ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢ᠊ ᠢ᠎ᠠ ᠨᠠᠮ᠎ᠤᠨ ᠠᠵᠢᠯ᠎ᠤᠨ ᠠᠵᠢᠯᠳᠠᠨ᠎ᠢ ᠵᠣᠬᠢᠶᠠᠨ ᠪᠠᠶ᠋ᠢᠭᠤᠯᠵᠤ ᠬᠤᠳᠠ ᠵᠢᠨ ᠰᠢᠭᠤᠳ ᠬᠠᠷᠢᠶ᠎ᠠ ᠨᠠᠮ ᠊ᠤᠨᠨᠠᠮ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠡᠷᠢᠭᠦᠨ᠎ᠤ ᠨᠢᠭᠡᠴᠢ᠎ᠳᠤ ᠬᠦᠷᠴᠦ ᠲᠤᠷᠰᠢᠯᠭ᠎ᠠ ᠰᠣᠯᠢᠯᠴᠠᠬᠤ ᠰᠤᠷᠤᠯᠴᠠᠯᠭ᠎ᠠ᠎ᠳᠤ ᠣᠷᠣᠯᠴᠠᠵᠤ ᠨᠠᠮ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠵᠡᠷᠭᠡ ᠲᠡᠰ ᠦᠰᠭᠡᠬᠦ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2021-10-18

    ᠲᠡᠷᠢᠭᠦᠨ᠎ᠤ   ᠨᠢᠭᠡᠴᠢ ᠵᠢᠨ ᠨᠠᠮ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠲᠤᠷᠰᠢᠯᠭ᠎ᠠ ᠪᠣᠯᠤᠨ ᠠᠷᠭ᠎ᠠ   ᠪᠠᠷᠢᠯ ᠎ᠢ ᠰᠤᠷᠤᠯᠴᠠᠨ   ᠲᠣᠯᠢ ᠪᠣᠯᠭ᠋ᠠᠵᠤ᠂ ᠮᠠᠨ᠎ᠤ ᠲᠣᠪᠴᠢᠶᠠᠨ᠎ᠤ ᠪᠠᠶ᠋ᠢᠭᠤᠯᠤᠯᠭ᠎ᠠ ᠵᠢᠨ ᠨᠠᠮ᠎ᠤᠨ   ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠢᠷᠢ ᠲᠦᠪᠰᠢᠨ ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 10 ᠰᠠᠷ᠎ᠠ ᠵᠢᠨ 15᠎ᠤ   ᠦᠳᠡ ᠵᠢᠨ ᠡᠮᠦᠨ᠎ᠡ᠂ ᠬᠤᠳᠠ ᠵᠢᠨ ᠤᠰᠤᠨ᠎ᠤ ᠶᠠᠪᠤᠳᠠᠯ᠎ᠤᠨ   ᠲᠣᠪᠴᠢᠶᠠᠨ᠎ᠤ ᠵᠣᠬᠢᠶᠠᠨ ᠪᠠᠶ᠋ᠢᠭᠤᠯᠬᠤ   ᠲᠣᠪᠴᠢᠶᠠᠨ᠎ᠤ ᠬᠠᠷᠢᠶ᠎ᠠ ᠡᠯ᠎ᠡ ᠨᠠᠮ᠎ᠤᠨ ᠡᠭᠦᠷ᠎ᠤᠨ ᠨᠠᠮ᠎ᠤᠨ ᠠᠵᠢᠯ᠎ᠤᠨ ᠠᠵᠢᠯᠲᠠᠳ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ   ᠲᠣᠪᠴᠢᠶᠠᠨ᠎ᠤ ᠬᠠᠷᠢᠶ᠎ᠠ ᠬᠤᠳᠠ ᠵᠢᠨ   ᠬᠥᠳᠡᠭᠡ ᠠᠵᠤ ᠠᠬᠤᠢ ᠵᠢᠨ ᠲᠥᠪ ᠪᠣᠯᠤᠨ ᠬᠥᠳᠡᠭᠡ ᠲᠣᠰᠬᠣᠨ᠎ᠤ ᠲᠥᠪ᠎ᠤᠨ ᠬᠠᠮᠲᠤᠷᠠᠭᠰᠠᠨ ᠨᠠᠮ᠎ᠤᠨ ᠡᠭᠦᠷ᠎ᠲᠤ ᠬᠦᠷᠴᠦ ᠲᠣᠭᠣᠷᠢᠨ ᠦᠵᠡᠵᠦ ᠲᠤᠷᠰᠢᠯᠭ᠎ᠠ ᠰᠣᠯᠢᠯᠴᠠᠵᠤ ᠰᠤᠷᠤᠯᠴᠠᠪᠠ᠃
    ᠡᠯ᠎ᠡ ᠨᠠᠮ᠎ᠤᠨ ᠠᠵᠢᠯ᠎ᠤᠨ ᠠᠵᠢᠯᠲᠠᠳ ᠤᠷᠢᠳ ᠬᠣᠵᠢᠳ ᠲᠤᠬᠠᠢ ᠵᠢᠨ ᠲᠠᠯᠠᠪᠠᠢ᠎ᠳᠤ ᠬᠤᠳᠠ ᠵᠢᠨ ᠬᠥᠳᠡᠭᠡ ᠠᠵᠤ ᠠᠬᠤᠢ ᠵᠢᠨ ᠲᠥᠪ ᠪᠣᠯᠤᠨ ᠬᠥᠳᠡᠭᠡ ᠲᠣᠰᠬᠣᠨ᠎ᠤ ᠲᠥᠪ᠎ᠤᠨ   ᠬᠠᠮᠲᠤᠷᠠᠭᠰᠠᠨ ᠨᠠᠮ᠎ᠤᠨ ᠡᠭᠦᠷ ᠎ᠤᠨ《ᠭᠤᠷᠪᠠᠨ ᠬᠤᠷᠠᠯ ᠨᠢᠭᠡ ᠬᠢᠴᠢᠶᠡᠯ》 ᠎ᠤᠨ ᠲᠡᠮᠳᠡᠭᠯᠡᠯ᠎ᠤᠨ ᠳᠡᠪᠲᠡᠷ᠂ ᠲᠥᠪᠯᠡᠷᠡᠭᠦᠯᠦᠨ ᠰᠤᠷᠤᠯᠴᠠᠬᠤ ᠮᠠᠲ᠋ᠧᠷᠢᠶᠠᠯ ᠪᠣᠯᠤᠨ ᠪᠤᠰᠤᠳ ᠨᠠᠮ᠎ᠤᠨ ᠪᠠᠶ᠋ᠢᠭᠤᠯᠤᠯᠲᠠ ᠵᠢᠨ ᠮᠠᠲ᠋ᠧᠷᠢᠶᠠᠯ᠎ᠢ ᠯᠠᠪᠯᠠᠨ ᠤᠩᠰᠢᠪᠠ᠃ ᠲᠤᠷᠰᠢᠯᠭ᠎ᠠ ᠵᠢᠨ ᠲᠠᠨᠢᠯᠴᠠᠭᠤᠯᠭ᠎ᠠ ᠵᠢ ᠰᠣᠨᠣᠰᠬᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠳᠠᠩᠰᠠ ᠡᠪᠬᠡᠮᠡᠯ᠎ᠤᠨ ᠪᠠᠶ᠋ᠢᠳᠠᠯ᠎ᠢ ᠪᠠᠶ᠋ᠢᠴᠠᠭ᠋ᠠᠨ ᠦᠵᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠲᠡᠷᠢᠭᠦᠨ᠎ᠤ ᠨᠢᠭᠡᠴᠢ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠮᠠᠲ᠋ᠧᠷᠢᠶᠠᠯ᠎ᠢ ᠵᠢᠷᠤᠵᠤ ᠲᠥᠯᠥᠪᠯᠡᠬᠦ᠂ ᠲᠡᠮᠳᠡᠭᠯᠡᠬᠦ᠂ ᠡᠮᠬᠢᠳᠬᠡᠬᠦ   ᠵᠡᠷᠭᠡ ᠲᠠᠯ᠎ᠠ ᠵᠢᠨ ᠲᠡᠷᠢᠭᠦᠨ᠎ᠤ ᠲᠤᠷᠰᠢᠯᠭ᠎ᠠ ᠵᠢᠴᠢ ᠨᠠᠮ᠎ᠤᠨ ᠡᠭᠦᠷ᠎ᠤᠨ ᠰᠤᠷᠤᠯᠴᠠᠯᠭ᠎ᠠ ᠵᠢ ᠵᠢᠷᠤᠮᠵᠢᠭᠤᠯᠬᠤ ᠪᠠᠶ᠋ᠢᠭᠤᠯᠤᠯᠲᠠ ᠵᠢᠨ ᠬᠣᠯᠪᠣᠭᠳᠠᠯ ᠪᠦᠬᠦᠢ ᠠᠷᠭ᠎ᠠ   ᠪᠠᠷᠢᠯ᠎ᠢ ᠨᠠᠷᠢᠨ ᠬᠢᠨᠠᠮᠠᠭ᠋ᠠᠢ ᠰᠤᠷᠤᠯᠴᠠᠨ ᠰᠣᠯᠢᠯᠴᠠᠪᠠ᠃ ᠣᠯᠠᠨ ᠵᠶ᠋ᠠᠷ ᠵᠶ᠋ᠠᠨ  ᠂ ᠲᠡᠷᠢᠭᠦᠨ᠎ᠤ   ᠨᠢᠭᠡᠴᠢ᠎ᠨᠢ ᠨᠠᠮ᠎ᠤᠨ ᠡᠭᠦᠷ᠎ᠤᠨ ᠪᠠᠶ᠋ᠢᠭᠤᠯᠤᠯᠲᠠ ᠵᠢ ᠵᠢᠷᠤᠮᠵᠢᠭᠤᠯᠬᠤ ᠲᠠᠯ᠎ᠠ᠎ᠪᠠᠷ ᠨᠡᠯᠢᠶᠡᠳ ᠴᠢᠩᠭ᠎ᠠ ᠰᠤᠷᠤᠯᠴᠠᠬᠤ ᠪᠠ ᠯᠠᠪᠯᠠᠯᠲᠠ ᠪᠣᠯᠭ᠋ᠠᠬᠤ ᠦᠨ᠎ᠡ ᠥᠷᠲᠡᠭ᠎ᠲᠠᠢ ᠪᠠᠶ᠋ᠢᠳᠠᠭ᠂ ᠲᠣᠰ ᠤᠳᠠᠭ᠋ᠠᠨ᠎ᠤ   ᠲᠤᠷᠰᠢᠯᠭ᠎ᠠ ᠰᠣᠯᠢᠯᠴᠠᠬᠤ ᠰᠤᠷᠤᠯᠴᠠᠯᠭ᠎ᠠ᠎ᠪᠠᠷ ᠳᠡᠮᠵᠢᠨ   ᠮᠠᠰᠢ ᠶᠡᠬᠡ ᠣᠯᠣᠯᠲᠠ᠎ᠲᠠᠢ᠂ ᠬᠠᠷᠠᠭ᠎ᠠ᠎ᠪᠠᠨ   ᠨᠡᠭᠡᠭᠡᠨ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠲᠣᠰ   ᠨᠢᠭᠡᠴᠢ ᠵᠢᠨ ᠵᠶ᠋ᠡᠨ ᠲᠡᠷᠢᠭᠦᠨ᠎ᠤ᠎ᠬᠢ᠎ᠠᠴᠠ ᠰᠤᠷᠤᠯᠴᠠᠬᠤ᠂ ᠲᠡᠷᠢᠭᠦᠨ᠎ᠤ᠎ᠬᠢ ᠵᠢ ᠭᠦᠢ᠍ᠴᠡᠬᠦ᠂ ᠳᠤᠲᠠᠭᠤᠳᠠᠯ ᠵᠶ᠋ᠠᠨ ᠨᠥᠬᠥᠪᠥᠷᠢᠯᠡᠵᠦ ᠬᠢᠷᠢ ᠲᠦᠪᠰᠢᠨ ᠵᠶ᠋ᠡᠨ ᠳᠡᠭᠡᠭᠰᠢᠯᠡᠭᠦᠯᠬᠦ᠎ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ   ᠭᠡᠵᠦ ᠢᠯᠡᠷᠬᠡᠢ᠌ᠯᠡᠪᠡ᠃
    ᠬᠤᠳᠠ ᠵᠢᠨ ᠤᠰᠤᠨ᠎ᠤ ᠶᠠᠪᠤᠳᠠᠯ᠎ᠤᠨ ᠲᠣᠪᠴᠢ᠊ ᠢ᠎ᠠ ᠲᠤᠰ ᠤᠳᠠᠭ᠎ᠠ ᠵᠢᠨ   ᠲᠤᠷᠰᠢᠯᠭ᠎ᠠ ᠰᠣᠯᠢᠯᠴᠠᠵᠤ ᠰᠤᠷᠤᠯᠴᠠᠬᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠪᠣᠳᠠᠲᠠᠢ᠎ᠳᠤ ᠰᠠᠭᠤᠷᠢᠯᠠᠵᠤ᠂ ᠰᠠᠢ᠌ᠢ᠍ᠨ᠎ᠲᠠᠢ ᠲᠠᠯ᠎ᠠ ᠵᠢ᠎ᠨᠢ ᠠᠪᠴᠤ ᠳᠤᠲᠠᠭᠳᠠᠯ᠎ᠲᠠᠢ ᠲᠠᠯ᠎ᠠ᠎ᠪᠠᠨ ᠨᠥᠬᠥᠪᠥᠷᠢᠯᠡᠵᠦ᠂ ᠰᠡᠳᠬᠢᠴᠡ᠎ᠪᠠᠨ ᠥᠷᠭᠡᠳᠬᠡᠵᠦ᠂ ᠪᠠᠶ᠋ᠢᠭᠤᠯᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠴᠢᠩᠭ᠎ᠠ ᠪᠣᠳᠠᠲᠠᠢ ᠨᠠᠷᠢᠯᠢᠭ ᠰᠠᠶ᠋ᠢᠲᠤᠷ ᠠᠳᠬᠤᠵᠤ᠂ ᠮᠠᠨ᠎ᠤ ᠲᠣᠪᠴᠢ᠊ ᠢ᠎ᠠ ᠵᠢᠨ ᠪᠠᠶ᠋ᠢᠭᠤᠯᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠰᠢᠨ᠎ᠡ ᠳᠡᠭᠲᠡᠷ᠎ᠲᠤ ᠭᠠᠷᠬᠤ ᠵᠢ   ᠠᠬᠢᠭᠤᠯᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠤᠨᠤᠯ ᠰᠤᠷᠤᠯᠴᠠᠬᠤ ᠭᠣᠣᠯ ᠳᠤᠭᠤᠶ᠋ᠢᠯᠠᠩ 《ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠤᠢ᠌ᠢ᠍ᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠢ ᠥᠷᠨᠢᠭᠦᠯᠵᠡᠢ
ᠬᠥᠯᠦᠨ ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠡᠭᠦᠷ 《ᠬᠥᠯᠦᠨ ᠪᠣᠢ᠌ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ》᠎ᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ
ᠬᠥᠯᠦᠨ ᠪᠣᠢ᠌ᠷ ᠬᠤᠳᠠ ᠵᠢᠨ ᠤᠰᠤᠨ ᠠᠰᠢᠭᠯᠠᠯᠲᠠ ᠵᠢᠨ ᠲᠣᠪᠴᠢᠶ᠎ᠡ ᠵᠢᠨ ᠪᠠᠢ᠌ᠭᠤᠯᠭ᠎ᠠ ᠵᠢᠨ ᠨᠠᠮ᠎ᠤᠨ ᠡᠭᠦᠷ ᠤᠨᠤᠯ ᠰᠤᠷᠤᠯᠴᠠᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠬᠣᠲᠠ ᠵᠢᠨ ᠤᠰᠤᠨ᠎ᠤ ᠪᠠᠶ᠋ᠢᠳᠠᠯ᠎ᠤᠨ ᠬᠥᠮᠦᠵᠢᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ ᠠᠰᠢᠭᠯᠠᠯᠲᠠ᠎ᠳᠤ ᠣᠷᠣᠭᠤᠯᠬᠤ᠎ᠪᠠᠷ ᠪᠣᠶ
ᠤᠯᠠᠭ᠋ᠠᠨᠬᠠᠳᠠ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠪᠥᠬᠥ ᠬᠣᠲᠠ ᠵᠢᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠠᠯᠤᠰ ᠰᠡᠷᠡᠯ᠎ᠤᠨ ᠬᠢᠨᠠᠨ ᠬᠠᠮᠢᠶᠠᠷᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
            