ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠤᠪᠴᠢᠶ᠎ᠡ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-10-12

      10 ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨ᠎ᠡ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠣᠪᠴᠢᠶ᠎ᠠ ᠵᠢᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ 1—9 ᠰᠠᠷ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠪᠡᠶᠡᠯᠡᠭᠦᠯᠦᠭᠰᠡᠨ ᠪᠠᠶ᠋ᠢᠳᠠᠯ᠎ᠤᠨ ᠮᠡᠳᠡᠭᠦᠯᠦᠯᠲᠡ ᠵᠢ ᠰᠣᠨᠣᠰᠴᠤ᠂ ᠲᠠᠷᠠᠭ᠋ᠠᠴᠢ ᠵᠢᠨ ᠠᠯᠬᠤᠮ᠎ᠤᠨ ᠠᠵᠢᠯ ᠵᠶ᠋ᠠᠨ ᠰᠤᠳᠤᠯᠤᠨ ᠪᠠᠶ᠋ᠢᠷᠢᠯᠠᠭᠤᠯᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢ ᠾᠧ ᠫᠢᠩ ᠬᠤᠷᠠᠯ ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
      ᠬᠤᠷᠠᠯ᠎ᠠᠴᠠ  ᠂ ᠲᠣᠪᠴᠢᠶ᠎ᠠ ᠵᠢᠨ   ᠪᠠᠢ᠌ᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠯᠤᠰ ᠲᠦᠷᠦ ᠵᠢᠨ ᠤᠬᠠᠮᠰᠠᠷ ᠨᠡᠩ ᠪᠠᠲᠤᠵᠢᠵᠤ᠂ ᠨᠠᠮ᠎ᠤᠨ ᠭᠡᠰᠢᠭᠦᠨ᠎ᠤ ᠬᠦᠰᠡᠯᠡᠩ ᠢᠲᠡᠭᠡᠯ ᠵᠣᠷᠢᠭ ᠨᠡᠩ   ᠡᠷᠡᠰ ᠭᠤᠢ᠌ᠪᠢᠰᠢ ᠦᠭᠡᠢ ᠪᠣᠯᠵᠤ᠂ ᠰᠠᠬᠢᠯᠭ᠎ᠠ ᠪᠠᠲᠤ ᠣᠪᠣᠷ ᠰᠤᠷᠲᠠᠯ ᠨᠡᠩ ᠰᠠᠶ᠋ᠢᠵᠢᠷᠠᠵᠤ᠂ ᠠᠵᠢᠯ ᠶᠠᠪᠤᠳᠠᠯ ᠬᠢᠵᠦ ᠦᠢ᠍ᠯᠡᠰ ᠪᠤᠰᠬᠠᠬᠤ ᠠᠭᠤᠷ ᠠᠮᠢᠰᠬᠤᠯ ᠨᠡᠩ   ᠭᠦᠨ ᠵᠤᠵᠠᠭ᠋ᠠᠨ ᠪᠣᠯᠪᠠ᠃ ᠭᠡᠪᠡᠴᠦ ᠪᠠᠰᠠ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠬᠠᠭᠤᠯᠭ᠎ᠠ ᠵᠢᠨ ᠡᠷᠴᠢᠮ ᠬᠦᠷᠦᠯᠴᠡᠬᠦ ᠦᠭᠡᠢ᠂ ᠬᠠᠲᠠᠭᠤ ᠬᠡᠷᠡᠭᠰᠡᠯ᠎ᠤᠨ ᠲᠥᠬᠥᠭᠡᠷᠦᠮᠵᠢ ᠵᠢ ᠪᠠᠰᠠ ᠤᠯᠠᠮ ᠨᠢᠭᠡ ᠠᠯᠬᠤᠮ ᠪᠦᠷᠢᠨᠰᠢᠬᠦᠯᠬᠦ ᠴᠢᠬᠤᠯᠠᠲᠠᠢ᠂ ᠨᠠᠮ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ ᠪᠠᠰᠠ ᠬᠦᠷᠦᠯᠴᠡᠬᠦ ᠦᠭᠡᠢ ᠪᠠᠶ᠋ᠢᠬᠤ ᠵᠡᠷᠭᠡ   ᠵᠦᠷᠢᠶ᠎ᠡ ᠪᠠ ᠬᠦᠷᠦᠯᠴᠡᠬᠦ ᠦᠭᠡᠢ ᠵᠡᠷᠭᠡ ᠲᠠᠯ᠎ᠠ ᠣᠷᠣᠰᠢᠵᠤ ᠪᠠᠶ᠋ᠢᠨ᠎ᠠ᠂ ᠬᠦᠴᠦᠲᠡᠢ ᠪᠦᠲᠦᠮᠵᠢᠲᠡᠢ ᠠᠷᠭ᠎ᠠ   ᠬᠡᠮᠵᠢᠶ᠎ᠡ ᠠᠪᠴᠤ ᠪᠠᠶ᠋ᠢᠭ᠋ᠠᠳ ᠦᠨᠡᠨᠬᠦ ᠰᠠᠶ᠋ᠢᠵᠢᠷᠠᠭᠤᠯᠤᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠲᠤᠬᠠᠶ᠋ᠢᠯᠠᠭᠰᠠᠨ ᠠᠵᠢᠯ ᠪᠣᠯᠤᠨ ᠨᠠᠮ᠎ᠤᠨ ᠪᠠᠶ᠋ᠢᠭᠤᠯᠤᠯᠲᠠ ᠵᠢ ᠠᠳᠠᠯᠢᠬᠠᠨ ᠴᠢᠬᠤᠯᠠ ᠪᠠᠶ᠋ᠢᠷᠢᠨ᠎ᠳᠤ ᠲᠠᠯᠪᠢᠵᠤ᠂ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠴᠢᠨᠠᠷ ᠰᠠᠶ᠋ᠢᠲᠠᠢ ᠥᠷᠨᠢᠭᠦᠯᠵᠦ᠂ ᠨᠠᠮ᠎ᠤᠨ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠴᠠᠭ ᠲᠤᠬᠠᠢ᠎ᠳᠤᠨᠢ ᠴᠢᠨᠠᠷ ᠴᠢᠨᠰᠠᠭ᠎ᠠ ᠲᠣᠭ᠎ᠠ ᠶᠣᠰᠣᠭ᠋ᠠᠷ ᠪᠡᠶᠡᠯᠡᠭᠦᠯᠵᠦ᠂ ᠨᠠᠮ᠎ᠤᠨ ᠪᠠᠶ᠋ᠢᠭᠤᠯᠤᠯᠲᠠ ᠵᠢᠨ ᠠᠵᠢᠯ ᠪᠣᠯᠤᠨ ᠲᠤᠬᠠᠶ᠋ᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠬᠤ᠂ ᠬᠠᠷᠢᠯᠴᠠᠨ ᠠᠬᠢᠭᠤᠯᠬᠤ ᠵᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢ᠊ ᠢ᠎ᠠ ᠨᠠᠮ᠎ᠤᠨ ᠠᠵᠢᠯ᠎ᠤᠨ ᠠᠵᠢᠯᠳᠠᠨ᠎ᠢ ᠵᠣᠬᠢᠶᠠᠨ ᠪᠠᠶ᠋ᠢᠭᠤᠯᠵᠤ ᠬᠤᠳᠠ ᠵᠢᠨ ᠰᠢᠭᠤᠳ ᠬᠠᠷᠢᠶ᠎ᠠ ᠨᠠᠮ ᠊ᠤᠨᠨᠠᠮ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠡᠷᠢᠭᠦᠨ᠎ᠤ ᠨᠢᠭᠡᠴᠢ᠎ᠳᠤ ᠬᠦᠷᠴᠦ ᠲᠤᠷᠰᠢᠯᠭ᠎ᠠ ᠰᠣᠯᠢᠯᠴᠠᠬᠤ ᠰᠤᠷᠤᠯᠴᠠᠯᠭ᠎ᠠ᠎ᠳᠤ ᠣᠷᠣᠯᠴᠠᠵᠤ ᠨᠠᠮ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠵᠡᠷᠭᠡ ᠲᠡᠰ ᠦᠰᠭᠡᠬᠦ ᠵᠢ ᠠᠬᠢᠭᠤᠯᠪᠠ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠤᠨᠤᠯ ᠰᠤᠷᠤᠯᠴᠠᠬᠤ ᠭᠣᠣᠯ ᠳᠤᠭᠤᠶ᠋ᠢᠯᠠᠩ 《ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠤᠢ᠌ᠢ᠍ᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠢ ᠥᠷᠨᠢᠭᠦᠯᠵᠡᠢ
ᠬᠥᠯᠦᠨ ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠡᠭᠦᠷ 《ᠬᠥᠯᠦᠨ ᠪᠣᠢ᠌ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ》᠎ᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ
ᠬᠥᠯᠦᠨ ᠪᠣᠢ᠌ᠷ ᠬᠤᠳᠠ ᠵᠢᠨ ᠤᠰᠤᠨ ᠠᠰᠢᠭᠯᠠᠯᠲᠠ ᠵᠢᠨ ᠲᠣᠪᠴᠢᠶ᠎ᠡ ᠵᠢᠨ ᠪᠠᠢ᠌ᠭᠤᠯᠭ᠎ᠠ ᠵᠢᠨ ᠨᠠᠮ᠎ᠤᠨ ᠡᠭᠦᠷ ᠤᠨᠤᠯ ᠰᠤᠷᠤᠯᠴᠠᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠬᠣᠲᠠ ᠵᠢᠨ ᠤᠰᠤᠨ᠎ᠤ ᠪᠠᠶ᠋ᠢᠳᠠᠯ᠎ᠤᠨ ᠬᠥᠮᠦᠵᠢᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ ᠠᠰᠢᠭᠯᠠᠯᠲᠠ᠎ᠳᠤ ᠣᠷᠣᠭᠤᠯᠬᠤ᠎ᠪᠠᠷ ᠪᠣᠶ
 
            