ᠭᠤᠤᠯ ᠨᠠᠭᠤᠷ᠎ᠤᠨ ᠳᠠᠷᠤᠭ᠎ᠠ ᠵᠢᠨ ᠳᠦᠷᠢᠮ᠎ᠢ ᠭᠦᠨᠵᠡᠭᠡᠢ ᠠᠬᠢᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠭᠣᠣᠯ ᠨᠠᠭᠤᠷ᠎ᠤᠨ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ ᠵᠢ ᠬᠤᠪᠢᠶᠠᠨ ᠲᠤᠭᠳᠠᠭ᠋ᠠᠭᠰᠠᠨ ᠦᠷ᠎ᠡ ᠪᠦᠲᠦᠭᠡᠯ᠎ᠢ ᠵᠢᠷᠤᠭᠯᠠᠬᠤ ᠠᠵᠢᠯ᠎ᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠲᠦᠩᠯᠢᠶᠣᠣ ᠬᠣᠲᠠ ᠬᠡᠪᠴᠢᠶᠡᠵᠢᠯ᠎ᠠᠴᠠ ᠳᠣᠷᠣᠭᠰᠢᠬᠢ ᠭᠣᠣᠯ ᠨᠠᠭᠤᠷ ᠤᠨ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ ᠵᠢ ᠬᠤᠪᠢᠶᠠᠨ ᠲᠤᠭᠳᠠᠭ᠋ᠠᠭᠰᠠᠨ ᠦᠷ᠎ᠡ ᠪᠦᠲᠦᠭᠡᠯ᠎ᠢ ᠳᠠᠬᠢᠨ ᠬᠢᠨᠠᠬᠤ ᠪᠠ ᠵᠠᠷᠯᠠᠬᠤ ᠠᠵᠢᠯ᠎ᠢ ᠪᠡᠶᠡᠯᠡᠭᠦᠯᠪᠡ᠃ 11 ᠰᠠᠷ᠎ᠠ ᠵᠢᠨ 30᠎ᠤ ᠡᠳᠦᠷ᠂ ᠭᠣᠣᠯ ᠨᠠᠭᠤᠷ᠎ᠤᠨ ᠬᠠᠮᠢᠶᠠᠷᠤᠯᠲᠠ ᠵᠢᠨ ᠰᠠᠯᠠᠭ᠋ᠠᠨ᠎ᠤ ᠳᠠᠷᠤᠭ᠎ᠠ ᠨᠠᠶᠠᠨᠳᠦ᠋ᠷᠪᠡ ᠪᠠ ᠭᠤᠤᠯ ᠨᠠᠭᠤᠷ᠎ᠤᠨ ᠬᠠᠮᠢᠶᠠᠷᠤᠯᠲᠠ ᠵᠢᠨ ᠲᠥᠪ ᠤᠨ ᠯᠢ ᠹᠦ᠋ ᠴᠢᠤᠸᠠᠨ ᠡᠷᠬᠢᠯᠡᠭᠴᠢ ᠵᠢᠨ ᠳᠠᠭ᠋ᠠᠭᠤᠯᠤᠭᠰᠠᠨ ᠠᠵᠢᠯᠯᠠᠬᠤ ᠳᠤᠭᠤᠶ᠋ᠢᠯᠠᠩ ᠥᠪᠥᠷ ᠮᠣᠩᠭᠣᠯ ᠤᠨ ᠤᠰᠤᠨ ᠠᠰᠢᠭᠯᠠᠯᠳᠠ ᠵᠢᠨ ᠤᠰᠤ ᠴᠠᠬᠢᠯᠭ᠋ᠠᠨ᠎ᠤ ᠰᠢᠨᠵᠢᠯᠡᠭᠡᠨ᠎ᠤ ᠵᠢᠷᠤᠭ ᠲᠦᠯᠦᠪᠯᠡᠭᠡ ᠵᠢᠨ ᠬᠦᠷᠢᠶᠡᠯᠡᠩ᠎ᠳᠤ ᠬᠦᠷᠴᠦ ᠦᠷ᠎ᠡ ᠪᠦᠳᠦᠭᠡᠯ᠎ᠢ ᠬᠠᠮᠤᠭ ᠡᠴᠦᠰ᠎ᠤᠨ ᠤᠳᠠᠭ᠎ᠠ ᠬᠢᠨᠠᠨ ᠬᠠᠷᠭᠤᠭᠤᠯᠬᠤ᠎ᠪᠠᠷ ᠲᠤᠰᠢᠶᠠᠬᠤ ᠠᠵᠢᠯ᠎ᠢ ᠦᠷᠨᠢᠬᠦᠯᠵᠦ᠂ ᠠᠵᠢᠯᠯᠠᠬᠤ ᠲᠤᠭᠤᠢ᠌ᠯᠠᠩ᠎ᠤᠨ 10 ᠭᠠᠷᠤᠢ ᠬᠥᠮᠦᠨ ᠪᠠ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠭᠣᠣᠯ᠎ᠤᠨ ᠳᠠᠷᠤᠭ᠎ᠠ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠨ ᠵᠢᠴᠢ ᠵᠢᠷᠤᠭ ᠲᠦᠯᠦᠪᠯᠡᠭᠡ ᠵᠢᠨ ᠨᠢᠭᠡᠴᠡ ᠲᠤᠰ ᠤᠳᠠᠭ᠋ᠠᠨ᠎ᠤ ᠵᠢᠷᠤᠭᠯᠠᠬᠤ ᠠᠵᠢᠯ᠎ᠳᠤ ᠣᠷᠣᠯᠴᠠᠪᠠ᠃