ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ᠄ ᠲᠦᠩᠯᠢᠶᠣᠣ ᠬᠣᠲᠠ ᠵᠢᠨ ᠳᠡᠳ᠋ ᠳᠠᠷᠤᠭ᠎ᠠ ᠬᠣᠣ ᠮᠢᠩ ᠱᠸᠩ ᠬᠤᠤᠯᠢᠨ ᠭᠣᠣᠯ᠎ᠳᠤ ᠴᠠᠭᠳᠠᠨ ᠪᠠᠶ᠋ᠢᠴᠠᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2021-01-27

     11 ᠰᠠᠷ᠎ᠠ ᠵᠢᠨ 11᠎ᠤ ᠡᠳᠦᠷ ᠲᠦᠩᠯᠢᠶᠣᠣ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ ᠬᠣᠣ ᠮᠢᠩ ᠱᠧᠩ ᠬᠤᠤᠯᠢᠨ ᠭᠣᠣᠯ ᠬᠣᠲᠠ᠎ᠳᠤ ᠭᠦᠨᠵᠡᠭᠡᠶ᠋ᠢᠷᠡᠨ ᠭᠣᠣᠯ ᠮᠥᠷᠡᠨ᠎ᠢ ᠲᠣᠭᠣᠷᠢᠨ ᠴᠠᠭᠳᠠᠵᠤ ᠪᠠᠶ᠋ᠢᠴᠠᠭ᠋ᠠᠨ ᠰᠤᠳᠤᠯᠤᠯᠲᠠ ᠬᠢᠪᠡ᠃ ᠬᠤᠤᠯᠢᠨ ᠭᠤᠤᠯ ᠬᠤᠳᠠ ᠵᠢᠨ ᠨᠠᠮ᠎ᠤᠨ ᠬᠤᠷᠢᠶᠠᠨ᠎ᠤ ᠲᠡᠳ᠋ ᠱᠦᠵᠢ᠂ ᠵᠠᠰᠠᠭ᠎ᠤᠨ ᠤᠷᠳᠤᠨ᠎ᠤ ᠬᠤᠳᠠ ᠵᠢᠨ ᠲᠠᠷᠤᠭ᠎ᠠ ᠰᠢᠤᠸᠠᠨ ᠳ᠋ᠦᠩ ᠱᠸᠩ᠂ ᠲᠡᠳ᠋ ᠬᠤᠳᠠ ᠵᠢᠨ ᠲᠠᠷᠤᠭ᠎ᠠ ᠵᠠᠩ ᠴᠢᠨ ᠬᠤᠢ ᠪᠤᠯᠤᠨ ᠬᠤᠤᠯᠢᠨ ᠭᠤᠤᠯ ᠬᠤᠳᠠ ᠵᠢᠨ ᠭᠤᠤᠯ᠎ᠤᠨ ᠲᠠᠷᠤᠭ᠎ᠠ ᠵᠢᠨ ᠠᠯᠪᠠᠨ ᠭᠡᠷ᠎ᠤᠨ ᠬᠠᠮᠢᠶ᠎ᠠ ᠪᠦᠬᠦᠢ   ᠨᠢᠭᠡᠴᠡ ᠵᠢᠨ ᠬᠠᠷᠢᠭᠤᠴᠠᠯᠭ᠋ᠠᠳᠠᠨ ᠨᠦᠬᠦᠳ ᠪᠠᠷ᠎ᠠ ᠪᠤᠯᠵᠤ ᠪᠠᠢ᠌ᠴᠠᠭ᠋ᠠᠨ ᠰᠤᠳᠤᠯᠤᠯᠳᠠ ᠬᠢᠪᠡ᠃
      ᠬᠣᠣ ᠮᠢᠩ ᠱᠧᠩ ᠨᠠᠷ ᠬᠤᠤᠯᠢᠨ ᠭᠣᠣᠯ᠎ᠤᠨ ᠵᠡᠭᠦᠨ ᠡᠷᠭᠢ᠎ᠳᠤ ᠢᠷᠡᠵᠦ ᠲᠤᠬᠠᠢ ᠵᠢᠨ ᠲᠠᠯᠠᠪᠠᠢ᠎ᠳᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠵᠢᠯ᠎ᠤᠨ ᠮᠡᠳᠡᠭᠦᠯᠦᠯᠲᠡ ᠵᠢ ᠰᠤᠨᠤᠰᠴᠤ᠂ ᠬᠤᠤᠯᠢᠨ ᠭᠤᠤᠯ᠎ᠤᠨ ᠡᠯ᠎ᠡ ᠱᠠᠳᠤᠨ᠎ᠤ ᠭᠤᠤᠯ᠎ᠤᠨ ᠲᠠᠷᠤᠭ᠎ᠠ ᠵᠢᠨ ᠭᠤᠤᠯ᠎ᠢ ᠴᠠᠭᠳᠠᠬᠤ᠂ ᠭᠤᠤᠯ᠎ᠤᠨ ᠵᠠᠮ᠎ᠢ ᠴᠡᠭᠴᠡᠯᠡᠨ ᠵᠠᠰᠠᠬᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠳᠠ ᠵᠡᠷᠭᠡ ᠠᠵᠢᠯ᠎ᠢ ᠦᠷᠨᠢᠬᠦᠯᠦᠭᠰᠡᠨ ᠪᠠᠢ᠌ᠳᠠᠯ ᠵᠢ ᠨᠠᠷᠢᠨ ᠤᠢ᠌ᠯᠠᠭ᠋ᠠᠪᠠ᠃
     

      ᠬᠣᠣ ᠮᠢᠩ ᠱᠧᠩ᠂ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ᠎ᠳᠤ ᠡᠷᠬᠡᠪᠰᠢ 《ᠳᠥᠷᠪᠡᠨ ᠤᠬᠠᠮᠰᠠᠷ》᠎ᠢ ᠪᠠᠲᠤ ᠪᠡᠬᠢ ᠪᠣᠢ ᠪᠣᠯᠭ᠋ᠠᠨ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠠᠢ᠌ᠳᠠᠪᠤᠷᠵᠢᠭᠤᠯᠵᠤ᠂ ᠬᠥᠭᠵᠢᠯᠲᠡ ᠪᠠ ᠠᠮᠢ ᠠᠬᠤᠢ ᠵᠢᠨ ᠬᠣᠶᠠᠷ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠬᠤ᠎ᠳᠤ ᠡᠷᠬᠡᠪᠰᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠠᠷᠠᠯᠳᠠ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠤ᠂ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠠᠪᠴᠤ᠂ ᠰᠢᠨᠵᠢᠯᠡᠬᠦ ᠤᠬᠠᠭ᠋ᠠᠨᠴᠢ᠎ᠪᠠᠷ ᠤᠰᠤ ᠵᠢ ᠵᠠᠰᠠᠵᠤ᠂ ᠡᠯ᠎ᠡ ᠱᠠᠲᠤᠨ᠎ᠤ ᠭᠣᠣᠯ ᠮᠥᠷᠡᠨ᠎ᠤ ᠳᠠᠷᠤᠭ᠎ᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠭᠣᠣᠯ᠎ᠤᠨ ᠵᠠᠮ᠎ᠤᠨ ᠡᠳᠦᠷ ᠳᠣᠳᠣᠮ᠎ᠤᠨ ᠴᠠᠭᠳᠠᠨ ᠪᠠᠶ᠋ᠢᠴᠠᠭ᠋ᠠᠯᠲᠠ᠂ ᠭᠤᠤᠯ ᠮᠦᠷᠡᠨ᠎ᠤ ᠤᠰᠤᠨ ᠪᠦᠰᠡ ᠵᠢᠨ ᠬᠢᠨᠠᠨ ᠡᠵᠡᠮᠰᠢᠯ ᠵᠡᠷᠭᠡ ᠠᠵᠢᠯ᠎ᠢ   ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠤᠰᠤᠨ᠎ᠤ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠦᠷᠭᠦᠯᠵᠢᠯᠡᠨ ᠰᠠᠶ᠋ᠢᠵᠢᠷᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠩᠯᠢᠶᠣᠣ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠄ ᠲᠦᠩᠯᠢᠶᠣᠣ ᠬᠣᠲᠠ ᠵᠢᠨ ᠭᠣᠣᠯ᠎ᠤᠨ ᠳᠠᠷᠤᠭ᠎ᠠ ᠵᠢᠨ ᠠᠯᠪᠠᠨ ᠭᠡᠷ ᠥᠪᠥᠷ ᠮᠣᠩᠭᠣᠯ᠎ᠤᠨ ᠤᠰᠤᠨ ᠠᠰᠢᠭᠯᠠᠯᠳᠠ ᠵᠢᠨ ᠤᠰᠤ ᠴᠠᠬᠢᠯᠭ᠋ᠠᠨ᠎ᠤ ᠰᠢᠨᠵᠢᠯᠡᠭᠡᠨ᠎ᠤ ᠵᠢᠷᠤᠭ ᠲᠦᠯᠦᠪᠯᠡᠭᠡ ᠵᠢᠨ ᠬᠦᠷᠢᠶᠡᠯᠡᠩ᠎ᠳᠤ ᠬᠦᠷᠴᠦ ᠭᠣᠣᠯ ᠨᠠᠭᠤᠷ᠎ᠤᠨ ᠬᠠᠮᠢᠶᠠᠷᠤᠯᠲᠠ ᠵᠢᠨ ᠬᠡᠪᠴᠢᠶ᠎ᠡ ᠵᠢ ᠬᠤᠪᠢᠶᠠᠨ ᠲᠣᠭᠲᠠᠭ᠋ᠠᠭᠰᠠᠨ ᠦᠷ᠎ᠡ ᠪᠦᠲᠦᠭᠡᠯ᠎ᠢ ᠬᠢᠨᠠᠨ ᠬᠠᠷᠭᠤᠭᠤᠯᠵᠤ ᠲᠤᠰᠢᠶᠠᠬᠤ ᠠᠵᠢᠯ ᠥᠷᠨᠢᠭᠦᠯᠪᠡ
ᠰᠢᠯᠢ ᠵᠢᠨ ᠭᠣᠣᠯ᠄ ᠭᠤᠷᠪᠠᠳᠤᠭ᠋ᠠᠷ ᠪᠦᠯᠦᠭ᠎ᠤᠨ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠨᠡᠷᠡᠰ᠎ᠲᠤ ᠮᠠᠨ᠎ᠤ ᠠᠶ᠋ᠢᠮᠠᠭ᠎ᠤᠨ ᠭᠤᠷᠪᠠᠨ ᠬᠣᠰᠢᠭᠤ ᠰᠢᠶᠠᠨ ᠵᠢᠭᠰᠠᠭ᠋ᠠᠭᠳᠠᠪᠠ
ᠰᠢᠯᠢ ᠵᠢᠨ ᠭᠣᠣᠯ᠄ ᠮᠠᠨ᠎ᠤ ᠠᠢ᠌ᠮᠠᠭ ᠲᠤᠯᠤᠨ ᠨᠠᠭᠤᠷ ᠰᠢᠶᠠᠨ᠎ᠤ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠲᠣᠬᠢᠷᠠᠭᠤᠯᠬᠤ ᠳᠦᠷᠢᠮ᠎ᠢ ᠬᠢᠨᠠᠨ ᠪᠠᠢ᠌ᠴᠠᠭ᠋ᠠᠪᠠ
ᠰᠢᠯᠢ ᠵᠢᠨ ᠭᠣᠣᠯ᠄ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠤᠨᠤᠰᠪᠠ
ᠰᠢᠯᠢ ᠵᠢᠨ ᠭᠣᠣᠯ᠄ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠡ
 
            