ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠤᠶ᠋ᠢᠷ᠄ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-01-27

      ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
      ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠵᠠᠰᠠᠭ᠎ᠤᠨ ᠣᠷᠳᠣᠨ᠎ᠤ ᠰᠦᠯᠵᠢᠶᠡᠨ ᠦᠷᠲᠡᠭᠡᠨ᠎ᠤ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠠᠵᠢᠯᠳᠠᠳ᠎ᠤᠨ ᠢᠯᠡ ᠪᠣᠯᠭ᠋ᠠᠬᠤ ᠦᠵᠡᠯ ᠤᠬᠠᠮᠰᠠᠷ ᠪᠠ ᠲᠤᠬᠠᠶ᠋ᠢᠯᠠᠭᠰᠠᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 11 ᠰᠠᠷ᠎ᠠ ᠵᠢᠨ 19᠎ᠤ ᠦᠳᠡ ᠵᠢᠨ ᠬᠣᠶ᠋ᠢᠨ᠎ᠠ᠂ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠵᠠᠰᠠᠭ᠎ᠤᠨ ᠣᠷᠳᠣᠨ᠎ᠤ ᠰᠦᠯᠵᠢᠶᠡᠨ ᠦᠷᠲᠡᠭᠡ ᠵᠢᠨ ᠠᠵᠢᠯ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ᠃ ᠡᠯ᠎ᠡ ᠰᠠᠯᠠᠭ᠎ᠠ ᠲᠠᠰᠤᠭ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠰᠦᠯᠵᠢᠶᠡᠨ ᠪᠤᠯᠤᠩ᠎ᠢ ᠰᠢᠨᠡᠳᠭᠡᠬᠦ ᠡᠭᠦᠷᠭᠡ ᠵᠢ ᠬᠠᠷᠢᠭᠤᠴᠠᠵᠤ ᠪᠠᠢ᠌ᠭ᠎ᠠ ᠠᠵᠢᠯᠲᠠᠳ ᠲᠤᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠪᠠ᠃



