ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶᠠᠨ᠎ᠤ ᠨᠠᠢ᠍ᠮᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠦᠷᠴᠦ 《ᠪᠢᠳᠡ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》 ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2021-11-02

     10 ᠰᠠᠷ᠎ᠠ ᠵᠢᠨ 25᠎ᠤ ᠡᠳᠦᠷ᠂ ᠬᠣᠲᠠ ᠵᠢᠨ ᠨᠠᠮ᠎ᠤᠨ ᠬᠣᠷᠢᠶᠠᠨ᠎ᠤ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠬᠣᠲᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ   ᠨᠠᠢ᠍ᠮᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠳᠠᠷᠤᠭ᠎ᠠ ᠸᠠᠩ ᠰᠢᠶᠤᠤ ᠶᠤᠸᠠᠨ᠂ ᠪᠦᠷᠢᠯᠳᠦᠬᠦᠨ ᠨᠠᠷᠠᠨᠴᠡᠴᠡᠭ ᠨᠠᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠦᠷᠴᠦ ᠠᠵᠢᠯ ᠪᠠᠶ᠋ᠢᠴᠠᠭ᠋ᠠᠨ ᠵᠢᠯᠣᠭᠣᠳᠪᠠ᠃
      ᠵᠢᠯᠣᠭᠣᠳᠬᠤ ᠳᠤᠭᠤᠶ᠋ᠢᠯᠠᠩ᠎ᠤᠨ᠎ᠬᠢᠨ ᠬᠠᠷᠢᠭᠤ ᠮᠡᠳᠡᠭᠦᠯᠦᠯᠲᠡ ᠵᠢ ᠰᠣᠨᠣᠰᠬᠤ᠂ ᠮᠠᠲ᠋ᠧᠷᠢᠶᠠᠯ ᠪᠠᠶ᠋ᠢᠴᠠᠭ᠋ᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠠᠷ ᠬᠤᠳᠠ ᠵᠢᠨ ᠤᠰᠤᠨ ᠠᠰᠢᠭᠯᠠᠯᠲᠠ ᠵᠢᠨ   ᠲᠤᠪᠴᠢᠶ᠎ᠡ ᠵᠢᠨ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》ᠦᠢ᠍ᠯᠡᠳᠦᠯᠭᠡ ᠵᠢᠨ ᠠᠵᠢᠯᠯᠠᠭ᠎ᠠ ᠵᠢᠨ ᠠᠵᠢᠯ ᠥᠷᠨᠢᠭᠦᠯᠦᠭᠰᠡᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠵᠢᠯᠣᠭᠣᠳᠪᠠ᠃
