ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠡᠧ ᠵᠢᠩ ᠫᠢᠩ ᠥᠪᠥᠷ ᠮᠣᠩᠭᠣᠯ᠎ᠤᠨ ᠪᠤᠷᠤᠲᠤᠬᠤᠢ ᠵᠢᠨ ᠤᠰᠤᠯᠠᠯᠲᠠ ᠵᠢᠨ ᠣᠷᠣᠨ᠎ᠳᠤ ᠬᠦᠷᠴᠦ ᠬᠦᠨᠵᠡᠭᠡᠢ ᠤᠰᠤ ᠠᠷᠪᠢᠯᠠᠬᠤ ᠵᠢ ᠪᠠᠶ᠋ᠢᠴᠠᠭ᠋ᠠᠨ ᠰᠤᠳᠤᠯᠵᠠᠢ
ᠨᠡᠶ᠋ᠢᠲᠡᠯᠡᠭᠰᠡᠨ ᠴᠠᠭ᠄ 2021-01-27

      ᠰᠢ ᠵᠢᠨ ᠫᠢᠩ ᠶᠡᠷᠦᠩᠬᠡᠢ ᠱᠦᠵᠢ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠪᠠ ᠴᠢᠨᠠᠷ ᠰᠠᠶ᠋ᠢᠲᠠᠢ ᠬᠦᠭᠵᠢᠯᠲᠡ ᠵᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ 11 ᠳ᠋ᠦ᠍ᠭᠡᠷ ᠰᠠᠷ᠎ᠠ ᠵᠢᠨ 18 —19᠎ᠤ ᠡᠳᠦᠷ ᠪᠣᠯᠲᠠᠯ᠎ᠠ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠰᠠᠶ᠋ᠢᠳ ᠡᠧ ᠵᠢᠩ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠷᠣᠲᠣᠬᠣᠶ᠎ᠤᠨ ᠤᠰᠤᠯᠠᠯᠲᠠ ᠵᠢᠨ ᠣᠷᠣᠨ᠎ᠳᠤ ᠬᠦᠷᠴᠦ ᠲᠠᠷᠢᠶᠠᠯᠠᠩ᠎ᠤᠨ ᠤᠰᠤ ᠠᠷᠪᠢᠯᠠᠬᠤ ᠬᠣᠯᠪᠣᠭᠳᠠᠯ ᠪᠦᠬᠦᠢ ᠠᠵᠢᠯ᠎ᠢ ᠪᠠᠶ᠋ᠢᠴᠠᠭ᠋ᠠᠨ ᠰᠤᠳᠤᠯᠪᠠ᠃ ᠪᠠᠶ᠋ᠢᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂   ᠡᠸ ᠵᠢᠩ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠣᠣ ᠯᠢᠨ᠎ᠲᠠᠢ ᠠᠭᠤᠯᠵᠠᠤ᠂ ᠬᠣᠶᠠᠷ ᠲᠠᠯ᠎ᠠ᠎ᠪᠠᠷ ᠵᠶ᠋ᠠᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠶᠡᠬᠡ ᠬᠠᠮᠠᠭ᠋ᠠᠯᠠᠯᠳᠠ ᠵᠢ ᠬᠠᠮᠳᠤ᠎ᠪᠠᠷ ᠰᠠᠢ᠌ᠳᠤᠷ ᠠᠳᠬᠤᠬᠤ᠂ ᠶᠡᠬᠡ ᠵᠠᠰᠠᠯᠳᠠ ᠵᠢ ᠬᠠᠮᠵᠢᠯᠴᠠᠨ ᠲᠦᠯᠬᠢᠨ ᠠᠬᠢᠭᠤᠯᠬᠤ ᠲᠤᠬᠠᠢ ᠰᠠᠨᠠᠯ ᠵᠶ᠋ᠡᠨ ᠰᠤᠯᠢᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠪᠤᠤ ᠭᠠᠩ ᠪᠠᠷ᠎ᠠ ᠪᠣᠯᠵᠤ ᠪᠠᠶ᠋ᠢᠴᠠᠭ᠋ᠠᠨ ᠰᠤᠳᠤᠯᠤᠯᠲᠠ ᠬᠢᠪᠡ᠃
      ᠡᠸ ᠵᠢᠨ ᠫᠢᠩ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ ᠪᠠ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠨᠥᠬᠥᠳ᠎ᠲᠠᠢ ᠶᠠᠷᠢᠯᠴᠠᠬᠤ ᠬᠤᠷᠠᠯ ᠬᠢᠵᠦ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠴᠢᠬᠤᠯᠠ ᠶᠡᠬᠡ ᠠᠴᠢ ᠬᠣᠯᠪᠣᠭᠳᠠᠯ ᠪᠠ ᠡᠯᠪᠡᠭ ᠪᠠᠶᠠᠯᠢᠭ ᠠᠭᠤᠯᠤᠭᠳᠠᠬᠤᠨ᠎ᠢ ᠤᠬᠠᠭᠤᠯᠤᠨ ᠲᠠᠢ᠌ᠯᠪᠤᠷᠢᠯᠠᠵᠤ᠂ ᠪᠣᠷᠣᠲᠣᠬᠣᠶ᠎ᠤᠨ ᠤᠰᠤᠯᠠᠯᠲᠠ ᠵᠢᠨ ᠣᠷᠣᠨ᠎ᠤ ᠤᠰᠤ ᠲᠠᠲᠠᠬᠤ ᠪᠠ ᠤᠰᠤ ᠬᠡᠷᠡᠭᠯᠡᠬᠦ᠂ ᠲᠠᠷᠢᠶᠠᠯᠠᠩ᠎ᠤᠨ ᠲᠠᠷᠢᠮᠠᠯ᠎ᠤᠨ ᠪᠦᠲᠦᠴᠡ ᠪᠠ ᠲᠠᠷᠢᠶᠠᠯᠠᠩ᠎ᠤᠨ ᠤᠰᠤᠯᠠᠯᠲᠠ᠂ ᠤᠰᠤᠯᠠᠯᠲᠠ ᠵᠢᠨ ᠣᠷᠣᠨ᠎ᠤ ᠤᠰᠤ ᠬᠡᠷᠡᠭᠰᠡᠬᠦ ᠪᠠ ᠤᠰᠤ ᠠᠷᠪᠢᠯᠠᠬᠤ᠂ ᠤᠰᠤᠯᠠᠯᠲᠠ ᠵᠢᠨ ᠣᠷᠣᠨ᠎ᠤ ᠬᠥᠭᠵᠢᠯᠲᠡ ᠪᠠ ᠠᠮᠢ ᠠᠬᠤᠢ ᠵᠢᠨ ᠰᠠᠶ᠋ᠢᠵᠢᠷᠠᠯᠲᠠ ᠵᠡᠷᠭᠡ ᠪᠠᠶ᠋ᠢᠳᠠᠯ ᠵᠢᠴᠢ ᠤᠰᠤᠯᠠᠯᠲᠠ ᠵᠢᠨ ᠣᠷᠣᠨ᠎ᠤ ᠲᠠᠷᠠᠭ᠋ᠠᠴᠢ ᠵᠢᠨ ᠲᠡᠷᠢᠶᠠᠯᠠᠩ᠎ᠤᠨ ᠬᠦᠨᠵᠡᠭᠡᠢ ᠤᠰᠤ ᠠᠷᠪᠢᠯᠠᠬᠤ ᠰᠡᠳᠬᠢᠮᠵᠢ ᠪᠤᠯᠤᠨ ᠠᠷᠭ᠎ᠠ ᠬᠡᠮᠵᠢᠶ᠎ᠡ ᠵᠢ ᠭᠦᠨᠵᠡᠭᠡᠢ ᠣᠶ᠋ᠢᠯᠠᠭ᠋ᠠᠪᠠ᠃
      ᠡᠸ ᠵᠢᠨ ᠫᠢᠩ᠎ᠤᠨ ᠠᠵᠢᠯ᠎ᠤᠨ ᠪᠦᠯᠬᠦᠮ ᠤᠷᠢᠳ ᠬᠣᠵᠢᠳ ᠡᠢ ᠾᠧ ᠭᠣᠣᠯ ᠰᠤᠪᠠᠭ᠎ᠤᠨ ᠤᠰᠤ ᠠᠷᠪᠢᠯᠠᠬᠤ ᠥᠭᠡᠷᠡᠴᠢᠯᠡᠯᠲᠡ ᠵᠢᠨ ᠳᠣᠲᠣᠷ ᠴᠣᠭᠴᠠᠯᠠᠯᠲᠠ ᠵᠢᠨ ᠢᠨᠵᠧᠨᠧᠷᠢᠩ᠂ ᠶᠡᠷᠦᠩᠬᠡᠢ ᠭᠣᠣᠯ ᠰᠤᠪᠠᠭ᠎ᠤᠨ ᠳᠥᠷᠪᠡᠳᠦᠭᠡᠷ ᠬᠤᠪᠢᠶᠠᠷᠢ ᠤᠰᠤᠨ ᠬᠦᠢ᠍ᠰᠦ ᠵᠢᠨ ᠢᠨᠵᠧᠨᠧᠷᠢᠩ᠂ ᠶᠡᠷᠦᠩᠬᠡᠢ ᠭᠣᠣᠯ ᠰᠤᠪᠠᠭ᠎ᠤᠨ ᠬᠡᠰᠡᠭ ᠰᠤᠪᠠᠭ᠎ᠤᠨ   ᠤᠷᠤᠰᠬᠠᠭᠳᠠᠯ᠎ᠠᠴᠠ ᠰᠡᠷᠭᠡᠢ᠌ᠯᠡᠬᠦ ᠢᠨᠵᠸᠨ᠋ᠸᠷᠢᠩ᠂ ᠬᠠᠲᠤᠨ ᠭᠣᠣᠯ᠎ᠤᠨ ᠤᠰᠤ ᠵᠢ ᠵᠠᠯᠠᠵᠤ ᠲᠤᠰᠤᠯᠠᠭᠤᠯᠤᠨ ᠤᠰᠤᠯᠠᠬᠤ ᠵᠠᠩᠭᠢᠯᠠᠭ᠎ᠠ ᠵᠢᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠣᠷᠣᠨ᠂ ᠶᠡᠷᠦᠩᠬᠡᠢ ᠭᠣᠣᠯ ᠰᠤᠪᠠᠭ᠎ᠤᠨ ᠶᠡᠭᠦᠷᠡᠬᠦ ᠵᠢ ᠰᠡᠷᠭᠡᠶ᠋ᠢᠯᠡᠬᠦ ᠲᠤᠲᠤᠷ ᠴᠤᠭᠴᠠᠯᠠᠯᠳᠠ ᠵᠢᠨ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ᠂ ᠶᠦᠩ ᠵᠢᠢ ᠤᠰᠤᠯᠠᠯᠲᠠ ᠵᠢᠨ ᠲᠤᠷᠰᠢᠯᠲᠠ ᠵᠢᠨ ᠥᠷᠲᠡᠭᠡ᠂ ᠶᠦᠩ ᠵᠢᠢ ᠭᠣᠣᠯ ᠰᠤᠪᠠᠭ᠎ᠤᠨ ᠨᠢᠭᠡᠳᠦᠭᠡᠷ ᠬᠤᠪᠢᠶᠠᠷᠢ   ᠤᠰᠤᠨ ᠬᠦᠢ᠍ᠰᠦ ᠵᠢᠨ ᠤᠰᠤ ᠠᠷᠪᠢᠯᠠᠬᠤ ᠦᠭᠡᠷᠡᠴᠢᠯᠡᠯᠳᠡ ᠵᠢᠨ ᠢᠨᠵᠸᠨ᠋ᠸᠷᠢᠩ᠂ ᠶᠦᠩ ᠵᠢᠢ ᠭᠤᠤᠯ ᠰᠤᠪᠠᠭ᠎ᠤᠨ ᠶᠡᠬᠡ ᠤᠭᠳᠤᠯᠤᠭ᠋ᠠᠰᠤ ᠵᠢᠨ ᠠᠦ᠋ᠲ᠋ᠤ᠋ ᠬᠢᠨᠠᠨ ᠬᠠᠮᠵᠢᠯᠳᠡ ᠵᠢᠨ ᠰᠢᠰᠲᠸᠮ ᠵᠢᠴᠢ ᠪᠤᠷᠤᠲᠤᠬᠤᠢ ᠵᠢᠨ ᠤᠰᠤᠯᠠᠯᠳᠠ ᠵᠢᠨ ᠤᠷᠤᠨ᠎ᠤ ᠮᠡᠳᠡᠭᠡ ᠵᠠᠩᠬᠢᠴᠢᠯᠠᠯᠳᠠ ᠵᠢᠨ ᠲᠤᠬᠢᠷᠠᠭᠤᠯᠬᠤ ᠲᠦᠪ ᠵᠡᠷᠭᠡ ᠲᠦᠷᠦᠯ ᠵᠤᠢ᠌ᠯ᠎ᠤᠨ ᠪᠠᠢ᠌ᠳᠠᠯ᠎ᠢ ᠪᠠᠢ᠌ᠴᠠᠭ᠋ᠠᠨ ᠦᠵᠡᠪᠡ᠃
