ᠬᠥᠯᠦᠨ ᠪᠣᠢ᠌ᠷ ᠬᠤᠳᠠ ᠵᠢᠨ ᠤᠰᠤᠨ ᠠᠰᠢᠭᠯᠠᠯᠲᠠ ᠵᠢᠨ ᠲᠤᠪᠴᠢᠶ᠎ᠡ ᠵᠢᠨ ᠪᠠᠢ᠌ᠭᠤᠯᠭ᠎ᠠ ᠵᠢᠨ ᠨᠠᠮ᠎ᠤᠨ ᠡᠭᠦᠷ ᠤᠨᠤᠯ ᠰᠤᠷᠤᠯᠴᠠᠬᠤ ᠬᠤᠷᠠᠯ ᠬᠤᠷᠠᠯᠳᠤᠭᠤᠯᠪᠠ
ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠵᠢ ᠦᠨᠳᠦᠰᠦᠯᠡᠨ᠂ 2021 ᠣᠨ᠎ᠤ 10 ᠰᠠᠷ᠎ᠠ ᠵᠢᠨ 20᠎ᠤ ᠦᠳᠡ ᠵᠢᠨ ᠡᠮᠦᠨ᠎ᠡ ᠲᠣᠪᠴᠢᠶ᠎ᠠ ᠵᠢᠨ ᠪᠠᠢ᠌ᠭᠤᠯᠭ᠎ᠠ ᠵᠢᠨ ᠨᠠᠮ᠎ᠤᠨ ᠡᠭᠦᠷ ᠨᠠᠢ᠍ᠮᠠᠳᠤᠭ᠋ᠠᠷ ᠳᠠᠪᠬᠤᠷᠭ᠎ᠠ ᠵᠢᠨ ᠬᠤᠷᠠᠯ᠎ᠤᠨ ᠭᠡᠷ᠎ᠲᠤ ᠨᠠᠮ᠎ᠤᠨ ᠡᠭᠦᠷ᠎ᠤᠨ ᠣᠨᠣᠯ ᠰᠤᠷᠤᠯᠴᠠᠬᠤ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠶ ᠱᠦᠵᠢ ᠵᠢᠨ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ ᠵᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ ᠱᠠᠨᠰᠢ ᠵᠢᠨ ᠢᠤᠢ᠍ᠢ᠍ᠯᠢᠨᠳᠤ ᠰᠢᠨᠵᠢᠯᠡᠨ ᠪᠠᠶ᠋ᠢᠴᠠᠭ᠋ᠠᠬᠤ ᠬᠤᠭᠤᠴᠠᠭ᠋ᠠᠨ᠎ᠳᠤ᠎ᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠵᠧᠩ ᠬᠣᠩ ᠹᠠᠨ᠎ᠤ ᠪᠦᠬᠦ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠮᠤᠵᠢ ᠵᠢᠨ ᠱᠠᠲᠤᠨ᠎ᠤ 《ᠪᠢ ᠣᠯᠠᠨ ᠲᠦᠮᠡᠨ᠎ᠤ ᠲᠥᠯᠥᠭᠡ ᠪᠤᠳᠡᠳᠡᠢ ᠠᠵᠢᠯ ᠬᠢᠬᠦ》 ᠦᠢ᠍ᠯᠡᠳᠦᠯᠭᠡ ᠵᠢᠨ ᠠᠵᠢᠯᠯᠠᠭ᠎ᠠ ᠵᠢᠨ ᠲᠤᠰᠬᠠᠶ ᠰᠡᠳᠦᠪᠲᠦ ᠲᠣᠬᠢᠷᠠᠭᠤᠯᠤᠯᠲᠠ ᠵᠢᠨ ᠬᠤᠷᠠᠯ ᠳᠡᠭᠡᠷ᠎ᠡ ᠬᠡᠯᠡᠭᠰᠡᠨ ᠦᠭᠡ᠂ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠥᠯᠦᠨ ᠪᠣᠢ᠍ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠲᠥᠯᠦᠭᠡᠯᠡᠭᠴᠢᠳ᠎ᠤᠨ ᠶᠡᠬᠡ ᠬᠤᠷᠠᠯ᠎ᠤᠨ ᠮᠡᠳᠡᠭᠦᠯᠦᠯᠲᠡ》᠂ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠠᠵᠢᠯ᠎ᠤᠨ ᠳᠦᠷᠢᠮ》᠂ 《ᠲᠤᠮᠳᠠᠳᠤ ᠤᠯᠤᠰ᠎ᠤᠨ ᠡᠪ ᠬᠠᠮᠳᠤ ᠨᠠᠮ ᠪᠠ ᠲᠥᠷᠥ ᠵᠢᠨ ᠪᠠᠶ᠋ᠢᠭᠤᠯᠭ᠎ᠠ ᠵᠢᠨ ᠦᠨᠳᠦᠰᠦᠨ ᠱᠠᠲᠤᠨ᠎ᠤ ᠵᠤᠬᠢᠶᠠᠨ ᠪᠠᠢ᠌ᠭᠤᠯᠤᠯᠲᠠ ᠠᠵᠢᠯ᠎ᠤᠨ ᠳᠦᠷᠢᠮ》᠂ 《ᠲᠤᠮᠳᠠᠳᠤ ᠤᠯᠤᠰ᠎ᠤᠨ ᠡᠪ ᠬᠠᠮᠳᠤ ᠨᠠᠮᠤ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠂ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠴᠢᠬᠤᠯᠠ ᠶᠡᠬᠡ ᠤᠴᠢᠷ ᠶᠠᠪᠤᠳᠠᠯ᠎ᠤᠨ ᠲᠤᠬᠠᠶ ᠵᠢᠭ᠋ᠠᠪᠤᠷᠢ ᠠᠪᠬᠤ ᠪᠠ ᠮᠡᠳᠡᠭᠦᠯᠬᠦ ᠳᠦᠷᠢᠮ》 ᠵᠡᠷᠭᠡ ᠶᠢᠰᠦᠨ ᠵᠥᠪᠯᠡᠬᠦ ᠵᠦᠢ᠍ᠯ᠎ᠢ ᠭᠦᠨᠵᠡᠭᠡᠢ ᠰᠣᠷᠣᠯᠴᠠᠪᠠ᠂ ᠬᠤᠷᠠᠯ᠎ᠢ ᠨᠠᠮ᠎ᠤᠨ ᠡᠭᠦᠷ᠎ᠤᠨ ᠱᠦᠵᠢ ᠯᠢᠦ ᠰᠢ ᠵᠢᠶᠦ᠋ᠨ ᠡᠷᠬᠢᠯᠡᠪᠡ᠃
ᠯᠢᠦ ᠰᠢ ᠵᠢᠶᠦ᠋ᠨ᠂ 《ᠲᠦᠷᠢᠮ》 ᠪᠣᠯ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠪᠣᠯᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠴᠡᠭᠡ ᠵᠢ ᠦᠨᠳᠦᠰᠦᠯᠡᠨ᠂ ᠰᠢᠨ᠎ᠡ 《ᠳᠦᠷᠢᠮ》᠎ᠢ ᠰᠤᠷᠤᠯᠴᠠᠬᠤ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠰᠢ ᠵᠢᠨ ᠫᠢᠩ ᠶᠡᠷᠦᠩᠬᠡᠶ ᠱᠦᠵᠢ ᠵᠢᠨ ᠨᠠᠮ᠎ᠤᠨ ᠲᠥᠪ ᠬᠣᠷᠢᠶ᠎ᠠ᠎ᠤᠨ ᠭᠣᠣᠯᠯᠠᠭᠴᠢ᠂ ᠪᠦᠬᠦ ᠨᠠᠮ᠎ᠤᠨ ᠭᠣᠣᠯᠯᠠᠭᠴᠢ ᠪᠠᠶ᠋ᠢᠷᠢ ᠰᠠᠭᠤᠷᠢ ᠵᠢ ᠡᠷᠡᠰ ᠬᠠᠮᠠᠭ᠋ᠠᠯᠠᠬᠤ᠂ ᠨᠠᠮ᠎ᠤᠨ ᠲᠥᠪ ᠬᠣᠷᠢᠶ᠎ᠠ᠎ᠤᠨ ᠡᠷᠬᠡ ᠰᠦᠷ ᠪᠠ ᠲᠥᠪᠯᠡᠷᠡᠭᠦᠯᠦᠨ ᠨᠢᠭᠡᠳᠬᠡᠬᠦ ᠤᠳᠤᠷᠢᠳᠤᠯᠭ᠎ᠠ ᠵᠢ ᠡᠷᠡᠰ ᠬᠠᠮᠠᠭ᠋ᠠᠯᠠᠬᠤ᠎ᠪᠠᠷ ᠵᠣᠷᠢᠯᠲᠠ ᠪᠠ ᠲᠤᠰᠤᠯᠲᠠ᠎ᠪᠠᠨ ᠪᠣᠯᠭ᠋ᠠᠬᠤ ᠬᠡᠷᠡᠭᠲᠡᠶ᠃ ᠨᠠᠮ᠎ᠤᠨ ᠭᠡᠰᠢᠭᠦᠨ ᠺᠠᠳ᠋ᠷᠴᠤᠳ 《ᠲᠦᠷᠢᠮ》᠎ᠤᠨ ᠰᠤᠷᠤᠯᠴᠠᠯᠭ᠎ᠠ᠎ᠪᠠᠷ ᠳᠠᠮᠵᠢᠭᠤᠯᠤᠨ᠂ ᠨᠠᠮ᠎ᠤᠨ ᠲᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠮᠡᠳᠡᠵᠦ᠂ ᠶᠣᠰᠣ ᠲᠦᠷᠢᠮ᠎ᠢ ᠲᠣᠳᠣᠷᠬᠠᠢ ᠮᠡᠳᠡᠵᠦ᠂ ᠪᠢᠰᠢᠷᠡᠨ ᠰᠦᠷᠳᠡᠬᠦ ᠵᠢ ᠮᠡᠳᠡᠵᠦ᠂ ᠰᠡᠷᠭᠡᠢ᠍ᠯᠡᠨ ᠬᠢᠴᠢᠶᠡᠵᠦ᠂ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠢᠯᠡᠷᠡᠭᠦᠯᠬᠦ ᠵᠢ ᠦᠨᠡᠨ ᠬᠦ᠌ ᠪᠡᠶᠡᠯᠡᠭᠦᠯᠦᠭᠰᠡᠨ ᠪᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢᠦ ᠰᠢ ᠵᠢᠶᠦ᠋ᠨ ᠰᠢ ᠵᠢᠨ ᠫᠢᠩ ᠶᠡᠷᠦᠩᠬᠡᠢ ᠱᠦᠵᠢ ᠵᠢᠨ ᠱᠠᠨᠰᠢ ᠵᠢᠨ ᠢᠤᠢ᠍ᠢ᠍ᠯᠢᠨᠳᠤ ᠰᠢᠨᠵᠢᠯᠡᠨ ᠪᠠᠶ᠋ᠢᠴᠠᠭ᠋ᠠᠬᠤ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠵᠧᠩ ᠬᠣᠩ ᠹᠠᠨ᠎ᠤ ᠪᠦᠬᠦ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠮᠤᠵᠢ ᠵᠢᠨ ᠲᠡᠰ᠎ᠤᠨ 《ᠪᠢ ᠤᠯᠠᠨ ᠲᠦᠮᠡᠨ᠎ᠤ ᠲᠥᠯᠥᠭᠡ ᠪᠤᠳᠡᠳᠡᠢ ᠠᠵᠢᠯ ᠬᠢᠬᠦ》 ᠦᠢ᠍ᠯᠡᠳᠦᠯᠭᠡ ᠵᠢᠨ ᠠᠵᠢᠯᠯᠠᠭ᠎ᠠ ᠵᠢᠨ ᠲᠤᠰᠬᠠᠢ ᠰᠡᠳᠦᠪᠲᠦ ᠲᠤᠬᠢᠷᠠᠭᠤᠯᠭ᠎ᠠ ᠵᠢᠨ ᠬᠤᠷᠠᠯ ᠳᠡᠭᠡᠷᠡᠬᠢ ᠶᠠᠷᠢᠶ᠎ᠠ ᠵᠢ ᠰᠤᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ᠂ ᠤᠯᠠᠨ ᠵᠶ᠋ᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠤᠨᠤᠯ᠎ᠤᠨ ᠵᠢᠯᠤᠭᠤᠳᠤᠯᠭ᠎ᠠ ᠪᠣᠯᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ ᠲᠤᠭ᠎ᠢ ᠡᠷᠭᠦᠬᠦ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠰᠢᠨ᠎ᠡ ᠬᠥᠮᠦᠨ᠎ᠢ ᠬᠥᠮᠦᠵᠢᠭᠦᠯᠬᠦ᠂ ᠰᠣᠶᠣᠯ᠎ᠢ ᠮᠠᠨᠳᠤᠭᠤᠯᠬᠤ᠂ ᠲᠦᠷᠢ ᠲᠥᠷᠬᠦ ᠵᠢ ᠢᠯᠡᠷᠡᠭᠦᠯᠬᠦ ᠡᠭᠦᠷᠭᠡ ᠵᠢ ᠤᠬᠠᠮᠰᠠᠷ᠎ᠠᠴᠠ᠎ᠪᠠᠨ ᠡᠭᠦᠷᠭᠡᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠦᠨ ᠰᠤᠷᠤᠯᠴᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠵᠢᠮ᠎ᠡ ᠶᠣᠰᠣ ᠵᠢ ᠵᠢᠷᠤᠮᠯᠠᠵᠤ᠂ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠵᠢᠨ ᠳᠤᠮᠳᠠ ᠲᠠᠰᠤᠷᠠᠯᠲᠠ ᠦᠭᠡᠢ ᠬᠥᠭᠵᠢᠭᠦᠯᠬᠦ ᠬᠡᠷᠡᠭᠲᠡᠶ᠃ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠍ᠢ᠍ᠭᠡᠮ ᠵᠢᠷᠦᠮ᠎ᠤᠨ ᠰᠢᠨ᠎ᠡ ᠴᠠᠭ ᠦᠶ᠎ᠡ᠎ᠳᠤ᠂ ᠡᠷᠬᠡᠪᠰᠢ ᠦᠵᠡᠯ ᠰᠠᠨᠠᠭ᠎ᠠ᠎ᠪᠠᠨ ᠨᠢᠭᠡᠳᠬᠡᠬᠦ᠂ ᠬᠦᠴᠦᠨ ᠵᠶ᠋ᠠᠨ ᠨᠢᠭᠲᠠᠷᠠᠭᠤᠯᠬᠤ ᠵᠢ ᠰᠤᠷᠲᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠭᠣᠣᠯ ᠭᠣᠭᠴᠣᠭ᠎ᠠ ᠪᠣᠯᠭ᠋ᠠᠵᠤ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠮᠥᠷᠲᠡᠭᠡᠨ ᠦᠵᠡᠯ ᠰᠠᠨᠠᠭ᠋ᠠᠨ᠎ᠤ ᠠᠰᠠᠭᠤᠳᠠᠯ᠎ᠢ ᠴᠤ᠌ ᠰᠢᠢ᠍ᠳᠪᠦᠷᠢᠯᠡᠬᠦ ᠬᠡᠷᠡᠭᠲᠡᠢ᠃ ᠬᠦᠴᠦᠷᠬᠡᠭ ᠶᠡᠬᠡ ᠨᠢᠭᠲᠠᠷᠠᠯ᠎ᠤᠨ ᠬᠦᠴᠦᠨ ᠪᠠ ᠬᠥᠲᠥᠯᠥᠨ ᠳᠠᠭ᠋ᠠᠭᠤᠯᠬᠤ ᠬᠦᠴᠦᠨ ᠪᠦᠬᠦᠢ ᠨᠡᠶ᠋ᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ ᠵᠢ ᠪᠠᠶ᠋ᠢᠭᠤᠯᠬᠤ ᠪᠣᠯ ᠪᠦᠬᠦ ᠨᠠᠮ ᠵᠶ᠋ᠠᠷ ᠵᠶ᠋ᠠᠨ ᠢᠯᠠᠩᠭᠤᠶ᠎ᠠ ᠰᠤᠷᠲᠠᠯ ᠤᠬᠠᠭᠤᠯᠭ᠎ᠠ ᠦᠵᠡᠯ ᠰᠠᠨᠠᠭ᠋ᠠᠨ᠎ᠤ ᠹᠷᠣᠨᠲ᠎ᠤᠨ ᠡᠷᠬᠡᠪᠰᠢ ᠡᠭᠦᠷᠭᠡᠯᠡᠬᠦ ᠬᠡᠷᠡᠭᠲᠡᠶ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠮᠥᠨ᠃ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠵᠢ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠵᠤ᠂ ᠰᠤᠷᠭ᠋ᠠᠨ ᠬᠥᠮᠦᠵᠢᠭᠦᠯᠵᠦ ᠬᠦᠳᠦᠯᠦᠨ ᠵᠢᠯᠣᠭᠣᠳᠬᠤ᠂ ᠦᠢ᠍ᠯᠡᠳᠦᠯᠭᠡ᠎ᠪᠠᠷ ᠬᠥᠮᠦᠵᠢᠭᠦᠯᠬᠦ᠂ ᠲᠦᠷᠢᠮ ᠵᠶ᠋ᠠᠷ ᠪᠠᠲᠤᠯᠠᠬᠤ ᠵᠢ ᠴᠢᠩᠭ᠋ᠠᠳᠬᠠᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠳᠠ ᠵᠢ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠲᠠᠯ᠎ᠠ᠎ᠳᠤ ᠠᠭᠤᠰᠤᠯᠴᠠᠭᠤᠯᠬᠤ ᠬᠡᠷᠡᠭᠲᠡᠢ ᠭᠡᠪᠡ᠃