ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠤᠨᠤᠯ ᠰᠤᠷᠤᠯᠴᠠᠬᠤ ᠭᠣᠣᠯ ᠳᠤᠭᠤᠶ᠋ᠢᠯᠠᠩ 《ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠤᠢ᠌ᠢ᠍ᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠢ ᠥᠷᠨᠢᠭᠦᠯᠵᠡᠢ
ᠨᠡᠶ᠋ᠢᠲᠡᠯᠡᠭᠰᠡᠨ ᠴᠠᠭ᠄ 2021-10-18

    10 ᠰᠠᠷ᠎ᠠ ᠵᠢᠨ 14᠎ᠤ ᠡᠳᠦᠷ᠂ ᠬᠣᠲᠠ ᠵᠢᠨ ᠤᠰᠤᠨ᠎ᠤ ᠶᠠᠪᠤᠳᠠᠯ᠎ᠤᠨ   ᠲᠣᠪᠴᠢᠶᠠᠨ᠎ᠤ ᠣᠨᠣᠯ ᠰᠤᠷᠤᠯᠴᠠᠬᠤ ᠭᠣᠤᠯ ᠳᠤᠭᠤᠶ᠋ᠢᠯᠠᠩ 2021 ᠣᠨ᠎ᠤ 12 ᠳ᠋ᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ 《ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ   ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ》 ᠲᠣᠭᠣᠷᠢᠨ᠎ᠳᠤ ᠰᠤᠷᠤᠯᠴᠠᠵᠤ ᠰᠤᠳᠤᠯᠤᠨ ᠶᠠᠷᠢᠯᠴᠠᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢ ᠾᠧ ᠫᠢᠩ ᠬᠤᠷᠠᠯ᠎ᠢ ᠡᠷᠬᠢᠯᠡᠵᠦ᠂ ᠲᠣᠪᠴᠢ᠊ ᠢ᠎ᠠ ᠰᠢᠶᠠᠨ᠎ᠤ ᠭᠠᠵᠠᠷ᠎ᠤᠨ ᠲᠡᠰ᠎ᠤᠨ ᠤᠳᠤᠷᠢᠳᠬᠤ ᠺᠠᠳ᠋ᠷ ᠰᠠᠨᠠᠯ ᠵᠶ᠋ᠠᠨ   ᠰᠣᠯᠢᠯᠴᠠᠨ ᠶᠠᠷᠢᠶ᠎ᠠ ᠲᠠᠯᠪᠢᠵᠠᠢ᠃
    ᠬᠤᠷᠠᠯ᠎ᠠᠴᠠ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠤᠱᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠎ᠤᠨ ᠭᠠᠷᠭ᠋ᠠᠭᠰᠠᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠰᠢᠢ᠍ᠳᠪᠦᠷᠢᠲᠦ ᠪᠤᠳᠤᠯᠭ᠎ᠠ ᠪᠣᠯᠤᠨ᠎ᠠ᠃ ᠪᠥᠬᠥ ᠲᠠᠯ᠎ᠠ ᠵᠢᠨ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ 《ᠬᠣᠶᠠᠷ ᠶᠡᠬᠡ ᠲᠠᠯ᠎ᠠ》᠎ᠳᠤ ᠰᠠᠭᠤᠷᠢᠯᠠᠨ᠂ 《ᠤᠯᠤᠰ᠎ᠤᠨ ᠶᠡᠬᠡ ᠲᠠᠯ᠎ᠠ》 ᠵᠢ ᠰᠡᠳᠬᠢᠯ᠎ᠳᠡᠭᠡᠨ ᠪᠤᠳᠤᠵᠤ᠂ ᠰᠢᠨ᠎ᠡ ᠬᠥᠭᠵᠢᠯᠲᠡ ᠵᠢᠨ ᠱᠠᠲᠤ ᠦᠶ᠎ᠡ ᠵᠢᠨ ᠣᠨᠴᠠᠯᠢᠭ᠎ᠢ ᠭᠦᠨᠵᠡᠭᠡᠶ ᠡᠵᠡᠮᠳᠡᠨ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠣᠨᠣᠪᠴᠢᠲᠠᠶ ᠪᠥᠬᠥ ᠲᠠᠯ᠎ᠠ᠎ᠪᠠᠷ   ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠣᠶ ᠪᠣᠯᠭ᠋ᠠᠬᠤ ᠠᠵᠠ ᠲᠣᠬᠢᠶᠠᠯ᠎ᠢ ᠴᠢᠩᠭ᠎ᠠ ᠠᠳᠬᠤᠵᠤ᠂ ᠬᠤᠪᠢᠷᠠᠯᠲᠠ ᠵᠢᠨ ᠳᠤᠮᠳᠠ ᠲᠣᠭᠲᠠᠯ ᠬᠦᠴᠦᠨ ᠵᠶ᠋ᠡᠨ ᠴᠢᠷᠮᠠᠶ᠋ᠢᠨ ᠪᠠᠲᠤᠯᠠᠵᠤ᠂ ᠪᠥᠬᠥ ᠲᠠᠯ᠎ᠠ ᠵᠢᠨ ᠳᠤᠮᠳᠠ ᠨᠢᠭᠡ ᠣᠷᠣᠨ ᠪᠦᠰᠡ ᠵᠢ ᠰᠠᠶ᠋ᠢᠲᠤᠷ ᠰᠠᠬᠢᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠥᠷᠭᠡᠨ ᠤᠯᠠᠨ ᠤᠰᠤᠨ ᠠᠰᠢᠭᠯᠠᠯᠲᠠ ᠵᠢᠨ   ᠰᠢᠰᠲ᠋ᠧᠮ᠎ᠤᠨ ᠺᠠᠳ᠋ᠷ ᠠᠵᠢᠯᠳᠠᠨ ᠠᠵᠢᠯᠴᠢᠨ ᠡᠷᠬᠡᠪᠰᠢ ᠰᠢ ᠵᠢᠨ ᠫᠢᠩ   ᠶᠡᠷᠦᠩᠬᠡᠢ ᠱᠦᠵᠢ ᠵᠢᠨ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ   ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠵᠦ᠂ ᠭᠦᠨᠵᠡᠭᠡᠢ ᠣᠶ᠋ᠢᠯᠠᠭ᠋ᠠᠵᠤ᠂ 《ᠠᠷᠪᠠᠨ ᠵᠢᠷᠭᠤᠭ᠋ᠠᠨ ᠦᠰᠦᠭ》᠎ᠤᠨ ᠤᠰᠤ ᠵᠢ ᠵᠠᠰᠠᠬᠤ ᠴᠢᠭᠯᠡᠯᠲᠡ ᠵᠢ ᠪᠦᠬᠦ ᠲᠠᠯ᠎ᠠ᠎ᠪᠠᠷ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ 《 ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠲᠤᠨ ᠭᠣᠣᠯ᠎ᠤᠨ ᠰᠠᠪᠠ ᠭᠠᠵᠠᠷ ᠵᠢᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠭᠦᠨᠵᠡᠭᠡᠢ ᠰᠤᠷᠤᠯᠴᠠᠨ   ᠲᠤᠭᠤᠰᠢᠯᠠᠭᠤᠯᠵᠤ᠂ ᠮᠠᠨ ᠎ᠤ ᠬᠤᠳᠠ ᠵᠢᠨ ᠬᠠᠲᠤᠨ ᠭᠣᠣᠯ᠎ᠤᠨ ᠰᠠᠪᠠ ᠭᠠᠵᠠᠷ ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ᠂ ᠪᠦᠬᠦ ᠬᠤᠳᠠ ᠵᠢᠨ ᠠᠵᠤ ᠠᠬᠤᠢ ᠨᠡᠶ᠋ᠢᠭᠡᠮ ᠎ᠤᠨ ᠬᠥᠭᠵᠢᠯᠲᠡ ᠵᠢᠨ ᠪᠠᠶ᠋ᠢᠯᠳᠤᠬᠤ ᠪᠤᠲᠤᠯᠭ᠎ᠠ ᠵᠢᠨ ᠦᠨᠳᠦᠷᠴᠡ ᠎ᠳᠤ ᠵᠣᠭᠰᠣᠵᠤ᠂ ᠪᠠᠢ᠌ᠴᠠᠭ᠋ᠠᠨ ᠰᠤᠳᠤᠯᠬᠤ ᠵᠢ ᠴᠢᠩᠭ᠋ᠠᠳᠬᠠᠵᠤ᠂ ᠤᠨᠢᠨ ᠳᠡᠭᠡᠷ᠎ᠡ᠎ᠨᠢ ᠠᠷᠭ᠎ᠠ ᠪᠤᠲᠤᠯᠭ᠎ᠠ ᠲᠣᠭᠲᠠᠭ᠋ᠠᠨ ᠠᠷᠭ᠎ᠠ ᠪᠤᠲᠤᠯᠭ᠎ᠠ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠡᠯ᠎ᠡ ᠵᠦᠢ᠍ᠯ ᠎ᠤᠨ ᠠᠵᠢᠯ ᠎ᠢ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ   ᠭᠡᠵᠦ ᠴᠢᠩᠭ᠋ᠠᠳᠬᠠᠪᠠ᠃
    ᠬᠤᠷᠠᠯ᠎ᠠᠴᠠ ᠪᠠᠰᠠ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠤᠴᠢᠨ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠴᠠᠭ᠋ᠠᠭᠴᠢᠨ ᠭᠠᠬᠠᠢ ᠵᠢᠯ᠎ᠤᠨ ᠬᠤᠪᠢᠰᠬᠠᠯ᠎ᠤᠨ 110 ᠵᠢᠯ᠎ᠤᠨ ᠤᠢ ᠵᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠱ᠌ᠢ᠎ᠲᠠᠢ ᠹᠧᠩ ᠨᠥᠬᠥᠷ᠎ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢ ᠠᠬᠢᠭᠤᠯᠬᠤ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢᠴᠢ ᠪᠠᠶ᠋ᠢᠭᠤᠯᠤᠮᠵᠢ ᠵᠢᠨ ᠣᠷᠣᠨ ᠲᠣᠭ᠎ᠠ ᠵᠢᠨ ᠬᠠᠮᠢᠶ᠎ᠠ ᠪᠦᠬᠦᠢ ᠲᠦᠷᠢᠮ ᠲᠣᠭᠲᠠᠭ᠋ᠠᠯ᠎ᠢ ᠤᠯᠠᠮᠵᠢᠯᠠᠨ ᠰᠤᠷᠤᠯᠴᠠᠵᠠᠢ᠃



ᠢᠷᠡᠯᠲᠡ᠄
          
ᠬᠠᠮᠢᠶ᠎ᠡ ᠪᠦᠬᠦᠢ ᠰᠣᠨᠢᠨ
ᠬᠥᠯᠦᠨ ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠡᠭᠦᠷ 《ᠬᠥᠯᠦᠨ ᠪᠣᠢ᠌ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ》᠎ᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ
ᠬᠥᠯᠦᠨ ᠪᠣᠢ᠌ᠷ ᠬᠤᠳᠠ ᠵᠢᠨ ᠤᠰᠤᠨ ᠠᠰᠢᠭᠯᠠᠯᠲᠠ ᠵᠢᠨ ᠲᠣᠪᠴᠢᠶ᠎ᠡ ᠵᠢᠨ ᠪᠠᠢ᠌ᠭᠤᠯᠭ᠎ᠠ ᠵᠢᠨ ᠨᠠᠮ᠎ᠤᠨ ᠡᠭᠦᠷ ᠤᠨᠤᠯ ᠰᠤᠷᠤᠯᠴᠠᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠬᠣᠲᠠ ᠵᠢᠨ ᠤᠰᠤᠨ᠎ᠤ ᠪᠠᠶ᠋ᠢᠳᠠᠯ᠎ᠤᠨ ᠬᠥᠮᠦᠵᠢᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ ᠠᠰᠢᠭᠯᠠᠯᠲᠠ᠎ᠳᠤ ᠣᠷᠣᠭᠤᠯᠬᠤ᠎ᠪᠠᠷ ᠪᠣᠶ
ᠤᠯᠠᠭ᠋ᠠᠨᠬᠠᠳᠠ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠪᠥᠬᠥ ᠬᠣᠲᠠ ᠵᠢᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠠᠯᠤᠰ ᠰᠡᠷᠡᠯ᠎ᠤᠨ ᠬᠢᠨᠠᠨ ᠬᠠᠮᠢᠶᠠᠷᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶᠠᠨ᠎ᠤ ᠨᠠᠢ᠍ᠮᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠦᠷᠴᠦ 《ᠪᠢᠳᠡ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》 ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
 
            