      ᠡᠸ ᠵᠢᠨ ᠫᠢᠩ᠂ ᠪᠣᠷᠣᠲᠣᠬᠣᠶ ᠵᠢᠨ ᠤᠰᠤᠯᠠᠯᠲᠠ ᠵᠢᠨ ᠤᠷᠤᠨ ᠪᠣᠯ ᠬᠠᠳᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠲᠣᠮᠣ ᠤᠰᠤᠯᠠᠯᠲᠠ ᠵᠢᠨ ᠤᠷᠤᠨ ᠪᠠᠢ᠌ᠵᠤ᠂ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠤᠷᠢᠯᠡᠯ᠎ᠤᠨ ᠴᠢᠬᠤᠯᠠ ᠰᠠᠭᠤᠷᠢᠨ ᠭᠠᠵᠠᠷ ᠪᠠ ᠪᠠᠷᠠᠭᠤᠨ ᠪᠦᠰᠡ ᠨᠤᠳᠤᠭ᠎ᠤᠨ ᠲᠥᠷᠥ ᠵᠢᠨ ᠦᠷ᠎ᠡ ᠲᠠᠷᠢᠶᠠᠨ᠎ᠤ ᠦᠢ᠍ᠯᠡᠳᠪᠦᠷᠢᠯᠡᠯ᠎ᠤᠨ ᠴᠢᠬᠤᠯᠠ ᠪᠠᠭ᠋ᠠᠵᠢ᠂ ᠪᠠᠷᠠᠭᠤᠨ ᠤᠷᠤᠨ᠎ᠤ ᠴᠢᠬᠤᠯᠠ ᠠᠮᠢ ᠠᠬᠤᠢ ᠵᠢᠨ ᠬᠠᠮᠠᠭ᠋ᠠᠯᠠᠯᠳᠠ ᠵᠢᠨ ᠰᠢᠰᠲᠸᠮ ᠮᠦᠨ᠃ ᠪᠣᠷᠣᠲᠣᠬᠣᠶ᠎ᠤᠨ ᠤᠰᠤᠯᠠᠯᠲᠠ ᠵᠢᠨ ᠣᠷᠣᠨ᠎ᠤ ᠭᠦᠨᠵᠡᠭᠡᠢ ᠤᠰᠤ ᠠᠷᠪᠢᠯᠠᠬᠤ ᠵᠢ ᠲᠦᠯᠬᠢᠨ ᠠᠬᠢᠭᠤᠯᠬᠤ ᠪᠣᠯ ᠰᠢ ᠵᠢᠨ ᠫᠢᠩ ᠶᠡᠷᠦᠩᠬᠡᠢ ᠱᠦᠵᠢ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠪᠠ ᠴᠢᠨᠠᠷ ᠰᠠᠶ᠋ᠢᠲᠠᠢ   ᠬᠦᠭᠵᠢᠯᠲᠡ ᠵᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ   ᠲᠤᠤᠱᠯᠠᠭᠤᠯᠬᠤ   ᠵᠢᠨ ᠪᠣᠳᠠᠲᠠᠢ ᠢᠯᠡᠷᠡᠯ ᠮᠥᠨ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠵᠤ᠂ ᠣᠷᠣᠨ ᠵᠠᠢ ᠵᠢ ᠲᠡᠩᠴᠡᠭᠦᠷᠢᠲᠡᠢ ᠪᠠᠢ᠌ᠯᠭ᠋ᠠᠵᠤ᠂ ᠰᠢᠰᠲ᠋ᠧᠮ᠎ᠲᠠᠢ ᠵᠠᠰᠠᠵᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠮᠵᠢ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠮᠦᠨ ᠴᠦ᠍ ᠨᠠᠮ᠎ᠤᠨ ᠠᠷᠪᠠ   ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠭᠦᠳᠡ ᠬᠤᠷᠠᠯ ᠎ᠤᠨ ᠬᠤᠯᠪᠤᠭᠳᠠᠯ ᠪᠦᠬᠦᠢ ᠬᠠᠷᠠᠯᠳᠠ ᠡᠬᠦᠷᠭᠡ ᠵᠢ ᠨᠠᠷᠢᠯᠢᠭᠵᠢᠭᠤᠯᠤᠨ ᠪᠤᠳᠠᠳᠠᠢ᠌ᠵᠢᠭᠤᠯᠬᠤ ᠠᠵᠢᠯ᠎ᠤᠨ ᠠᠷᠭ᠎ᠠ ᠠᠪᠴᠠᠯ ᠮᠦᠨ ᠭᠡᠵᠦ ᠵᠢᠭ᠋ᠠᠵᠤ ᠭᠠᠷᠭ᠋ᠠᠪᠠ᠃
      ᠡᠸ ᠵᠢᠨ ᠫᠢᠩ᠂ ᠪᠣᠷᠣᠲᠣᠬᠣᠶ᠎ᠤᠨ ᠤᠰᠤᠯᠠᠯᠲᠠ ᠵᠢᠨ ᠣᠷᠣᠨ᠎ᠤ ᠭᠦᠨᠵᠡᠭᠡᠢ ᠤᠰᠤ ᠠᠷᠪᠢᠯᠠᠬᠤ ᠠᠰᠠᠭᠤᠳᠠᠯ᠎ᠢ ᠰᠤᠳᠤᠯᠬᠤ᠎ᠨᠢ ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠵᠢ ᠠᠬᠢᠭᠤᠯᠬᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ᠂ ᠲᠤᠬᠠᠢ ᠵᠢᠨ ᠭᠠᠵᠠᠷ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠠᠴᠢ ᠬᠣᠯᠪᠣᠭᠳᠠᠯ᠎ᠲᠠᠢ ᠪᠥᠭᠡᠳ ᠮᠥᠨ ᠴᠦ᠍ ᠬᠠᠲᠤᠨ ᠭᠣᠣᠯ᠎ᠤᠨ ᠰᠠᠪᠠ ᠭᠠᠵᠠᠷ᠎ᠤᠨ ᠪᠤᠰᠤᠳ ᠤᠰᠤᠯᠠᠯᠲᠠ ᠵᠢᠨ ᠣᠷᠣᠨ᠎ᠳᠤ ᠤᠳᠤᠷᠢᠳᠤᠨ ᠵᠢᠯᠣᠭᠣᠳᠬᠤ ᠦᠢ᠍ᠯᠡᠳᠦᠯ᠎ᠲᠠᠢ᠃ ᠤᠰᠤ ᠠᠷᠪᠢᠯᠠᠬᠤ ᠵᠢ ᠨᠥᠯᠥᠭᠡᠯᠡᠬᠦ ᠵᠠᠩᠭᠢᠯᠠᠭ᠎ᠠ ᠵᠢᠨ ᠠᠰᠠᠭᠤᠳᠠᠯ᠎ᠢ ᠴᠢᠩᠭ᠎ᠠ ᠪᠠᠶ᠋ᠢᠴᠠᠭ᠋ᠠᠵᠤ᠂ ᠭᠦᠨᠵᠡᠭᠡᠢ ᠤᠰᠤ ᠠᠷᠪᠢᠯᠠᠬᠤ ᠠᠵᠢᠯ᠎ᠢ ᠬᠦᠴᠦᠯᠡᠨ ᠰᠤᠳᠤᠯᠵᠤ᠂ ᠮᠡᠷᠭᠡᠵᠢᠯ ᠪᠠ ᠠᠷᠭ᠎ᠠ ᠬᠡᠮᠵᠢᠶ᠎ᠡ ᠵᠢᠨ ᠲᠠᠯ᠎ᠠ᠎ᠪᠠᠷ ᠰᠢᠪᠳᠤᠯᠤᠯᠳᠠ ᠬᠢᠵᠦ᠂ ᠣᠳᠣ ᠦᠶ᠎ᠡ ᠵᠢᠨ ᠪᠣᠷᠣᠲᠣᠬᠣᠶ᠎ᠤᠨ ᠤᠰᠤᠯᠠᠯᠲᠠ ᠵᠢᠨ ᠣᠷᠣᠨ᠎ᠢ ᠲᠦᠷᠭᠡᠬᠡᠨ ᠪᠦᠲᠦᠭᠡᠨ ᠪᠠᠶ᠋ᠢᠭᠤᠯᠬᠤ ᠬᠡᠷᠡᠭᠲᠡᠢ᠃ ᠬᠤᠷᠸ᠎ᠠ ᠲᠠᠯ᠎ᠠ᠎ᠠᠴᠠ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠬᠡ ᠴᠢᠩᠳᠠ ᠬᠢᠵᠠᠭ᠋ᠠᠷᠯᠠᠬᠤ ᠱᠠᠭ᠋ᠠᠷᠳᠠᠯᠭ᠎ᠠ ᠪᠣᠯᠭ᠋ᠠᠨ ᠨᠠᠢ᠌ᠳᠠᠪᠤᠷᠢᠵᠢᠭᠤᠯᠵᠤ᠂ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢᠨ ᠬᠡᠷᠡᠭᠯᠡᠬᠦ ᠤᠰᠤ ᠵᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠪᠦᠳᠦᠮᠵᠢᠳᠡᠢ ᠲᠤᠬᠢᠷᠠᠭᠤᠯᠤᠯᠳᠠ ᠵᠢ ᠠᠬᠢᠭᠤᠯᠬᠤ ᠬᠡᠷᠡᠭᠲᠡᠢ᠃ ᠬᠤᠮᠠᠬᠢ ᠲᠠᠯ᠎ᠠ᠎ᠪᠠᠷ᠂ ᠰᠢᠨᠵᠢᠯᠡᠬᠦ ᠤᠬᠠᠭ᠋ᠠᠨᠴᠢ ᠶᠠᠪᠤᠭᠳᠠᠵᠤ   ᠪᠤᠯᠬᠤᠢ᠌ᠴᠠ ᠵᠠᠮ ᠰᠤᠪᠠᠭ᠎ᠤᠨ ᠨᠡᠪᠴᠢᠬᠦ ᠵᠢ ᠰᠡᠷᠭᠡᠶ᠋ᠢᠯᠡᠬᠦ ᠳᠣᠲᠣᠷ ᠴᠣᠭᠴᠠᠯᠪᠤᠷᠢ᠂ ᠤᠰᠤ ᠠᠷᠪᠢᠯᠠᠬᠤ ᠤᠰᠤᠯᠠᠯᠲᠠ᠂ ᠥᠨᠳᠥᠷ ᠦᠷ᠎ᠡ ᠠᠰᠢᠭᠲᠤ ᠤᠰᠤ ᠳᠠᠮᠵᠢᠭᠤᠯᠬᠤ ᠲᠣᠬᠢᠷᠠᠭᠤᠯᠤᠯᠲᠠ᠂ ᠲᠠᠷᠢᠶᠠᠯᠠᠩ᠎ᠤᠨ ᠲᠠᠷᠢᠮᠠᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ᠂ ᠨᠠᠮᠤᠷ᠎ᠤᠨ ᠤᠰᠤᠯᠠᠬᠤ ᠲᠣᠭᠲᠠᠭᠰᠠᠨ ᠨᠣᠷᠮ᠎ᠠ ᠵᠡᠷᠭᠡ ᠮᠡᠷᠭᠡᠵᠢᠯ ᠪᠠ ᠠᠷᠭ᠎ᠠ ᠬᠡᠮᠵᠢᠶ᠎ᠡ ᠵᠢ ᠭᠦᠨᠵᠡᠭᠡᠢ ᠰᠤᠳᠤᠯᠬᠤ ᠬᠡᠷᠡᠭᠲᠡᠢ᠃ ᠦᠢ᠍ᠯᠡᠳᠦᠯᠭᠡ ᠳᠤᠮᠳᠠ᠂ ᠢᠨᠵᠧᠨᠧᠷᠢᠩ᠎ᠤᠨ ᠲᠥᠬᠥᠭᠡᠷᠦᠮᠵᠢ᠂ ᠰᠤᠷᠠᠭ ᠵᠠᠩᠭᠢᠴᠢᠯᠠᠯᠲᠠ ᠵᠢᠨ ᠬᠡᠷᠡᠭᠯᠡᠯᠲᠡ᠂ ᠤᠰᠤ ᠵᠢ ᠬᠡᠮᠵᠢᠬᠦ ᠲᠥᠬᠥᠭᠡᠷᠦᠮᠵᠢ ᠵᠡᠷᠭᠡ ᠵᠢᠨ ᠳᠤᠲᠠᠭᠳᠠᠯ᠎ᠢ ᠲᠦᠷᠭᠡᠨ ᠨᠦᠬᠦᠪᠦᠷᠢᠯᠡᠵᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠬᠢᠭᠤᠯᠵᠤ᠂ ᠤᠰᠤ ᠬᠡᠷᠡᠭᠯᠡᠬᠦ ᠪᠠ ᠬᠠᠮᠢᠶᠠᠷᠬᠤ ᠬᠢᠷᠢ ᠲᠦᠪᠰᠢᠨ ᠵᠶ᠋ᠡᠨ ᠲᠡᠭᠡᠭᠰᠢᠯᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠤᠰᠤᠨ ᠠᠰᠢᠭᠯᠠᠯᠲᠠ ᠵᠢᠨ ᠶᠠᠮᠤᠨ᠎ᠤ ᠲᠥᠯᠥᠪᠵᠢᠭᠦᠯᠭᠡ ᠲᠥᠯᠥᠪᠯᠡᠭᠡ ᠵᠢᠨ ᠵᠤᠷᠭ᠋ᠠᠨ᠂ ᠤᠰᠤᠨ᠎ᠤ ᠡᠬᠢ ᠪᠠᠶᠠᠯᠢᠭ᠎ᠤᠨ ᠵᠤᠷᠭ᠋ᠠᠨ᠂ ᠪᠦᠬᠦ ᠤᠯᠤᠰ᠎ᠤᠨ ᠤᠰᠤ ᠠᠷᠪᠢᠯᠠᠬᠤ ᠠᠵᠢᠯ᠎ᠤᠨ ᠠᠯᠪᠠᠨ ᠭᠡᠷ᠂ ᠲᠠᠷᠢᠶᠠᠯᠠᠩ ᠤᠰᠤ ᠤᠰᠤᠨ ᠴᠠᠬᠢᠯᠭ᠋ᠠᠨ᠎ᠤ ᠵᠤᠷᠭ᠋ᠠᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠪᠠᠶᠠᠨᠨᠠᠭᠤᠷ ᠬᠣᠲᠠ ᠵᠢᠨ ᠨᠠᠮ᠎ᠤᠨ ᠬᠣᠷᠢᠶᠠᠨ᠎ᠤ ᠭᠣᠣᠯ ᠬᠠᠷᠢᠭᠤᠴᠠᠯᠭ᠋ᠠᠲᠠᠨ ᠨᠥᠬᠥᠳ ᠪᠠᠶ᠋ᠢᠴᠠᠭ᠋ᠠᠨ ᠰᠤᠳᠤᠯᠤᠯᠲᠠ᠎ᠳᠤ ᠤᠷᠤᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠤᠰᠤᠨ ᠠᠰᠢᠭᠯᠠᠯᠳᠠ ᠵᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠲᠤᠨ ᠭᠣᠣᠯ᠎ᠤᠨ ᠬᠠᠤᠯᠢ ᠲᠣᠭᠲᠠᠭ᠋ᠠᠵᠤ ᠲᠤᠭᠤᠷᠪᠢᠬᠤ ᠠᠵᠢᠯ᠎ᠢ ᠵᠣᠬᠢᠶᠠᠨ ᠪᠠᠶ᠋ᠢᠭᠤᠯᠵᠤ ᠡᠬᠢᠯᠡᠭᠦᠯᠪᠡ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠲᠦᠩᠯᠢᠶᠣᠣ ᠬᠣᠲᠠ ᠵᠢᠨ ᠳᠡᠳ᠋ ᠳᠠᠷᠤᠭ᠎ᠠ ᠬᠣᠣ ᠮᠢᠩ ᠱᠸᠩ ᠬᠤᠤᠯᠢᠨ ᠭᠣᠣᠯ᠎ᠳᠤ ᠴᠠᠭᠳᠠᠨ ᠪᠠᠶ᠋ᠢᠴᠠᠭ᠋ᠠᠯᠲᠠ ᠬᠢᠪᠡ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠄ ᠲᠦᠩᠯᠢᠶᠣᠣ ᠬᠣᠲᠠ ᠵᠢᠨ ᠭᠣᠣᠯ᠎ᠤᠨ ᠳᠠᠷᠤᠭ᠎ᠠ ᠵᠢᠨ ᠠᠯᠪᠠᠨ ᠭᠡᠷ ᠥᠪᠥᠷ ᠮᠣᠩᠭᠣᠯ᠎ᠤᠨ ᠤᠰᠤᠨ ᠠᠰᠢᠭᠯᠠᠯᠳᠠ ᠵᠢᠨ ᠤᠰᠤ ᠴᠠᠬᠢᠯᠭ᠋ᠠᠨ᠎ᠤ ᠰᠢᠨᠵᠢᠯᠡᠭᠡᠨ᠎ᠤ ᠵᠢᠷᠤᠭ ᠲᠦᠯᠦᠪᠯᠡᠭᠡ ᠵᠢᠨ ᠬᠦᠷᠢᠶᠡᠯᠡᠩ᠎ᠳᠤ ᠬᠦᠷᠴᠦ ᠭᠣᠣᠯ ᠨᠠᠭᠤᠷ᠎ᠤᠨ ᠬᠠᠮᠢᠶᠠᠷᠤᠯᠲᠠ ᠵᠢᠨ ᠬᠡᠪᠴᠢᠶ᠎ᠡ ᠵᠢ ᠬᠤᠪᠢᠶᠠᠨ ᠲᠣᠭᠲᠠᠭ᠋ᠠᠭᠰᠠᠨ ᠦᠷ᠎ᠡ ᠪᠦᠲᠦᠭᠡᠯ᠎ᠢ ᠬᠢᠨᠠᠨ ᠬᠠᠷᠭᠤᠭᠤᠯᠵᠤ ᠲᠤᠰᠢᠶᠠᠬᠤ ᠠᠵᠢᠯ ᠥᠷᠨᠢᠭᠦᠯᠪᠡ
ᠰᠢᠯᠢ ᠵᠢᠨ ᠭᠣᠣᠯ᠄ ᠭᠤᠷᠪᠠᠳᠤᠭ᠋ᠠᠷ ᠪᠦᠯᠦᠭ᠎ᠤᠨ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠨᠡᠷᠡᠰ᠎ᠲᠤ ᠮᠠᠨ᠎ᠤ ᠠᠶ᠋ᠢᠮᠠᠭ᠎ᠤᠨ ᠭᠤᠷᠪᠠᠨ ᠬᠣᠰᠢᠭᠤ ᠰᠢᠶᠠᠨ ᠵᠢᠭᠰᠠᠭ᠋ᠠᠭᠳᠠᠪᠠ
ᠰᠢᠯᠢ ᠵᠢᠨ ᠭᠣᠣᠯ᠄ ᠮᠠᠨ᠎ᠤ ᠠᠢ᠌ᠮᠠᠭ ᠲᠤᠯᠤᠨ ᠨᠠᠭᠤᠷ ᠰᠢᠶᠠᠨ᠎ᠤ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠲᠣᠬᠢᠷᠠᠭᠤᠯᠬᠤ ᠳᠦᠷᠢᠮ᠎ᠢ ᠬᠢᠨᠠᠨ ᠪᠠᠢ᠌ᠴᠠᠭ᠋ᠠᠪᠠ
 
            