ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠦᠨ ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠡᠭᠦᠷ 《ᠬᠥᠯᠦᠨ ᠪᠣᠢ᠌ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ》᠎ᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ
ᠨᠡᠶ᠋ᠢᠲᠡᠯᠡᠭᠰᠡᠨ ᠴᠠᠭ᠄ 2021-10-21


      ᠬᠥᠯᠦᠨ   ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠡᠭᠦᠷ 《ᠬᠥᠯᠦᠨ ᠪᠣᠢ᠍ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ》᠎ᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ
      ᠬᠥᠯᠦᠨ   ᠪᠣᠢ᠌ᠷ ᠬᠤᠳᠠ ᠵᠢᠨ ᠲᠠᠪᠤᠳᠤᠭ᠋ᠠᠷ ᠤᠳᠠᠭ᠎ᠠ ᠵᠢᠨ ᠨᠠᠮ᠎ᠤᠨ ᠲᠥᠯᠦᠭᠡᠯᠡᠭᠴᠢᠳ᠎ᠤᠨ ᠬᠤᠷᠠᠯ ᠲᠡᠭᠦᠰᠦᠭᠰᠡᠨ᠎ᠤ ᠲᠠᠷᠠᠭ᠎ᠠ᠂ ᠬᠥᠯᠦᠨ ᠪᠣᠢ᠍ᠷ ᠬᠤᠳᠠ ᠵᠢᠨ ᠤᠰᠤᠨ ᠠᠰᠢᠭᠯᠠᠯᠲᠠ ᠵᠢᠨ   ᠲᠤᠪᠴᠢᠶ᠎ᠡ ᠬᠥᠯᠦᠨ ᠪᠣᠢ᠍ᠷ ᠬᠤᠳᠠ ᠵᠢᠨ ᠲᠠᠪᠤᠳᠤᠭ᠋ᠠᠷ ᠤᠳᠠᠭ᠎ᠠ ᠵᠢᠨ ᠨᠠᠮ᠎ᠤᠨ ᠲᠥᠯᠦᠭᠡᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠵᠢ ᠣᠳᠣᠬᠠᠨ᠎ᠤ ᠴᠢᠬᠤᠯᠠ ᠤᠯᠤᠰ ᠲᠦᠷᠦ ᠵᠢᠨ ᠡᠭᠦᠷᠭᠡ᠎ᠪᠠᠨ ᠪᠣᠯᠭ᠋ᠠᠵᠤ᠂ ᠴᠠᠭ ᠲᠤᠬᠠᠢ᠎ᠳᠤᠨᠢ ᠤᠯᠠᠮᠵᠢᠯᠠᠨ ᠰᠤᠷᠤᠯᠴᠠᠵᠤ᠂ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠣᠶ᠋ᠢᠯᠠᠭ᠋ᠠᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠬᠤᠳᠠ ᠵᠢᠨ ᠨᠠᠮ᠎ᠤᠨ ᠲᠥᠯᠦᠭᠡᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨᠬᠦ ᠨᠢᠭᠡᠳᠬᠡᠵᠡᠢ᠃ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠳ᠋ᠤᠸᠠᠨ ᠷᠦᠢ ᠬᠤᠶ ᠪᠦᠬᠦ ᠺᠠᠳ᠋ᠷ ᠠᠵᠢᠯᠲᠠᠨ᠎ᠤ ᠶᠡᠬᠡ ᠬᠤᠷᠠᠯ ᠳᠡᠭᠡᠷ᠎ᠡ ᠪᠦᠬᠦ ᠺᠠᠳ᠋ᠷᠴᠤᠳ᠎ᠲᠤ ᠬᠥᠯᠦᠨ ᠪᠣᠢ᠍ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ ᠬᠤᠷᠠᠯᠳᠤᠭᠰᠠᠨ ᠪᠠᠶ᠋ᠢᠳᠠᠯ᠎ᠢ ᠴᠠᠭ ᠲᠤᠬᠠᠶ᠎ᠳᠤᠨᠢ ᠤᠯᠠᠮᠵᠢᠯᠠᠨ ᠰᠤᠷᠤᠯᠴᠠᠭᠰᠠᠨ ᠪᠥᠭᠡᠳ ᠳᠠᠭ᠋ᠠᠭᠤᠯᠤᠨ ᠰᠣᠷᠣᠯᠴᠠᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠠᠶ᠃ ᠡᠭᠦᠨ᠎ᠤ ᠬᠠᠮᠲᠤ 10 ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ᠂ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠡᠭᠦᠷ ᠬᠥᠯᠦᠨ ᠪᠣᠢ᠍ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ ᠰᠤᠷᠤᠯᠴᠠᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ᠎ᠤᠨ ᠭᠡᠰᠢᠭᠦᠨ ᠨᠢᠭᠡᠪᠦᠷᠢ ᠬᠥᠯᠦᠨ   ᠪᠣᠢ᠌ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠡᠨᠡ ᠬᠦ᠌ ᠭᠣᠤᠯ ᠰᠡᠳᠦᠪ᠎ᠤᠨ ᠲᠣᠭᠣᠷᠢᠨ᠎ᠳᠤ ᠰᠤᠷᠤᠯᠴᠠᠭᠰᠠᠨ ᠣᠯᠤᠯᠲᠠ ᠲᠥᠷᠥᠭᠳᠡᠯ ᠵᠶ᠋ᠠᠨ ᠨᠠᠷᠢᠨ ᠬᠢᠨᠠᠮᠠᠭ᠋ᠠᠶ ᠪᠢᠴᠢᠵᠦ᠂ ᠢᠳᠡᠪᠬᠢᠲᠡᠶ᠎ᠪᠠᠷ ᠰᠠᠨᠠᠯ ᠵᠶ᠋ᠠᠨ ᠰᠣᠯᠢᠯᠴᠠᠵᠤ᠂ ᠢᠳᠡᠪᠬᠢᠲᠡᠶ᠎ᠪᠠᠷ ᠰᠤᠷᠤᠯᠴᠠᠨ ᠰᠤᠳᠤᠯᠤᠨ ᠶᠠᠷᠢᠯᠴᠠᠪᠠ᠃
      ᠰᠤᠷᠤᠯᠴᠠᠵᠤ ᠰᠤᠳᠤᠯᠤᠨ ᠶᠠᠷᠢᠯᠴᠠᠬᠤ ᠶᠠᠪᠤᠴᠠ᠎ᠳᠤ᠂ ᠣᠯᠠᠨ ᠵᠶ᠋ᠠᠷ ᠵᠶ᠋ᠠᠨ ᠰᠠᠨᠠᠯ ᠨᠢᠭᠡᠲᠡᠶ ᠦᠵᠡᠭᠰᠡᠨ᠎ᠨᠢ᠂ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ ᠬᠥᠯᠦᠨ ᠪᠣᠢ᠍ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠵᠢ ᠣᠳᠣᠬᠠᠨ᠎ᠤ ᠭᠣᠣᠯ ᠤᠯᠤᠰ ᠲᠥᠷᠥ ᠵᠢᠨ ᠡᠭᠦᠷᠭᠡ ᠪᠣᠯᠭ᠋ᠠᠨ ᠴᠢᠩᠭ᠎ᠠ ᠰᠠᠶ᠋ᠢᠲᠤᠷ ᠠᠳᠬᠤᠵᠤ᠂ ᠲᠡᠷᠡ ᠬᠡᠪ ᠵᠶ᠋ᠠᠷ᠎ᠨᠢ᠂ ᠨᠠᠷᠢᠨ ᠬᠢᠨᠠᠮᠠᠭ᠋ᠠᠶ ᠰᠤᠷᠤᠯᠴᠠᠭᠰᠠᠨ ᠰᠠᠭᠤᠷᠢᠨ ᠳᠡᠭᠡᠷ᠎ᠡ᠂ ᠵᠣᠷᠢᠭ ᠰᠠᠨᠠᠭ᠋ᠠᠨ᠎ᠤ ᠮᠥᠨ ᠴᠢᠨᠠᠷ᠎ᠢ ᠭᠦᠨᠵᠡᠭᠡᠶ ᠣᠶ᠋ᠢᠯᠠᠭ᠋ᠠᠵᠤ᠂ ᠭᠣᠣᠯ ᠴᠢᠬᠤᠯᠠ ᠠᠭᠤᠯᠭ᠎ᠠ ᠵᠢ ᠦᠨᠡᠨᠬᠦ ᠡᠵᠡᠮᠳᠡᠵᠦ᠂ ᠬᠥᠯᠦᠨ ᠪᠣᠢ᠍ᠷ ᠬᠤᠳᠠ ᠵᠢᠨ ᠲᠠᠪᠤᠳᠤᠭ᠋ᠠᠷ ᠤᠳᠠᠭ᠎ᠠ ᠵᠢᠨ ᠨᠠᠮ᠎ᠤᠨ ᠲᠥᠯᠦᠭᠡᠯᠡᠭᠴᠢᠳ᠎ᠤᠨ ᠬᠤᠷᠠᠯ᠎ᠨᠢ ᠪᠦᠬᠦ ᠬᠤᠳᠠ ᠵᠢᠨ ᠠᠵᠤ ᠠᠬᠤᠢ ᠨᠡᠶ᠋ᠢᠭᠡᠮ᠎ᠤᠨ ᠡᠯ᠎ᠡ ᠵᠦᠢ᠍ᠯ᠎ᠤᠨ ᠦᠢ᠍ᠯᠡᠰ᠎ᠲᠤ ᠬᠢᠭᠰᠡᠨ ᠴᠢᠬᠤᠯᠠ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠯᠦᠭᠡᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠡᠳᠬᠡᠵᠦ᠂ ᠠᠵᠢᠯ ᠬᠢᠵᠦ ᠦᠢ᠍ᠯᠡᠰ ᠪᠤᠰᠬᠠᠬᠤ ᠣᠷᠭᠢᠯᠤᠮ᠎ᠠ ᠰᠡᠳᠬᠢᠯᠭᠡ᠎ᠪᠠᠨ ᠬᠤᠳᠠ ᠵᠢᠨ ᠨᠠᠮ᠎ᠤᠨ   ᠬᠤᠷᠢᠶ᠎ᠡ ᠵᠢᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠲᠠᠷᠠᠭᠤᠯᠵᠤ᠂ ᠲᠤᠬᠠᠶ᠋ᠢᠯᠠᠭᠰᠠᠨ ᠠᠵᠢᠯ ᠵᠶ᠋ᠠᠨ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠣᠯᠤᠨ ᠲᠤᠯᠭ᠋ᠠᠮ᠎ᠠ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠡᠢ᠃ ᠬᠥᠯᠦᠨ   ᠪᠣᠢ᠌ᠷ ᠬᠣᠲᠠ ᠵᠢᠨ ᠲᠠᠪᠤᠳᠤᠭ᠋ᠠᠷ ᠤᠳᠠᠭ᠋ᠠᠨ᠎ᠤ ᠨᠠᠮ᠎ᠤᠨ ᠲᠥᠯᠦᠭᠡᠯᠡᠭᠴᠢᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠰᠢ ᠵᠢᠨ ᠫᠢᠩ ᠨᠥᠬᠥᠷ᠎ᠤᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠬᠤ ᠪᠠ ᠲᠥᠷᠥ ᠵᠢ ᠵᠠᠰᠠᠬᠤ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠣᠳᠣᠯᠭ᠎ᠠ᠎ᠲᠠᠢ ᠤᠶᠠᠯᠳᠤᠭᠤᠯᠵᠤ᠂ ᠣᠳᠣᠬᠠᠨ᠎ᠤ ᠡᠯ᠎ᠡ ᠵᠦᠢ᠍ᠯ᠎ᠤᠨ ᠠᠵᠢᠯ ᠪᠠ ᠰᠢᠨ᠎ᠡ ᠵᠢ ᠡᠭᠦᠳᠬᠦ ᠠᠵᠢᠯ᠎ᠢ ᠰᠠᠶ᠋ᠢᠲᠤᠷ ᠬᠢᠬᠦ᠎ᠲᠠᠢ ᠤᠶᠠᠯᠳᠤᠭᠤᠯᠤᠨ᠂ ᠰᠤᠷᠤᠯᠴᠠᠬᠤ ᠶᠠᠪᠤᠴᠠ ᠵᠢ ᠴᠢᠳᠠᠪᠤᠷᠢ᠎ᠪᠠᠨ ᠳᠡᠭᠡᠭᠰᠢᠯᠡᠭᠦᠯᠬᠦ ᠶᠠᠪᠤᠴᠠ᠂ ᠠᠰᠠᠭᠤᠳᠠᠯ᠎ᠢ   ᠰᠢᠳᠪᠥᠷᠢᠯᠡᠬᠦ ᠶᠠᠪᠤᠴᠠ᠂ ᠠᠵᠢᠯ ᠵᠶ᠋ᠠᠨ ᠠᠬᠢᠭᠤᠯᠬᠤ ᠶᠠᠪᠤᠴᠠ ᠪᠣᠯᠭ᠋ᠠᠨ ᠬᠤᠪᠢᠷᠠᠭᠤᠯᠬᠤ᠎ᠪᠠᠷ ᠴᠢᠷᠮᠠᠶ᠋ᠢᠵᠤ᠂ ᠰᠤᠷᠤᠯᠴᠠᠯᠭ᠎ᠠ᠎ᠪᠠᠷ ᠠᠵᠢᠯ ᠵᠶ᠋ᠠᠨ ᠵᠢᠯᠣᠭᠣᠳᠴᠤ᠂ ᠠᠵᠢᠯ ᠵᠶ᠋ᠠᠷ ᠵᠶ᠋ᠠᠨ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠠᠨ ᠰᠢᠯᠭ᠋ᠠᠵᠤ᠂ ᠦᠨᠡᠨ ᠬᠦ᠌ ᠲᠠᠷᠢᠬᠢᠨ᠎ᠳᠤ᠎ᠪᠠᠨ ᠬᠠᠳᠠᠩᠰᠢᠭᠤᠯᠵᠤ᠂ ᠰᠡᠳᠬᠢᠯ᠎ᠳᠤ᠎ᠪᠠᠨ       ᠬᠠᠳᠠᠩᠰᠢᠭᠤᠯᠵᠤ᠂ ᠦᠢ᠍ᠯᠡᠳᠦᠯᠭᠡ ᠵᠢ ᠵᠢᠯᠣᠭᠣᠳᠬᠤ᠂ ᠠᠵᠢᠯ ᠵᠶ᠋ᠠᠨ ᠲᠦᠯᠬᠢᠨ ᠠᠬᠢᠭᠤᠯᠬᠤ ᠲᠠᠯ᠎ᠠ᠎ᠪᠠᠷ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠪᠡ᠃


ᠢᠷᠡᠯᠲᠡ᠄
          
ᠬᠠᠮᠢᠶ᠎ᠡ ᠪᠦᠬᠦᠢ ᠰᠣᠨᠢᠨ
ᠬᠥᠯᠦᠨ ᠪᠣᠢ᠌ᠷ ᠬᠤᠳᠠ ᠵᠢᠨ ᠤᠰᠤᠨ ᠠᠰᠢᠭᠯᠠᠯᠲᠠ ᠵᠢᠨ ᠲᠣᠪᠴᠢᠶ᠎ᠡ ᠵᠢᠨ ᠪᠠᠢ᠌ᠭᠤᠯᠭ᠎ᠠ ᠵᠢᠨ ᠨᠠᠮ᠎ᠤᠨ ᠡᠭᠦᠷ ᠤᠨᠤᠯ ᠰᠤᠷᠤᠯᠴᠠᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠬᠣᠲᠠ ᠵᠢᠨ ᠤᠰᠤᠨ᠎ᠤ ᠪᠠᠶ᠋ᠢᠳᠠᠯ᠎ᠤᠨ ᠬᠥᠮᠦᠵᠢᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ ᠠᠰᠢᠭᠯᠠᠯᠲᠠ᠎ᠳᠤ ᠣᠷᠣᠭᠤᠯᠬᠤ᠎ᠪᠠᠷ ᠪᠣᠶ
ᠤᠯᠠᠭ᠋ᠠᠨᠬᠠᠳᠠ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠪᠥᠬᠥ ᠬᠣᠲᠠ ᠵᠢᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠠᠯᠤᠰ ᠰᠡᠷᠡᠯ᠎ᠤᠨ ᠬᠢᠨᠠᠨ ᠬᠠᠮᠢᠶᠠᠷᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶᠠᠨ᠎ᠤ ᠨᠠᠢ᠍ᠮᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠦᠷᠴᠦ 《ᠪᠢᠳᠡ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》 ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠮᠠᠨ᠎ᠤ ᠠᠶ᠋ᠢᠮᠠᠭ 2021 ᠣᠨ᠎ᠤ ᠪᠥᠬᠥ ᠠᠶ᠋ᠢᠮᠠᠭ᠎ᠤᠨ ᠭᠣᠤᠯ᠎ᠤᠨ ᠳᠠᠷᠤᠭ᠎ᠠ ᠵᠢᠨ ᠲᠦᠷᠢᠮ ᠨᠠᠭᠤᠷ᠎ᠤᠨ ᠳᠠᠷᠤᠭ᠎ᠠ ᠵᠢᠨ ᠲᠦᠷᠢᠮ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
 
            