9 ᠰᠠᠷ᠎ᠠ ᠵᠢᠨ 30᠎ᠤ ᠡᠳᠦᠷ᠎ᠤᠨ ᠦᠳᠡ ᠵᠢᠨ ᠡᠮᠦᠨ᠎ᠡ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠮᠠ ᠴᠢᠤᠸᠠᠨ ᠸᠠᠩ 26 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠪᠤᠭᠤᠲᠤ ᠬᠣᠲᠠ ᠵᠢᠨ ᠠᠷᠪᠠᠨ ᠭᠤᠷᠪᠠᠳᠤᠭ᠋ᠠᠷ ᠤᠳᠠᠭ᠋ᠠᠨ᠎ᠤ ᠲᠥᠯᠦᠭᠡᠯᠡᠭᠴᠢᠳ᠎ᠤᠨ ᠶᠡᠬᠡ ᠬᠤᠷᠠᠯ ᠤᠨ ᠵᠣᠷᠢᠭ ᠰᠠᠨᠠᠭ᠎ᠠ ᠵᠢ ᠲᠤᠰᠬᠠᠶ ᠰᠡᠳᠦᠪ ᠵᠶ᠋ᠡᠷ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠪᠠ᠃ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠣᠷᠣᠯᠴᠠᠵᠤ᠂ ᠪᠠᠢ᠌ᠭᠤᠯᠭ᠎ᠠ ᠵᠢᠨ ᠪᠦᠬᠦ ᠪᠦᠷᠢᠯᠳᠦᠬᠦᠨ᠂ ᠲᠣᠪᠴᠢᠶᠠᠨ᠎ᠤ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠰᠤᠯᠠ ᠣᠷᠣᠯᠴᠠᠪᠠ᠃
ᠬᠤᠷᠠᠯ᠎ᠠᠴᠠ᠂ ᠲᠤᠮᠳᠠᠳᠤ ᠤᠯᠤᠰ᠎ᠤᠨ ᠡᠪ ᠬᠠᠮᠳᠤ ᠨᠠᠮ ᠤᠨ ᠪᠤᠭᠤᠲᠤ ᠬᠤᠳᠠ ᠵᠢᠨ ᠠᠷᠪᠠᠨ ᠭᠤᠷᠪᠠᠳᠤᠭ᠋ᠠᠷ ᠤᠳᠠᠭ᠋ᠠᠨ᠎ᠤ ᠲᠥᠯᠦᠭᠡᠯᠡᠭᠴᠢᠳ᠎ᠤᠨ ᠶᠡᠬᠡ ᠬᠤᠷᠠᠯ ᠪᠣᠯ ᠮᠠᠨ᠎ᠤ ᠬᠤᠳᠠ ᠵᠢᠨ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ᠂《ᠠᠷᠪᠠᠨ ᠳᠥᠷᠪᠡᠳᠦᠭᠡᠷ ᠲᠠᠪᠤᠨ ᠵᠢᠯ》 ᠤᠨ ᠡᠬᠢᠯᠡᠯᠲᠡ ᠵᠢᠨ ᠵᠠᠩᠭᠢᠯᠠᠭ᠎ᠠ ᠵᠢᠨ ᠬᠤᠭᠤᠴᠠᠭ᠋ᠠᠨ᠎ᠳᠤ ᠬᠤᠷᠠᠯᠳᠤᠭᠤᠯᠤᠭᠰᠠᠨ ᠨᠢᠭᠡ ᠤᠳᠠᠭ᠎ᠠ ᠵᠢᠨ ᠲᠤᠶ᠋ᠢᠯ᠎ᠤᠨ ᠴᠢᠬᠤᠯᠠ ᠬᠤᠷᠠᠯ ᠪᠣᠯᠤᠨ᠎ᠠ᠃ ᠶᠡᠬᠡ ᠬᠤᠷᠠᠯ᠎ᠠᠴᠠ ᠠᠷᠪᠠᠨ ᠬᠣᠶᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ ᠠᠴᠠ ᠨᠠᠰᠢ ᠣᠯᠤᠭᠰᠠᠨ ᠴᠢᠬᠤᠯᠠ ᠶᠡᠬᠡ ᠠᠮᠵᠢᠯᠲᠠ ᠵᠢ ᠪᠦᠬᠦ ᠲᠠᠯ᠎ᠠ ᠪᠠᠷ ᠪᠤᠰᠤᠳᠴᠢ᠎ᠪᠠᠷ ᠳ᠋ᠦᠩᠨᠡᠵᠦ᠂ ᠢᠷᠡᠭᠡᠳᠦᠢ ᠵᠢᠨ 5 ᠵᠢᠯ᠎ᠤᠨ ᠠᠤᠭ᠎ᠠ ᠲᠥᠰᠦᠪ᠎ᠢ ᠵᠢᠷᠤᠭᠯᠠᠵᠤ᠂ ᠮᠧᠩ ᠹᠠᠨ ᠯᠢ ᠱᠦᠵᠢ ᠵᠢᠨ ᠢᠯᠡᠳᠬᠡᠯ ᠨᠢ ᠰᠣᠳᠣ ᠮᠡᠷᠭᠡᠨ ᠠᠯᠤᠰ ᠬᠡᠳᠦ ᠵᠢᠨ ᠤᠳᠬ᠎ᠠ ᠰᠠᠨᠠᠭ᠎ᠠ᠎ᠲᠠᠢ᠂ ᠪᠠᠶᠠᠯᠢᠭ ᠠᠭᠤᠯᠬᠤᠨ᠎ᠲᠠᠢ᠂ ᠭᠦᠨ ᠭᠦᠨᠵᠡᠭᠡᠢ ᠦᠵᠡᠯ ᠰᠠᠨᠠᠭ᠎ᠠ᠎ᠲᠠᠢ ᠪᠠᠶ᠋ᠢᠵᠤ᠂ ᠮᠠᠨ᠎ᠤ ᠬᠤᠳᠠ ᠵᠢᠨ ᠲᠥᠯᠥᠭᠡ 《ᠲᠦᠷᠪᠡᠨ ᠬᠤᠳᠠ》 ᠵᠢ ᠬᠦᠴᠦᠯᠡᠨ ᠪᠦᠳᠦᠭᠡᠨ ᠪᠠᠶ᠋ᠢᠭᠤᠯᠬᠤ᠂ ᠴᠡᠴᠡᠭᠯᠡᠨ ᠬᠥᠭᠵᠢᠭᠰᠡᠨ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠌ᠢ᠍ᠭᠡᠮ ᠵᠢᠷᠦᠮ ᠤᠨ ᠣᠳᠣᠬᠢᠴᠢᠯᠠᠭᠰᠠᠨ ᠰᠢᠨ᠎ᠡ ᠪᠤᠭᠤᠲᠤ ᠵᠢ ᠪᠦᠳᠦᠭᠡᠨ ᠪᠠᠶ᠋ᠢᠭᠤᠯᠬᠤ᠎ᠳᠤ ᠤᠷᠤᠭᠰᠢᠯᠠᠯᠲᠠ ᠵᠢᠨ ᠬᠡᠷᠡᠯᠳᠤ ᠵᠤᠯᠠ ᠵᠢ ᠬᠡᠷᠡᠯᠳᠤᠬᠦᠯᠵᠤ ᠥᠭᠴᠡᠢ ᠭᠡᠵᠦ ᠵᠢᠭ᠋ᠠᠵᠤ ᠭᠠᠷᠭ᠋ᠠᠪᠠ᠃
ᠶᠡᠬᠡ ᠬᠤᠷᠠᠯ᠎ᠠᠴᠠ ᠤᠰᠤᠨ᠎ᠤ ᠶᠠᠪᠤᠳᠠᠯ᠎ᠤᠨ ᠠᠵᠢᠯ᠎ᠢ ᠳᠡᠭᠡᠳᠦ ᠬᠡᠮᠵᠢ᠊ ᠢ᠎ᠡ᠎ᠪᠠᠷ ᠴᠢᠬᠤᠯᠠᠴᠢᠯᠠᠨ ᠦᠵᠡᠵᠦ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠢ᠂ ᠤᠰᠤᠨ᠎ᠤ ᠠᠮᠤᠷ ᠲᠦᠪᠰᠢᠨ᠎ᠳᠤ ᠳᠤᠬᠢᠷᠠᠭᠤᠯᠤᠯᠳᠠ ᠪᠠᠶ᠋ᠢᠷᠢᠯᠠᠭᠤᠯᠤᠯᠲᠠ ᠬᠢᠵᠦ᠂ ᠬᠤᠳᠠ ᠵᠢᠨ ᠨᠠᠮ᠎ᠤᠨ ᠬᠤᠷᠢᠶ᠎ᠡ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠪᠠ ᠶᠡᠬᠡᠪᠡᠷ ᠳᠡᠮᠵᠢᠵᠦ ᠪᠠᠶ᠋ᠢᠬᠤ ᠵᠢ ᠭᠦᠢ᠍ᠴᠡᠳ ᠬᠠᠷᠠᠭᠤᠯᠪᠠ᠃

ᠬᠤᠷᠠᠯ᠎ᠠᠴᠠ ᠠᠷᠪᠠᠨ ᠭᠤᠷᠪᠠᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ ᠢ ᠰᠠᠶ᠋ᠢᠲᠤᠷ ᠠᠳᠬᠤᠬᠤ ᠲᠤᠬᠠᠢ ᠬᠡᠳᠦᠨ ᠰᠠᠨᠠᠯ ᠳᠤᠷᠠᠳᠴᠠᠢ᠃ ᠨᠢᠭᠡ᠎ᠳᠤ᠂ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠲᠥᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠡᠵᠡᠮᠳᠡᠬᠦ ᠬᠡᠷᠡᠭᠲᠡᠢ᠃ ᠪᠦᠬᠦ ᠨᠠᠮ᠎ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠬᠣᠲᠠ ᠵᠢᠨ ᠠᠷᠪᠠᠨ ᠭᠤᠷᠪᠠᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠴᠢᠬᠤᠯᠠ ᠶᠡᠬᠡ ᠠᠴᠢ ᠬᠣᠯᠪᠣᠭᠳᠠᠯ᠂ ᠴᠢᠬᠤᠯᠠ ᠲᠤᠷᠰᠢᠯᠭ᠎ᠠ ᠪᠣᠯᠤᠨ ᠴᠡᠴᠡᠭᠯᠡᠨ ᠪᠠᠳᠠᠷᠠᠨ ᠬᠥᠭᠵᠢᠭᠰᠡᠨ᠂ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠌ᠢ᠍ᠭᠡᠮ ᠵᠢᠷᠦᠮ ᠤᠨ ᠣᠳᠣᠬᠢᠴᠢᠯᠠᠭᠰᠠᠨ ᠰᠢᠨ᠎ᠡ ᠪᠤᠭᠤᠲᠤ ᠵᠢ ᠪᠦᠳᠦᠭᠡᠨ ᠪᠠᠶ᠋ᠢᠭᠤᠯᠬᠤ ᠭᠣᠣᠯ ᠡᠭᠦᠷᠭᠡ ᠵᠢ ᠭᠦᠨᠵᠡᠭᠡᠢ ᠤᠢ᠌ᠢ᠍ᠯᠠᠭ᠋ᠠᠨ ᠣᠨᠣᠪᠴᠢᠲᠠᠢ ᠡᠵᠡᠮᠰᠢᠵᠦ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠬᠤᠳᠠ ᠵᠢᠨ ᠨᠠᠮ᠎ᠤᠨ ᠬᠤᠷᠢᠶ᠎ᠡ ᠵᠢᠨ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠬᠣᠶᠠᠷ᠎ᠲᠤ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠤᠰᠤᠨ᠎ᠤ ᠶᠠᠪᠤᠳᠠᠯ᠎ᠤᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠶ᠃ ᠠᠷᠪᠠᠨ ᠭᠤᠷᠪᠠᠳᠤᠭ᠋ᠠᠷ ᠤᠳᠠᠭ᠋ᠠᠨ ᠤ ᠨᠠᠮ᠎ᠤᠨ ᠲᠥᠯᠦᠭᠡᠯᠡᠭᠴᠢᠳ᠎ᠤᠨ ᠬᠤᠷᠠᠯ ᠤᠨ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ ᠪᠣᠬᠢᠷᠲᠤᠯ ᠥᠭᠡᠢ ᠪᠤᠭᠤᠲᠤ ᠵᠢ ᠴᠢᠨᠠᠷ ᠰᠠᠶ᠋ᠢᠲᠠᠶ ᠪᠥᠳᠥᠭᠡᠨ ᠪᠠᠶ᠋ᠢᠭᠤᠯᠬᠤ ᠵᠢᠨ ᠲᠣᠭᠣᠷᠢᠨ᠎ᠳᠤ᠂ ᠤᠰᠤᠨ᠎ᠤ ᠶᠠᠪᠤᠳᠠᠯ ᠤᠨ ᠦᠢ᠍ᠯᠡᠰ ᠤᠨ ᠬᠣᠶ᠋ᠢᠰᠢᠳᠠ ᠵᠢᠨ ᠲᠠᠪᠤᠨ ᠵᠢᠯ ᠤᠨ ᠠᠵᠢᠯ ᠤᠨ ᠰᠡᠳᠬᠢᠴᠡ᠂ ᠬᠠᠷᠠᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠬᠢᠨᠠᠮᠠᠭ᠋ᠠᠶ ᠰᠤᠳᠤᠯᠤᠨ ᠲᠣᠭᠲᠠᠭ᠋ᠠᠨ᠎ᠠ᠃ ᠤᠰᠤ ᠵᠢ ᠡᠷᠴᠢᠮᠵᠢᠭᠦᠯᠦᠨ ᠠᠷᠪᠢᠯᠠᠨ ᠭᠠᠮᠨᠠᠬᠤ᠂ ᠬᠤᠳᠠ ᠬᠥᠳᠡᠭᠡ᠎ᠳᠤ ᠤᠰᠤ ᠬᠠᠩᠭ᠋ᠠᠬᠤ᠂ ᠤᠰᠤ ᠭᠠᠩ᠎ᠤᠨ ᠭᠠᠮᠰᠢᠭ ᠤᠨ ᠰᠡᠷᠭᠡᠢ᠌ᠯᠡᠯᠲᠡ᠂ ᠤᠰᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠲᠦᠷᠪᠡᠨ ᠶᠡᠬᠡ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠲᠣᠣᠷ᠎ᠢ ᠥᠨᠳᠥᠷ ᠪᠠᠷᠢᠮᠵᠢᠶ᠎ᠠ᠎ᠪᠠᠷ ᠪᠠᠶ᠋ᠢᠭᠤᠯᠵᠤ᠂ ᠬᠥᠮᠦᠨ ᠠᠮᠠ ᠵᠢᠨ ᠠᠵᠤ ᠠᠬᠤᠶ ᠪᠠ ᠤᠰᠤᠨ᠎ᠤ ᠡᠬᠢ ᠪᠠᠶᠠᠯᠢᠭ᠎ᠤᠨ ᠣᠷᠴᠢᠨ ᠠᠬᠤᠶ ᠵᠢᠨ ᠬᠠᠷᠢᠯᠴᠠᠨ ᠲᠡᠩᠴᠡᠭᠦᠷᠢᠲᠡᠶ ᠪᠠᠶ᠋ᠢᠬᠤ ᠵᠢ ᠪᠡᠶᠡᠯᠡᠭᠦᠯᠵᠦ᠂ ᠣᠷᠣᠨ ᠪᠦᠰᠡ ᠵᠢᠨ ᠴᠢᠨᠠᠷᠲᠠᠶ ᠠᠵᠤ ᠠᠬᠤᠶ ᠵᠢᠨ ᠲᠥᠪ ᠬᠣᠲᠠ᠂ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠬᠣᠲᠠ᠂ ᠦᠵᠡᠰᠬᠦᠯᠡᠩᠲᠦ ᠰᠠᠶ᠋ᠢᠬᠠᠨ ᠣᠷᠣᠰᠢᠨ ᠰᠠᠭᠤᠬᠤ᠎ᠳᠤ ᠲᠣᠬᠢᠷᠠᠮᠵᠢᠲᠠᠶ ᠬᠣᠲᠠ᠂ ᠵᠣᠯ ᠵᠢᠷᠭ᠋ᠠᠯᠲᠤ ᠠᠮᠤᠷ ᠠᠮᠤᠭᠤᠯᠠᠩ ᠬᠣᠲᠠ ᠵᠢ ᠪᠥᠲᠥᠭᠡᠨ ᠪᠠᠶ᠋ᠢᠭᠤᠯᠬᠤ᠎ᠳᠤ ᠨᠠᠩ ᠴᠢᠩᠭ᠎ᠠ ᠬᠦᠴᠦᠲᠡᠶ ᠤᠰᠤᠨ᠎ᠤ ᠡᠬᠢ ᠪᠠᠶᠠᠯᠢᠭ᠎ᠤᠨ ᠲᠤᠯᠭ᠋ᠠᠭᠤᠷᠢᠯᠠᠯ ᠪᠠ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠬᠠᠩᠭ᠋ᠠᠨ᠎ᠠ᠃ ᠭᠤᠷᠪᠠ᠎ᠳᠤ᠂ ᠨᠠᠮ᠎ᠤᠨ ᠪᠠᠶ᠋ᠢᠭᠤᠯᠤᠯᠲᠠ᠎ᠪᠠᠷ ᠬᠦᠳᠦᠯᠦᠨ ᠳᠠᠭ᠋ᠠᠭᠤᠯᠵᠤ᠂ ᠠᠷᠠᠳ ᠲᠦᠮᠡᠨ᠎ᠳᠤ ᠦᠢ᠍ᠯᠡᠴᠢᠯᠡᠬᠦ ᠤᠬ ᠰᠠᠨᠠᠭ᠎ᠠ᠎ᠪᠠᠨ ᠪᠠᠲᠤ ᠰᠠᠬᠢᠨ᠎ᠠ᠃ ᠨᠠᠮ᠎ᠤᠨ ᠪᠠᠶ᠋ᠢᠭᠤᠯᠤᠯᠲᠠ ᠵᠢᠨ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠵᠤ᠂ ᠤᠰᠤᠨ᠎ᠤ ᠶᠠᠪᠤᠳᠠᠯ᠎ᠤᠨ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠤᠨ᠎ᠠ᠃ ᠠᠵᠢᠯ᠎ᠤᠨ ᠰᠤᠷᠲᠠᠯ ᠵᠶ᠋ᠠᠨ ᠤᠯᠠᠮ ᠨᠢᠭᠡ ᠠᠯᠬᠤᠮ ᠬᠤᠪᠢᠷᠠᠭᠤᠯᠵᠤ᠂ ᠦᠢᠯᠡᠴᠢᠯᠡᠭᠡᠨ᠎ᠤ ᠤᠬᠠᠮᠰᠠᠷ ᠵᠶ᠋ᠠᠨ ᠳᠡᠭᠡᠭᠰᠢᠯᠡᠭᠦᠯᠦᠨ᠂ ᠨᠠᠮ᠎ᠤᠨ ᠲᠥᠯᠦᠭᠡᠯᠡᠭᠴᠢᠳ ᠤᠨ ᠬᠤᠷᠠᠯ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠵᠤ᠂ 《ᠪᠢ ᠣᠯᠠᠨ ᠲᠦᠮᠡᠨ᠎ᠤ ᠲᠥᠯᠥᠭᠡ ᠪᠤᠳᠡᠳᠡᠢ ᠠᠵᠢᠯ ᠬᠢᠬᠦ》 ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠤᠰᠤᠨ᠎ᠳᠤ ᠬᠣᠯᠪᠣᠭᠳᠠᠬᠤ ᠬᠦᠰᠡᠯ ᠱᠠᠭ᠋ᠠᠷᠳᠠᠯᠭ᠎ᠠ᠎ᠳᠤ ᠢᠳᠡᠪᠬᠢᠲᠡᠶ ᠬᠠᠷᠢᠭᠤᠯᠲᠠ ᠥᠭᠴᠦ᠂ ᠠᠷᠠᠳ ᠲᠦᠮᠡᠨ᠎ᠳᠤ ᠦᠢᠯᠡᠴᠢᠯᠡᠬᠦ ᠡᠭᠦᠷᠭᠡ ᠵᠢ ᠢᠮᠠᠭᠲᠠ ᠵᠣᠷᠢᠭᠲᠠᠶ᠎ᠪᠠᠷ ᠡᠭᠦᠷᠭᠡᠯᠡᠬᠦ ᠬᠡᠷᠡᠭᠲᠡᠶ᠃