      ᠪᠣᠯᠪᠠᠰᠤᠷᠠᠯ᠎ᠨᠢ 《ᠪᠦᠬᠦ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠣᠷᠳᠣᠨ᠎ᠤ ᠰᠦᠯᠵᠢᠶᠡᠨ ᠦᠷᠲᠡᠭᠡ ᠵᠢᠨ ᠠᠵᠢᠯ᠎ᠤᠨ ᠪᠤᠯᠪᠠᠰᠤᠷᠠᠯ᠎ᠤᠨ ᠮᠠᠲ᠋ᠧᠷᠢᠶᠠᠯ᠎ᠤᠨ ᠡᠮᠬᠢᠳᠬᠡᠯ》᠎ᠢ ᠰᠤᠷᠤᠯᠴᠠᠬᠤ᠎ᠪᠠᠷ ᠰᠡᠳᠦᠪ ᠪᠣᠯᠭ᠋ᠠᠭᠰᠠᠨ ᠪᠥᠭᠡᠳ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠪᠠᠶ᠋ᠢᠭᠤᠯᠤᠯᠲᠠ ᠵᠢᠨ ᠠᠭᠤᠯᠤᠭᠳᠠᠬᠤᠨ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠰᠢᠨ᠎ᠡ ᠪᠠᠶ᠋ᠢᠳᠠᠯ᠂ ᠣᠳᠣᠬᠠᠨ᠎ᠤ ᠭᠣᠣᠯᠳᠠᠯᠭ᠎ᠠ᠎ᠲᠠᠢ ᠪᠡᠷᠬᠡ ᠰᠡᠳᠦᠪ᠂ ᠭᠤᠶᠤᠴᠢᠯᠠᠯ᠎ᠢ ᠦᠨᠳᠦᠰᠦᠯᠡᠵᠦ ᠢᠯᠡ ᠪᠣᠯᠭ᠋ᠠᠬᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠬᠢᠨᠠᠨ ᠰᠢᠯᠭ᠋ᠠᠵᠤ ᠦᠨᠡᠯᠡᠨ ᠵᠢᠱ᠌ᠢᠬᠦ ᠱᠠᠭ᠋ᠠᠷᠳᠠᠯᠭ᠎ᠠ ᠵᠡᠷᠭᠡ ᠲᠠᠯ᠎ᠠ᠎ᠪᠠᠷ ᠲᠦᠷᠰᠦ ᠰᠢᠩᠭᠡᠭᠡᠯᠳᠡ ᠵᠢᠨ ᠵᠢᠭ᠋ᠠᠨ ᠰᠤᠷᠭ᠋ᠠᠯᠳᠠ ᠵᠢᠨ ᠬᠡᠯᠪᠡᠷᠢ᠎ᠪᠠᠷ ᠰᠤᠷᠤᠯᠴᠠᠭᠰᠠᠨ ᠪᠠᠢ᠌ᠨ᠎ᠠ᠃ ᠯᠢᠦ ᠰᠢ ᠵᠢᠶᠦ᠋ᠨ ᠳᠡᠳ᠋ ᠲᠣᠪᠴᠢᠶᠠᠨ ᠳᠠᠷᠤᠭ᠎ᠠ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠣᠳᠣᠬᠠᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ ᠵᠢᠴᠢ ᠰᠠᠯᠠᠭ᠎ᠠ ᠮᠥᠴᠢᠷ᠎ᠤᠨ ᠰᠦᠯᠵᠢᠶᠡᠨ᠎ᠤ ᠥᠷᠲᠡᠭᠡ ᠵᠢᠨ ᠠᠵᠢᠯ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠳᠤ ᠨᠠᠷᠢᠨ ᠨᠢᠮᠪᠠᠢ ᠵᠢᠯᠣᠭᠣᠳᠬᠤ ᠰᠠᠨᠠᠭᠤᠯᠭ᠎ᠠ ᠳᠤᠷᠠᠳᠴᠤ᠂ ᠮᠠᠨ᠎ᠤ ᠲᠣᠪᠴᠢᠶ᠎ᠠ ᠵᠢᠨ ᠳᠠᠷᠠᠭ᠎ᠠ ᠠᠯᠬᠤᠮ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠴᠢ ᠰᠦᠯᠵᠢᠶᠡᠨ᠎ᠤ ᠥᠷᠲᠡᠭᠡ ᠵᠢᠨ ᠪᠠᠶ᠋ᠢᠭᠤᠯᠤᠯᠲᠠ ᠵᠢᠨ ᠠᠵᠢᠯ᠎ᠳᠤ ᠴᠢᠭᠯᠡᠯ᠎ᠢ ᠵᠢᠭ᠋ᠠᠵᠤ ᠥᠭᠴᠡᠢ᠃ ᠬᠢᠴᠢᠶᠡᠯᠯᠡᠭᠡ᠎ᠨᠢ ᠠᠵᠢᠯ᠎ᠤᠨ ᠪᠣᠳᠠᠲᠠᠢ᠎ᠲᠠᠢ ᠤᠶᠠᠯᠳᠤᠭᠤᠯᠵᠤ᠂ ᠰᠣᠩᠭᠣᠳᠠᠭ ᠬᠡᠷᠡᠭ᠎ᠤᠨ ᠵᠢᠱ᠌ᠢᠶ᠎ᠡ ᠵᠢ ᠵᠠᠳᠠᠯᠤᠨ᠂ ᠮᠠᠰᠢ ᠴᠢᠩᠭ᠎ᠠ ᠬᠠᠨᠳᠤᠯᠭ᠋ᠠᠳᠤ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠲᠠᠢ᠃
      ᠪᠣᠯᠪᠠᠰᠤᠷᠠᠯ ᠵᠶ᠋ᠠᠷ ᠳᠠᠮᠵᠢᠨ᠂ ᠬᠤᠷᠠᠯ᠎ᠳᠤ ᠤᠷᠤᠯᠴᠠᠭᠰᠠᠳ ᠪᠣᠯᠪᠠᠰᠤᠷᠠᠯ᠎ᠤᠨ ᠠᠭᠤᠯᠭ᠎ᠠ᠎ᠪᠠᠨ ᠠᠯᠢ ᠲᠦᠷᠭᠡᠨ ᠵᠶ᠋ᠡᠷ ᠪᠣᠳᠠᠲᠠᠢ ᠠᠵᠢᠯ᠎ᠤᠨ ᠳᠤᠮᠳᠠ᠎ᠪᠠᠨ ᠨᠠᠶ᠋ᠢᠳᠠᠪᠤᠷᠢᠵᠢᠭᠤᠯᠵᠤ᠂ ᠡᠨᠡ ᠤᠳᠠᠭ᠋ᠠᠨ᠎ᠤ ᠲᠤᠬᠠᠶ᠋ᠢᠯᠠᠭᠰᠠᠨ ᠠᠵᠢᠯ᠎ᠤᠨ ᠪᠤᠯᠪᠠᠰᠤᠷᠠᠯ ᠵᠶ᠋ᠠᠷ ᠠᠵᠠ ᠲᠣᠬᠢᠶᠠᠯ ᠪᠣᠯᠭ᠋ᠠᠵᠤ ᠲᠠᠨᠢᠯᠲᠠ᠎ᠪᠠᠨ ᠳᠡᠭᠡᠭᠰᠢᠯᠡᠭᠦᠯᠦᠨ᠂ ᠤᠬᠠᠮᠰᠠᠷ ᠵᠶ᠋ᠡᠨ ᠬᠤᠪᠢᠷᠠᠭᠤᠯᠵᠤ᠂ ᠠᠰᠠᠭᠤᠳᠠᠯ ᠵᠶ᠋ᠠᠷ ᠵᠢᠯᠣᠭᠣᠳᠤᠮᠵᠢ ᠪᠤᠯᠭ᠋ᠠᠬᠤ ᠵᠢ ᠪᠠᠷᠢᠮᠳᠠᠯᠠᠨ᠂ ᠠᠵᠢᠯ᠎ᠤᠨ ᠳᠤᠲᠠᠭᠳᠠᠯ ᠪᠠ ᠬᠦᠷᠦᠯᠴᠡᠬᠦ ᠦᠭᠡᠢ ᠲᠠᠯ᠎ᠠ᠎ᠪᠠᠨ ᠨᠥᠬᠥᠪᠥᠷᠢᠯᠡᠵᠦ᠂ ᠠᠵᠢᠯ᠎ᠤᠨ ᠠᠷᠭ᠎ᠠ ᠬᠡᠯᠪᠡᠷᠢ ᠵᠢᠨ ᠰᠢᠨ᠎ᠡ ᠵᠢ ᠡᠬᠦᠳᠴᠦ᠂   ᠨᠡᠩ ᠤᠷᠬᠢᠯᠤᠮ᠎ᠠ ᠰᠡᠳᠬᠢᠯᠭᠡ᠂ ᠨᠡᠩ ᠶᠡᠬᠡ ᠬᠦᠴᠦᠨ ᠵᠶ᠋ᠡᠷ ᠬᠤᠢ᠌ᠰᠢᠳᠠ ᠵᠢᠨ ᠠᠵᠢᠯ᠎ᠳᠠᠭᠠᠨ ᠮᠡᠷᠡᠢ᠌ᠨ ᠴᠢᠷᠮᠠᠢ᠌ᠨ᠎ᠠ ᠭᠡᠵᠦ ᠢᠯᠡᠷᠬᠡᠢ᠌ᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠡᠧ ᠵᠢᠩ ᠫᠢᠩ ᠥᠪᠥᠷ ᠮᠣᠩᠭᠣᠯ᠎ᠤᠨ ᠪᠤᠷᠤᠲᠤᠬᠤᠢ ᠵᠢᠨ ᠤᠰᠤᠯᠠᠯᠲᠠ ᠵᠢᠨ ᠣᠷᠣᠨ᠎ᠳᠤ ᠬᠦᠷᠴᠦ ᠬᠦᠨᠵᠡᠭᠡᠢ ᠤᠰᠤ ᠠᠷᠪᠢᠯᠠᠬᠤ ᠵᠢ ᠪᠠᠶ᠋ᠢᠴᠠᠭ᠋ᠠᠨ ᠰᠤᠳᠤᠯᠵᠠᠢ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠤᠰᠤᠨ ᠠᠰᠢᠭᠯᠠᠯᠳᠠ ᠵᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠲᠤᠨ ᠭᠣᠣᠯ᠎ᠤᠨ ᠬᠠᠤᠯᠢ ᠲᠣᠭᠲᠠᠭ᠋ᠠᠵᠤ ᠲᠤᠭᠤᠷᠪᠢᠬᠤ ᠠᠵᠢᠯ᠎ᠢ ᠵᠣᠬᠢᠶᠠᠨ ᠪᠠᠶ᠋ᠢᠭᠤᠯᠵᠤ ᠡᠬᠢᠯᠡᠭᠦᠯᠪᠡ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠲᠦᠩᠯᠢᠶᠣᠣ ᠬᠣᠲᠠ ᠵᠢᠨ ᠳᠡᠳ᠋ ᠳᠠᠷᠤᠭ᠎ᠠ ᠬᠣᠣ ᠮᠢᠩ ᠱᠸᠩ ᠬᠤᠤᠯᠢᠨ ᠭᠣᠣᠯ᠎ᠳᠤ ᠴᠠᠭᠳᠠᠨ ᠪᠠᠶ᠋ᠢᠴᠠᠭ᠋ᠠᠯᠲᠠ ᠬᠢᠪᠡ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠄ ᠲᠦᠩᠯᠢᠶᠣᠣ ᠬᠣᠲᠠ ᠵᠢᠨ ᠭᠣᠣᠯ᠎ᠤᠨ ᠳᠠᠷᠤᠭ᠎ᠠ ᠵᠢᠨ ᠠᠯᠪᠠᠨ ᠭᠡᠷ ᠥᠪᠥᠷ ᠮᠣᠩᠭᠣᠯ᠎ᠤᠨ ᠤᠰᠤᠨ ᠠᠰᠢᠭᠯᠠᠯᠳᠠ ᠵᠢᠨ ᠤᠰᠤ ᠴᠠᠬᠢᠯᠭ᠋ᠠᠨ᠎ᠤ ᠰᠢᠨᠵᠢᠯᠡᠭᠡᠨ᠎ᠤ ᠵᠢᠷᠤᠭ ᠲᠦᠯᠦᠪᠯᠡᠭᠡ ᠵᠢᠨ ᠬᠦᠷᠢᠶᠡᠯᠡᠩ᠎ᠳᠤ ᠬᠦᠷᠴᠦ ᠭᠣᠣᠯ ᠨᠠᠭᠤᠷ᠎ᠤᠨ ᠬᠠᠮᠢᠶᠠᠷᠤᠯᠲᠠ ᠵᠢᠨ ᠬᠡᠪᠴᠢᠶ᠎ᠡ ᠵᠢ ᠬᠤᠪᠢᠶᠠᠨ ᠲᠣᠭᠲᠠᠭ᠋ᠠᠭᠰᠠᠨ ᠦᠷ᠎ᠡ ᠪᠦᠲᠦᠭᠡᠯ᠎ᠢ ᠬᠢᠨᠠᠨ ᠬᠠᠷᠭᠤᠭᠤᠯᠵᠤ ᠲᠤᠰᠢᠶᠠᠬᠤ ᠠᠵᠢᠯ ᠥᠷᠨᠢᠭᠦᠯᠪᠡ
ᠰᠢᠯᠢ ᠵᠢᠨ ᠭᠣᠣᠯ᠄ ᠭᠤᠷᠪᠠᠳᠤᠭ᠋ᠠᠷ ᠪᠦᠯᠦᠭ᠎ᠤᠨ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠨᠡᠷᠡᠰ᠎ᠲᠤ ᠮᠠᠨ᠎ᠤ ᠠᠶ᠋ᠢᠮᠠᠭ᠎ᠤᠨ ᠭᠤᠷᠪᠠᠨ ᠬᠣᠰᠢᠭᠤ ᠰᠢᠶᠠᠨ ᠵᠢᠭᠰᠠᠭ᠋ᠠᠭᠳᠠᠪᠠ
 
            