᠰᠬᠠᠯ᠂ ᠭᠣᠣᠯ ᠰᠠᠯᠪᠤᠷᠢ ᠤᠷᠤᠰᠬᠠᠯ᠎ᠤᠨ ᠪᠦᠬᠦᠢ᠌ᠯᠡ ᠴᠣᠭᠴᠠᠲᠤ ᠴᠢᠨᠠᠷ ᠪᠠ ᠬᠣᠯᠪᠣᠭᠳᠠᠯᠲᠤ ᠴᠢᠨᠠᠷ᠎ᠢ ᠲᠤᠰᠬᠠᠭᠰᠠᠨ᠂ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠪᠠ ᠴᠢᠨᠠᠷ ᠰᠠᠢ᠌ᠳᠠᠢ ᠬᠥᠭᠵᠢᠯᠲᠡ ᠵᠢ ᠨᠢᠭᠡᠳᠦᠯᠲᠡᠢ ᠰᠠᠶ᠋ᠢᠲᠤᠷ ᠲᠥᠯᠥᠪᠯᠡᠵᠦ᠂ ᠡᠯ᠎ᠡ ᠲᠠᠯ᠎ᠠ ᠵᠢᠨ᠎ᠬᠢᠨ᠎ᠤ ᠣᠶᠤᠨ ᠤᠬᠠᠭ᠋ᠠᠨ᠎ᠢ ᠲᠥᠪᠯᠡᠷᠡᠭᠦᠯᠦᠨ᠂ ᠬᠠᠮᠳᠤ ᠵᠢᠨ ᠲᠠᠨᠢᠯᠳᠠ ᠵᠢ ᠲᠦᠪᠯᠡᠷᠡᠬᠦᠯᠵᠦ᠂ ᠬᠠᠤᠯᠢ ᠲᠣᠭᠲᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠬᠡᠵᠦ᠂ ᠬᠠᠲᠤᠨ ᠭᠣᠣᠯ᠎ᠤᠨ ᠬᠠᠤᠯᠢ ᠲᠣᠭᠲᠠᠭ᠋ᠠᠬᠤ ᠵᠢ ᠣᠳᠣᠬᠠᠨ᠎ᠤ ᠨᠢᠭᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ ᠪᠣᠯᠭ᠋ᠠᠨ ᠠᠳᠬᠤᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠢᠭᠡᠳᠦᠯᠲᠡᠢ ᠲᠥᠯᠥᠪᠯᠡᠨ ᠬᠠᠮᠵᠢᠯᠴᠠᠬᠤ ᠵᠢ ᠡᠷᠴᠢᠮᠵᠢᠬᠦᠯᠵᠦ᠂ ᠬᠡᠪ ᠵᠤᠷᠰᠢᠯ᠎ᠢ ᠡᠪᠳᠡᠨ ᠲᠠᠪᠠᠵᠤ᠂ ᠬᠦᠴᠢᠷ ᠪᠡᠷᠬᠡ ᠵᠢ ᠢᠯᠠᠨ ᠳᠠᠪᠠᠵᠤ᠂ ᠬᠠᠤᠯᠢ ᠲᠣᠭᠲᠠᠭ᠋ᠠᠵᠤ ᠲᠤᠭᠤᠷᠪᠢᠨ ᠪᠢᠴᠢᠬᠦ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠴᠢᠨᠠᠷ ᠰᠠᠶ᠋ᠢᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠡᠢ᠃
ᠬᠤᠷᠠᠯ᠎ᠠᠴᠠ ᠪᠠᠰᠠ ᠬᠣᠯᠪᠣᠭᠳᠠᠯ ᠪᠦᠬᠦᠢ ᠠᠵᠢᠯ᠎ᠤᠨ ᠲᠥᠰᠦᠯ ᠪᠠ ᠠᠵᠢᠯ᠎ᠤᠨ ᠳᠦᠷᠢᠮ᠎ᠢ ᠬᠢᠨᠠᠨ ᠶᠠᠷᠢᠯᠴᠠᠵᠤ ᠪᠠᠳᠤᠯᠠᠭᠰᠠᠨ ᠪᠦᠭᠡᠳ ᠡᠭᠦᠷᠭᠡ ᠵᠢᠨ ᠬᠤᠪᠢᠶᠠᠷᠢᠯᠠᠯ ᠪᠠ ᠳᠠᠷᠠᠭ᠎ᠠ ᠠᠯᠬᠤᠮ᠎ᠤᠨ ᠠᠵᠢᠯ᠎ᠤᠨ ᠲᠣᠬᠢᠷᠠᠭᠤᠯᠤᠯᠲᠠ ᠵᠢ ᠲᠣᠳᠣᠷᠬᠠᠶ᠋ᠢᠯᠠᠪᠠ᠃
ᠡᠯ᠎ᠡ ᠰᠠᠯᠠᠭ᠎ᠠ ᠮᠥᠴᠢᠷ᠎ᠤᠨ ᠵᠤᠷᠭ᠋ᠠᠨ ᠲᠣᠪᠴᠢᠶᠠᠨ᠎ᠤ ᠬᠠᠷᠢᠯᠴᠠᠭᠴᠢ ᠬᠤᠷᠠᠯ᠎ᠳᠤ ᠣᠷᠣᠯᠴᠠᠵᠠᠢ᠃ ᠤᠰᠤᠨ ᠠᠰᠢᠭᠯᠠᠯᠲᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠪᠣᠯᠤᠨ ᠨᠢᠭᠡᠴᠡ ᠵᠢᠨ ᠭᠣᠣᠯ ᠬᠠᠷᠢᠭᠤᠴᠠᠯᠭ᠋ᠠᠲᠠᠨ ᠨᠦᠬᠦᠳ ᠬᠤᠷᠠᠯ᠎ᠳᠤ ᠰᠤᠯᠠ ᠣᠷᠣᠯᠴᠠᠪᠠ᠃