      ᠬᠤᠷᠠᠯ ᠳᠡᠭᠡᠷ᠎ᠡ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠠᠨ ᠰᠢᠶᠤᠤ ᠬᠣᠩ ᠡᠩ ᠲᠡᠷᠢᠭᠦᠨ᠎ᠳᠤ ᠲᠣᠭᠣᠷᠢᠨ ᠵᠢᠯᠣᠭᠣᠳᠬᠤ ᠳᠤᠭᠤᠶ᠋ᠢᠯᠠᠩ᠎ᠳᠤ ᠮᠠᠨ᠎ᠤ ᠲᠣᠪᠴᠢᠶ᠎ᠠ ᠵᠢᠨ 《ᠪᠢ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》 ᠠᠵᠢᠯ ᠥᠷᠨᠢᠭᠦᠯᠦᠭᠰᠡᠨ ᠪᠠᠶ᠋ᠢᠳᠠᠯ᠎ᠢ ᠪᠦᠬᠦ ᠲᠠᠯ᠎ᠠ ᠎ᠪᠠᠷ ᠬᠠᠷᠢᠭᠤ ᠮᠡᠳᠡᠭᠦᠯᠵᠦ᠂ 《ᠭᠤᠷᠪᠠ ᠵᠢ ᠠᠰᠠᠭᠤᠬᠤ》 ᠪᠠᠶ᠋ᠢᠳᠠᠯ᠂ ᠠᠷᠠᠳ᠎ᠤᠨ ᠠᠮᠢᠳᠤᠷᠠᠯ᠎ᠤᠨ ᠵᠦᠢᠯᠡᠰ᠎ᠢ ᠠᠬᠢᠭᠤᠯᠤᠭᠰᠠᠨ ᠪᠠᠶ᠋ᠢᠳᠠᠯ᠂ 《ᠪᠢ   ᠴᠢᠮ᠎ᠠ ᠵᠢ   ᠬᠠᠪᠰᠤᠷᠤᠶ᠎ᠠ》 ᠰᠠᠶ᠋ᠢᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠦᠭᠰᠡᠨ ᠪᠠᠶ᠋ᠢᠳᠠᠯ᠂ ᠠᠮᠢᠳᠤᠷᠠᠯ᠎ᠨᠢ ᠬᠦᠴᠢᠷᠳᠡᠯᠲᠡᠶ ᠨᠠᠮ᠎ᠤᠨ ᠭᠡᠰᠢᠭᠦᠨ᠂ ᠠᠬᠠᠮᠠᠳ ᠨᠠᠮ᠎ᠤᠨ ᠭᠡᠰᠢᠭᠦᠨ᠎ᠢ ᠲᠣᠬᠣᠨᠢᠭᠤᠯᠬᠤ ᠠᠵᠢᠯ᠎ᠤᠨ ᠪᠠᠶ᠋ᠢᠳᠠᠯ ᠵᠢᠴᠢ ᠣᠳᠣᠬᠠᠨ᠎ᠳᠤ ᠣᠷᠣᠰᠢᠵᠤ ᠪᠠᠶ᠋ᠢᠭ᠎ᠠ ᠬᠦᠷᠦᠯᠴᠡᠬᠦ ᠥᠬᠡᠶ ᠲᠠᠯ᠎ᠠ ᠵᠢᠴᠢ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠯᠡᠭᠡ ᠵᠡᠷᠭᠡ ᠵᠢ ᠭᠣᠤᠯᠳᠠᠯᠭ᠎ᠠ᠎ᠲᠠᠢ ᠲᠠᠨᠢᠯᠴᠠᠭᠤᠯᠪᠠ᠃
      ᠳᠤᠭᠤᠶ᠋ᠢᠯᠠᠩ᠎ᠤᠨ ᠳᠠᠷᠤᠭ᠎ᠠ ᠸᠠᠩ ᠰᠢᠶᠤᠤ ᠶᠤᠸᠠᠨ ᠮᠠᠨ᠎ᠤ ᠲᠣᠪᠴᠢᠶ᠎ᠠ ᠵᠢᠨ ᠥᠷᠨᠢᠭᠦᠯᠦᠭᠰᠡᠨ 《ᠪᠣᠳᠠᠲᠠᠶ ᠠᠵᠢᠯ ᠬᠢᠬᠦ》 ᠠᠵᠢᠯ᠎ᠤᠨ ᠦᠷ᠎ᠡ ᠪᠦᠲᠦᠮᠵᠢ ᠵᠢ ᠳᠡᠭᠡᠳᠦ ᠬᠡᠮᠵᠢᠶ᠎ᠡ᠎ᠪᠠᠷ ᠦᠨᠡᠯᠡᠭᠰᠡᠨ ᠪᠥᠭᠡᠳ ᠲᠠᠷᠠᠭ᠋ᠠᠴᠢ ᠵᠢᠨ ᠱᠠᠲᠤᠨ᠎ᠤ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠄ ᠨᠢᠭᠡ᠎ᠳᠤ᠂ ᠠᠷᠠᠳ ᠣᠯᠠᠨ᠎ᠤ 《ᠪᠠᠴᠢᠮ ᠪᠡᠷᠬᠡ ᠵᠣᠪᠠᠨᠢᠯ》᠎ᠲᠠᠢ ᠤᠶᠠᠯᠳᠤᠭᠤᠯᠤᠨ ᠥᠷᠭᠡᠨ ᠵᠶ᠋ᠡᠷ ᠰᠠᠨᠠᠯ ᠬᠤᠷᠢᠶᠠᠵᠤ᠂ ᠳᠠᠬᠢᠨ ᠪᠠᠶ᠋ᠢᠴᠠᠭ᠋ᠠᠨ ᠰᠤᠳᠤᠯᠬᠤ᠂   ᠡᠮᠬᠢᠯᠡᠨ ᠳᠢᠭᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃ 《ᠭᠤᠷᠪᠠ ᠵᠢ ᠠᠰᠠᠭᠤᠬᠤ》 ᠠᠵᠢᠯᠯᠠᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠣᠯᠠᠨ ᠲᠦᠮᠡᠨ᠎ᠤ ᠰᠠᠨᠠᠯ᠎ᠢ ᠥᠷᠭᠡᠨ ᠵᠶ᠋ᠡᠷ ᠬᠤᠷᠢᠶᠠᠵᠤ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠬᠣᠷᠢᠶᠠᠨ ᠴᠤᠭᠯᠠᠭᠤᠯᠵᠤ᠂ ᠪᠣᠳᠠᠲᠤ ᠶᠠᠪᠤᠳᠠᠯ ᠬᠢᠭᠰᠡᠨ ᠨᠠᠷᠢᠨ ᠲᠠᠩᠰᠠ ᠵᠢ ᠪᠣᠶ ᠪᠣᠯᠭ᠋ᠠᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠵᠦ᠂ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ       ᠬᠡᠷᠡᠭᠲᠡᠶ᠃ ᠬᠣᠶᠠᠷ᠎ᠲᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》ᠠᠷᠠᠳ᠎ᠤᠨ ᠠᠮᠢᠳᠤᠷᠠᠯ᠎ᠤᠨ ᠵᠦᠢ᠍ᠯᠡᠰ᠎ᠤᠨ ᠨᠠᠷᠢᠨ ᠲᠠᠩᠰᠠ ᠵᠢ ᠢᠳᠡᠪᠬᠢᠲᠡᠢ ᠠᠬᠢᠭᠤᠯᠵᠤ᠂ ᠠᠬᠢᠴᠠ ᠪᠣᠯᠤᠨ ᠶᠠᠰᠤ ᠴᠢᠨᠠᠷ᠎ᠢ ᠴᠢᠩᠭ᠎ᠠ ᠠᠩᠬᠠᠷᠴᠤ᠂ ᠨᠢᠭᠡᠨᠲᠡ ᠪᠡᠶᠡᠯᠡᠭᠦᠯᠦᠭᠰᠡᠨ᠎ᠢ᠎ᠨᠢ ᠲᠡᠭᠦᠯᠳᠡᠷᠵᠢᠭᠦᠯᠦᠨ ᠳ᠋ᠦᠩᠨᠡᠬᠦ ᠠᠵᠢᠯ᠎ᠢ ᠰᠠᠶ᠋ᠢᠲᠤᠷ ᠬᠢᠵᠦ᠂ ᠦᠷ᠎ᠡ ᠪᠦᠲᠦᠭᠡᠯ᠎ᠢ ᠪᠡᠬᠢᠵᠢᠭᠦᠯᠵᠦ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠬᠤ ᠬᠡᠷᠡᠭᠲᠡᠢ; ᠪᠡᠶᠡᠯᠡᠭᠦᠯᠦᠭᠡᠳᠦᠶ ᠵᠢ᠎ᠨᠢ ᠠᠬᠢᠴᠠ ᠵᠢ ᠠᠮᠵᠢᠨ ᠠᠳᠬᠤᠵᠤ᠂ ᠪᠥᠬᠥ ᠬᠦᠴᠦᠨ ᠵᠶ᠋ᠡᠷ ᠵᠶ᠋ᠡᠨ ᠳᠥᠯᠭᠢᠨ ᠠᠬᠢᠭᠤᠯᠵᠤ᠂ ᠡᠷᠲᠡᠬᠡᠨ ᠪᠡᠶᠡᠯᠡᠭᠦᠯᠬᠦ ᠬᠡᠷᠡᠭᠲᠡᠶ᠃ ᠭᠤᠷᠪᠠ᠎ᠳᠤ᠂《ᠪᠢ   ᠴᠢᠮ᠎ᠠ ᠵᠢ ᠬᠠᠪᠰᠤᠷᠤᠶ᠎ᠠ》 ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠠᠵᠢᠯᠯᠠᠭ᠎ᠠ ᠵᠢ ᠰᠠᠶ᠋ᠢᠲᠤᠷ ᠥᠷᠨᠢᠭᠦᠯᠬᠦ ᠬᠡᠷᠡᠭᠲᠡᠢ᠃ ᠰᠠᠢ᠌ᠢ᠍ᠨ ᠳᠤᠷ᠎ᠠ ᠵᠢᠨ ᠦᠢ᠍ᠯᠡᠴᠢᠯᠡᠭᠡᠨ᠎ᠤ ᠦᠷᠳᠡᠭᠡ ᠪᠠᠶ᠋ᠢᠭᠤᠯᠵᠤ᠂ ᠨᠠᠮ᠎ᠤᠨ ᠭᠡᠰᠢᠭᠦᠨ᠎ᠤ ᠰᠠᠢ᠌ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠨᠭ᠌ᠬᠢ ᠵᠢ ᠵᠣᠬᠢᠶᠠᠨ ᠪᠠᠶ᠋ᠢᠭᠤᠯᠵᠤ ᠤᠯᠠᠨ ᠬᠡᠯᠪᠡᠷᠢ ᠵᠢᠨ ᠰᠠᠢ᠌ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠦᠨ᠎ᠡ᠃ ᠠᠷᠠᠳ᠎ᠤᠨ ᠲᠥᠯᠥᠭᠡ ᠪᠣᠳᠠᠲᠤ ᠶᠠᠪᠤᠳᠠᠯ ᠪᠦᠲᠦᠭᠡᠬᠦ ᠳᠡᠭᠡᠷ᠎ᠡ ᠬᠦᠴᠦ ᠲᠠᠯᠪᠢᠵᠤ᠂ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯ᠎ᠤᠨ ᠲᠦᠷᠦᠭᠳᠡᠯ ᠪᠠ ᠬᠠᠨᠤᠮᠵᠢ ᠵᠢᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠦᠷᠪᠡ᠎ᠳᠤ᠂《ᠪᠢ ᠤᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠬᠦ》ᠤᠷᠳᠤ ᠬᠤᠭᠤᠴᠠᠭ᠋ᠠᠨ᠎ᠤ ᠪᠦᠲᠦᠮᠵᠢᠲᠡᠢ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ; ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠨᠢᠭᠲᠠ ᠤᠶᠠᠯᠳᠤᠭᠤᠯᠤᠨ᠂ ᠠᠳᠠᠯᠢ ᠪᠤᠰᠤ ᠬᠠᠮᠲᠤᠯᠢᠭ᠎ᠲᠤ ᠴᠢᠭᠯᠡᠭᠦᠯᠦᠨ᠂ ᠲᠥᠷᠥᠯ ᠬᠤᠪᠢᠶᠠᠨ ᠵᠢᠯᠣᠭᠣᠳᠴᠤ᠂ ᠲᠥᠷᠥᠯ ᠬᠤᠪᠢᠶᠠᠨ ᠰᠤᠷᠤᠯᠴᠠᠬᠤ ᠵᠢᠨ ᠬᠠᠮᠲᠤ ᠮᠠᠲ᠋ᠧᠷᠢᠶᠠᠯ᠎ᠢ ᠡᠮᠬᠢᠯᠡᠵᠦ ᠲᠠᠩᠰᠠ ᠡᠪᠬᠡᠮᠡᠯ᠎ᠳᠤ ᠣᠷᠣᠭᠤᠯᠬᠤ ᠠᠵᠢᠯ᠎ᠢ ᠰᠠᠶ᠋ᠢᠲᠤᠷ ᠬᠢᠵᠦ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢᠯ᠎ᠤᠨ ᠠᠵᠢᠯ᠎ᠢ ᠡᠮᠬᠢ ᠵᠢᠷᠤᠮ᠎ᠲᠠᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠠᠪᠤ᠎ᠳᠤ᠂ ᠠᠮᠢᠳᠤᠷᠠᠯ᠎ᠨᠢ ᠬᠦᠴᠢᠷᠳᠡᠯᠲᠡᠢ ᠨᠠᠮ᠎ᠤᠨ ᠭᠡᠰᠢᠭᠦᠨ᠂ ᠠᠬᠠᠮᠠᠳ ᠨᠠᠮ᠎ᠤᠨ ᠭᠡᠰᠢᠭᠦᠨ᠎ᠢ ᠲᠣᠬᠣᠨᠢᠭᠤᠯᠬᠤ ᠠᠵᠢᠯ᠎ᠢ ᠰᠠᠶ᠋ᠢᠲᠤᠷ ᠥᠷᠨᠢᠭᠦᠯᠦᠨ᠎ᠡ᠃ ᠰᠢᠨ᠎ᠡ ᠵᠢᠯ᠂ ᠴᠠᠭ᠋ᠠᠨ ᠰᠠᠷ᠎ᠠ ᠵᠡᠷᠭᠡ ᠴᠢᠬᠤᠯᠠ ᠶᠡᠬᠡ ᠪᠠᠶᠠᠷ᠎ᠤᠨ ᠡᠳᠦᠷ᠎ᠢ ᠠᠰᠢᠭᠯᠠᠵᠤ᠂ ᠬᠦᠴᠢᠷᠳᠡᠯᠲᠡᠢ ᠨᠠᠮ᠎ᠤᠨ ᠭᠡᠰᠢᠭᠦᠨ᠂ ᠠᠬᠠᠮᠠᠳ ᠨᠠᠮ᠎ᠤᠨ ᠭᠡᠰᠢᠭᠦᠨ ᠪᠣᠯᠤᠨ ᠲᠡᠷᠢᠭᠦᠨ᠎ᠤ ᠵᠢᠱ᠌ᠢᠶᠡᠴᠢ ᠵᠢ ᠲᠣᠬᠣᠨᠢᠭᠤᠯᠬᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠬᠠᠯᠠᠮᠵᠢᠯᠠᠬᠤ ᠠᠷᠭ᠎ᠠ   ᠬᠡᠮᠵᠢᠶ᠎ᠡ ᠵᠢ ᠪᠦᠬᠦ ᠲᠠᠯ᠎ᠠ᠎ᠪᠠᠷ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃
      ᠡᠭᠦᠨ᠎ᠤ ᠳᠠᠷᠠᠭ᠎ᠠ᠂ ᠳᠤᠭᠤᠶ᠋ᠢᠯᠠᠩ᠎ᠤᠨ ᠳᠠᠷᠤᠭ᠎ᠠ ᠸᠠᠩ ᠰᠢᠶᠤᠤ ᠶᠤᠸᠠᠨ ᠴᠢᠬᠤᠯᠠᠴᠢᠯᠠᠬᠤ᠎ᠳᠠᠭᠠᠨ᠂ ᠲᠣᠰ   ᠨᠢᠭᠡᠴᠢ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠠᠴᠠ ