ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠨᠡᠷ᠎ᠡ ᠨᠢᠳᠡᠷ ᠲᠤ᠎ᠪᠠᠨ ᠲᠣᠬᠢᠷᠠᠭᠰᠠᠨ ᠪᠠᠶ᠋ᠢᠬᠤ ᠵᠢ ᠲᠦᠷᠭᠡᠳᠬᠡᠨ ᠠᠬᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠤᠨ《ᠲᠦᠷᠪᠡᠨ ᠰᠠᠮᠠᠭᠤᠷᠠᠯ》᠎ᠢ ᠪᠠᠶ᠋ᠢᠩᠭᠤᠵᠢᠭᠤᠯᠬᠤ ᠳᠦᠷᠢᠮᠵᠢᠭᠦᠯᠬᠦ ᠵᠢ ᠠᠬᠢᠭᠤᠯᠬᠤ ᠵᠢᠨ ᠲᠥᠯᠥᠭᠡ᠂ 《ᠥᠪᠡᠷᠲᠡᠭᠡᠨ ᠵᠠᠰᠠᠬᠤ ᠣᠷᠣᠨ᠎ᠤ 2021 ᠣᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ〈ᠨᠠᠮᠤᠷ᠎ᠤᠨ〉ᠠᠵᠢᠯᠯᠠᠭ᠎ᠠ ᠵᠢᠨ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠠᠶ᠋ᠢᠮᠠᠭ ᠪᠦᠬᠦ ᠠᠶ᠋ᠢᠮᠠᠭ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ《ᠨᠠᠮᠤᠷ᠎ᠤᠨ》ᠠᠵᠢᠯᠯᠠᠭ᠎ᠠ ᠦᠷᠨᠢᠭᠥᠯᠪᠡ᠃(ᠳᠣᠷᠣᠭᠰᠢ《ᠨᠠᠮᠤᠷ᠎ᠤᠨ ᠤᠯᠠᠷᠢᠯ᠎ᠤᠨ ᠠᠵᠢᠯᠯᠠᠭ᠎ᠠ》ᠭᠡᠵᠦ ᠳᠥᠭᠥᠮᠴᠢᠯᠡᠨ᠎ᠡ)᠃ ᠨᠠᠮᠤᠷ᠎ᠤᠨ ᠤᠯᠠᠷᠢᠯ᠎ᠤᠨ ᠠᠵᠢᠯᠯᠠᠭ᠎ᠠ ᠵᠢᠨ ᠦᠷ᠎ᠡ ᠪᠦᠲᠦᠭᠡᠯ᠎ᠢ ᠪᠠᠲᠤᠯᠠᠬᠤ ᠵᠢᠨ ᠲᠥᠯᠥᠭᠡ᠂ ᠲᠤᠰ ᠤᠳᠠᠭ᠎ᠠ ᠵᠢᠨ ᠠᠵᠢᠯᠯᠠᠭ᠎ᠠ᠎ᠳᠤ ᠲᠤᠰᠬᠠᠢ ᠠᠵᠢᠯ᠎ᠤᠨ ᠳᠤᠭᠤᠶ᠋ᠢᠯᠠᠩ ᠪᠠᠶ᠋ᠢᠭᠤᠯᠵᠤ᠂ 8 ᠪᠦᠷᠢᠯᠳᠦᠬᠦᠨ ᠰᠠᠯᠠᠭ᠎ᠠ ᠮᠥᠴᠢᠷ ᠵᠶ᠋ᠡᠷ ᠪᠦᠷᠢᠯᠳᠦᠵᠦ᠂ ᠡᠯ᠎ᠡ ᠪᠦᠷᠢᠯᠳᠦᠬᠦᠨ ᠰᠠᠯᠠᠭ᠎ᠠ ᠮᠥᠴᠢᠷ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠤᠪᠢ ᠬᠤᠪᠢ ᠵᠢᠨ ᠬᠠᠷᠢᠭᠤᠴᠠᠯᠭ᠎ᠠ᠎ᠪᠠᠨ ᠡᠭᠦᠷᠭᠡᠯᠡᠨ᠎ᠡ᠂ ᠥᠪᠡᠷ ᠥᠪᠡᠷ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ᠂ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭ᠋ᠠᠯᠠᠬᠤ ᠪᠠ ᠬᠢᠨᠠᠯᠲᠠ ᠲᠠᠯᠪᠢᠬᠤ ᠠᠵᠢᠯ᠎ᠢ ᠬᠠᠮᠲᠤ᠎ᠪᠠᠷ ᠠᠬᠢᠭᠤᠯᠤᠨ᠎ᠠ᠃
ᠨᠠᠮᠤᠷ᠎ᠤᠨ ᠤᠯᠠᠷᠢᠯ᠎ᠤᠨ ᠠᠵᠢᠯᠯᠠᠭ᠎ᠠ ᠵᠢᠨ ᠭᠣᠤᠯ ᠠᠭᠤᠯᠭ᠎ᠠ᠎ᠳᠤ ᠭᠣᠤᠯᠳᠠᠭᠤ 6 ᠲᠠᠯ᠎ᠠ ᠵᠢ ᠪᠠᠭᠲᠠᠭ᠋ᠠᠨ᠎ᠠ᠄ ᠨᠢᠭᠡ᠎ᠳᠤ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠲᠠᠯ᠎ᠠ᠎ᠪᠠᠷ᠃ ᠬᠣᠰᠢᠭᠤ ᠰᠢᠶᠠᠨ ᠬᠣᠲᠠ (ᠲᠣᠭᠣᠷᠢᠭ) ᠵᠢᠨ ᠭᠣᠤᠯ ᠨᠠᠭᠤᠷ᠎ᠤᠨ ᠳᠠᠷᠤᠭ᠎ᠠ ᠵᠢᠨ ᠲᠦᠷᠢᠮ᠎ᠤᠨ ᠣᠨ᠎ᠤ ᠠᠵᠢᠯ᠎ᠤᠨ ᠪᠠᠶ᠋ᠢᠷᠢᠯᠠᠭᠤᠯᠤᠯᠲᠠ ᠪᠠ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ; ᠡᠯ᠎ᠡ ᠱᠠᠲᠤᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠭᠣᠣᠯ ᠮᠥᠷᠡᠨ᠎ᠢ ᠲᠣᠭᠣᠷᠢᠨ ᠪᠠᠶ᠋ᠢᠴᠠᠭ᠋ᠠᠵᠤ᠂ ᠠᠰᠠᠭᠤᠳᠠᠯ᠎ᠢ ᠢᠯᠡᠷᠡᠭᠦᠯᠦᠭᠰᠡᠨ ᠪᠠ ᠰᠢᠢ᠍ᠳᠪᠦᠷᠢᠯᠡᠭᠰᠡᠨ ᠪᠠᠶ᠋ᠢᠳᠠᠯ; ᠰᠠᠯᠠᠭ᠎ᠠ ᠮᠥᠴᠢᠷ᠎ᠤᠨ ᠵᠣᠬᠢᠴᠠᠭᠤᠯᠤᠨ ᠬᠣᠯᠪᠣᠭ᠋ᠠᠯᠠᠨ ᠬᠥᠳᠡᠯᠦᠯᠴᠡᠬᠦ ᠬᠢᠭᠡᠳ ᠭᠣᠣᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ ᠢ ᠵᠣᠬᠢᠶᠠᠨ ᠪᠠᠶ᠋ᠢᠭᠤᠯᠤᠭᠰᠠᠨ᠂ ᠵᠣᠬᠢᠴᠠᠭᠤᠯᠤᠭᠰᠠᠨ᠂ ᠬᠤᠪᠢᠶᠠᠨ ᠭᠦᠢ᠍ᠴᠡᠳᠬᠡᠭᠰᠡᠨ᠂ ᠱᠠᠯᠠᠪᠳᠠᠭᠤᠯᠤᠨ ᠭᠦᠢ᠍ᠴᠡᠳᠬᠡᠭᠰᠡᠨ ᠵᠡᠷᠭᠡ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ ᠪᠠᠢ᠌ᠴᠠᠭ᠋ᠠᠨ᠎ᠠ᠃ ᠬᠣᠶᠠᠷ᠎ᠲᠤ ᠭᠣᠣᠯ ᠮᠥᠷᠡᠨ ᠨᠠᠭᠤᠷ ᠴᠥᠭᠥᠷᠥᠮ᠎ᠤᠨ 《ᠳᠦᠷᠪᠡᠨ ᠰᠠᠮᠠᠭᠤᠷᠠᠯ》᠎ᠢ ᠵᠠᠰᠠᠬᠤ ᠲᠠᠯ᠎ᠠ᠎ᠪᠠᠷ᠃ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠥᠨᠳᠦᠷ ᠡᠰᠢᠲᠦ ᠲᠠᠷᠢᠮᠠᠯ ᠲᠠᠷᠢᠬᠤ᠂ ᠠᠮᠢᠳᠤᠷᠠᠯ᠂ ᠪᠠᠷᠢᠯᠭ᠎ᠠ ᠵᠢᠨ ᠬᠣᠭ ᠨᠣᠪᠰᠢ ᠵᠢ ᠣᠪᠣᠭ᠋ᠠᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠦᠶᠡᠷ ᠵᠠᠯᠠᠬᠤ ᠵᠢ ᠬᠠᠷᠰᠢᠯᠠᠬᠤ ᠪᠣᠳᠠᠰ᠎ᠢ ᠴᠢᠳᠬᠤᠬᠤ᠂ ᠪᠤᠯᠠᠬᠤ᠂ ᠬᠠᠳᠠᠭ᠋ᠠᠯᠠᠬᠤ᠂ ᠬᠠᠶᠠᠵᠤ ᠣᠪᠣᠭ᠋ᠠᠯᠠᠬᠤ᠂ ᠦᠶᠡᠷ ᠵᠠᠯᠠᠬᠤ ᠵᠢ ᠬᠠᠷᠰᠢᠯᠠᠬᠤ ᠪᠠᠷᠢᠯᠭ᠎ᠠ᠂ ᠪᠠᠷᠢᠯᠭ᠎ᠠ ᠪᠠᠶ᠋ᠢᠭᠤᠯᠬᠤ ᠵᠢ ᠭᠣᠣᠯᠳᠠᠯᠭ᠎ᠠ᠎ᠲᠠᠢ᠎ᠪᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃ ᠭᠤᠷᠪᠠ᠎ᠳᠤ ᠭᠣᠣᠯ ᠮᠥᠷᠡᠨ ᠨᠠᠭᠤᠷ ᠴᠥᠭᠥᠷᠥᠮ᠎ᠳᠤ ᠡᠯᠡᠰᠦ ᠮᠠᠯᠲᠠᠬᠤ ᠵᠢ ᠵᠠᠰᠠᠬᠤ ᠲᠠᠯ᠎ᠠ᠎ᠪᠠᠷ᠃ ᠡᠯᠡᠰᠦ ᠮᠠᠯᠲᠠᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠥᠬᠡᠶ᠎ᠪᠠᠷ ᠬᠠᠤᠯᠢ ᠪᠤᠰᠤ᠎ᠪᠠᠷ ᠡᠯᠡᠰᠦ ᠮᠠᠯᠲᠠᠭᠰᠠᠨ᠎ᠢ ᠭᠣᠤᠯᠳᠠᠯᠭ᠎ᠠ᠎ᠲᠠᠢ ᠪᠠᠶ᠋ᠢᠴᠠᠭ᠋ᠠᠨ ᠰᠢᠢᠳᠪᠦᠷᠢᠯᠡᠨ᠎ᠡ; ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ ᠤᠢ᠌ᠭᠡᠢ᠎ᠪᠠᠷ ᠭᠣᠣᠯ᠎ᠤᠨ ᠵᠡᠮ᠎ᠤᠨ ᠬᠤᠷᠠᠭᠰᠠᠨᠢ ᠴᠡᠪᠡᠷᠯᠡᠨ ᠯᠠᠶ᠋ᠢᠳᠠᠵᠤ ᠨᠡᠪᠲᠡᠷᠡᠭᠦᠯᠬᠦ; ᠭᠣᠣᠯ ᠮᠥᠷᠡᠨ ᠨᠠᠭᠤᠷ ᠴᠥᠭᠥᠷᠥᠮ᠎ᠳᠤ ᠬᠠᠤᠯᠢ ᠪᠤᠰᠤ᠎ᠪᠠᠷ ᠡᠯᠡᠰᠦ ᠮᠠᠯᠲᠠᠭᠰᠠᠨ᠎ᠠᠴᠠ ᠪᠤᠯᠵᠤ ᠠᠮᠢ ᠠᠬᠤᠢ ᠵᠢᠨ ᠣᠷᠴᠢᠨ ᠲᠣᠭᠣᠷᠢᠨ᠎ᠢ ᠬᠦᠨᠳᠦ ᠨᠣᠴᠢᠲᠠᠢ ᠬᠣᠬᠢᠷᠠᠭᠤᠯᠤᠭᠰᠠᠨ ᠵᠡᠷᠭᠡ ᠠᠰᠠᠭᠤᠳᠠᠯ᠃ ᠲᠦᠷᠪᠡ᠎ᠳᠤ ᠭᠣᠣᠯ ᠮᠥᠷᠡᠨ ᠨᠠᠭᠤᠷ ᠴᠥᠭᠥᠷᠥᠮ᠎ᠤᠨ ᠬᠠᠤᠯᠢ ᠵᠢ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠵᠠᠰᠠᠬᠤ ᠲᠠᠯ᠎ᠠ᠎ᠪᠠᠷ᠃ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶ᠋ᠢᠯᠠᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠲᠣᠭᠲᠠᠭ᠋ᠠᠯ ᠶᠣᠰᠣᠭ᠋ᠠᠷ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠥᠬᠡᠶ; ᠭᠣᠣᠯ ᠮᠥᠷᠡᠨ ᠨᠠᠭᠤᠷ ᠴᠥᠭᠥᠷᠥᠮ᠎ᠳᠤ ᠲᠣᠰᠣᠨ᠎ᠤ ᠵᠦᠢ᠍ᠯ᠂ ᠬᠦᠴᠢᠯᠯᠢᠭ ᠰᠢᠩᠭᠡᠨ᠂ ᠱᠦᠯᠲᠦ ᠵᠢᠨ ᠰᠢᠩᠭᠡᠨ ᠪᠤᠶᠤ ᠬᠣᠣᠷᠲᠠᠢ ᠬᠠᠶᠠᠭᠳᠠᠮᠠᠯ ᠰᠢᠩᠭᠡᠨ ᠵᠡᠷᠭᠡ ᠵᠢ ᠭᠠᠳᠠᠭᠰᠢᠯᠠᠭᠤᠯᠤᠭᠰᠠᠨᠢ ᠭᠣᠣᠯᠳᠠᠯᠭ᠎ᠠ᠎ᠲᠠᠢ ᠪᠠᠢ᠌ᠴᠠᠭ᠋ᠠᠨ᠎ᠠ; ᠭᠣᠣᠯ ᠮᠥᠷᠡᠨ ᠨᠠᠭᠤᠷ ᠴᠥᠭᠥᠷᠥᠮ᠎ᠳᠤ ᠪᠤᠰᠤᠳ ᠬᠠᠶᠠᠭᠳᠠᠮᠠᠯ ᠪᠣᠳᠠᠰ᠎ᠢ ᠭᠠᠳᠠᠭᠰᠢᠯᠠᠭᠤᠯᠬᠤ ᠵᠡᠷᠭᠡ ᠪᠣᠯᠤᠨ᠎ᠠ᠃ ᠲᠠᠪᠤ᠎ᠳᠤ ᠭᠣᠣᠯ ᠮᠥᠷᠡᠨ ᠨᠠᠭᠤᠷ ᠴᠥᠭᠥᠷᠥᠮ᠎ᠳᠤ ᠬᠣᠯᠪᠣᠭᠳᠠᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠵᠠᠯᠬᠠᠭ᠋ᠠᠨ ᠰᠢᠳᠬᠡᠬᠦ ᠲᠠᠯ᠎ᠠ᠎ᠪᠠᠷ᠃ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠬᠠᠶ᠋ᠢᠷ ᠴᠢᠯᠠᠭᠤᠨ᠎ᠤ ᠮᠠᠲ᠋ᠧᠷᠢᠶᠠᠯ᠎ᠢ ᠬᠡᠲᠦᠷᠡᠲᠡᠯ᠎ᠡ ᠮᠠᠯᠲᠠᠭᠰᠠᠨ᠂ ᠳᠤᠷ᠎ᠠ᠎ᠪᠠᠷ ᠵᠶ᠋ᠠᠨ ᠮᠠᠯᠲᠠᠭᠰᠠᠨ᠂ ᠬᠤᠯᠠᠭ᠋ᠠᠶ᠋ᠢᠯᠠᠨ ᠮᠠᠯᠲᠠᠭ᠋ᠠᠳ ᠶᠠᠯ᠎ᠠ ᠬᠢᠭᠰᠡᠨ᠎ᠠᠴᠠ ᠪᠣᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ᠎ᠪᠠᠷ ᠪᠠᠶ᠋ᠢᠴᠠᠭ᠋ᠠᠨ ᠰᠢᠢᠳᠪᠦᠷᠢᠯᠡᠨ᠎ᠡ; ᠡᠯᠡᠰᠦ ᠮᠠᠯᠲᠠᠵᠤ ᠡᠯᠡᠰᠦ ᠵᠥᠭᠡᠭᠡᠪᠦᠷᠢᠯᠡᠬᠦ᠂ ᠡᠯᠡᠰᠦ ᠬᠤᠳᠠᠯᠳᠤᠨ ᠠᠪᠴᠤ ᠡᠯᠡᠰᠦ ᠬᠤᠳᠠᠯᠳᠤᠬᠤ ᠵᠠᠬ᠎ᠠ ᠳᠡᠯᠭᠡᠭᠦᠷ᠎ᠲᠤ ᠬᠡᠷᠡᠭ ᠡᠳᠦᠬᠦ ᠵᠢ ᠬᠠᠷᠰᠢᠯᠠᠭᠰᠠᠨ᠂ ᠠᠯᠪᠠᠳᠠᠨ ᠬᠤᠳᠠᠯᠳᠤᠨ ᠠᠪᠴᠤ ᠠᠯᠪᠠᠳᠠᠨ ᠬᠤᠳᠠᠯᠳᠤᠭᠰᠠᠨ᠂ ᠡᠯᠡᠰᠦ ᠮᠠᠯᠲᠠᠬᠤ ᠲᠤᠬᠠᠶ᠋ᠢᠯᠠᠭᠰᠠᠨ ᠠᠵᠢᠯ᠎ᠢ ᠠᠯᠪᠠᠳᠠᠨ ᠠᠳᠬᠤᠭᠰᠠᠨ ᠵᠡᠷᠭᠡ᠎ᠨᠢ ᠶᠠᠯ᠎ᠠ ᠪᠤᠯᠵᠤ ᠪᠦᠷᠢᠯᠳᠦᠭᠰᠡᠨ; ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠬᠠᠷᠰᠢᠯᠠᠭᠰᠠᠨ ᠬᠠᠤᠯᠢ᠎ᠠᠴᠠ ᠵᠥᠷᠢᠴᠡᠭᠰᠡᠨ ᠪᠤᠰᠤᠳ ᠡᠯ᠎ᠡ ᠵᠦᠢ᠍ᠯ᠎ᠤᠨ ᠶᠠᠯᠠᠲᠤ ᠠᠵᠢᠯᠯᠠᠭ᠎ᠠ ᠵᠢ ᠪᠠᠢ᠌ᠴᠠᠭ᠋ᠠᠨ᠎ᠠ᠃ ᠵᠢᠷᠭᠤᠭ᠎ᠠ᠎ᠳᠤ ᠪᠤᠰᠤᠳ ᠴᠢᠬᠤᠯᠠ ᠶᠡᠬᠡ ᠡᠮᠵᠡᠭ ᠠᠰᠠᠭᠤᠳᠠᠯ᠎ᠤᠨ ᠲᠠᠯ᠎ᠠ᠎ᠪᠠᠷ᠃ ᠨᠠᠮ ᠪᠣᠯᠤᠨ ᠲᠦᠷᠦ ᠵᠢᠨ ᠤᠳᠤᠷᠢᠳᠬᠤ ᠬᠥᠮᠦᠰ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠠᠰᠠᠭᠤᠳᠠᠯ᠎ᠤᠨ ᠲᠤᠬᠠᠢ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠢ᠌ᠳᠠᠯ᠂ ᠤᠰᠤᠨ ᠠᠰᠢᠭᠯᠠᠯᠳᠠ ᠵᠢᠨ ᠶᠠᠮᠤᠨ ᠪᠣᠯᠤᠨ ᠥᠪᠡᠷᠲᠡᠭᠡᠨ ᠵᠠᠰᠠᠬᠤ ᠨᠠᠮ᠎ᠤᠨ ᠬᠣᠷᠢ᠊ ᠢ᠎ᠠ ᠵᠠᠰᠠᠭ᠎ᠤᠨ ᠣᠷᠳᠣᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠠᠰᠠᠭᠤᠳᠠᠯ᠎ᠤᠨ ᠲᠤᠬᠠᠢ ᠴᠣᠬᠣᠯᠠᠪᠤᠷᠢ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ ᠪᠠᠶ᠋ᠢᠴᠠᠭ᠋ᠠᠨ᠎ᠠ; ᠤᠳᠠᠭ᠎ᠠ ᠪᠦᠷᠢ ᠵᠢᠨ ᠬᠢᠨᠠᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠭᠣᠣᠯ ᠮᠥᠷᠡᠨ ᠨᠠᠭᠤᠷ ᠴᠥᠭᠥᠷᠥᠮ᠎ᠤᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠪᠠᠢ᠌ᠴᠠᠭ᠋ᠠᠨ᠎ᠠ᠃
ᠲᠣᠰ ᠤᠳᠠᠭ᠋ᠠᠨ᠎ᠤ ᠨᠠᠮᠤᠷ᠎ᠤᠨ ᠤᠯᠠᠷᠢᠯ᠎ᠤᠨ ᠠᠵᠢᠯᠯᠠᠭ᠎ᠠ᠎ᠨᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠤ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠵᠣᠯᠭ᠋ᠠᠯᠴᠠᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠣᠤᠯ ᠮᠥᠷᠡᠨ ᠨᠠᠭᠤᠷ ᠴᠥᠭᠥᠷᠥᠮ᠎ᠢ ᠬᠠᠮᠢᠶᠠᠷᠤᠨ ᠬᠠᠮᠠᠭ᠋ᠠᠯᠠᠬᠤ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠬᠦ ᠵᠢ ᠳᠥᠯᠭᠢᠨ ᠠᠬᠢᠭᠤᠯᠵᠤ᠂ ᠭᠣᠤᠯ ᠮᠥᠷᠡᠨ ᠨᠠᠭᠤᠷ ᠴᠥᠭᠥᠷᠥᠮ᠎ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠪᠥᠬᠥ ᠬᠦᠴᠦᠨ ᠵᠶ᠋ᠡᠷ ᠵᠶ᠋ᠡᠨ ᠳᠥᠯᠭᠢᠨ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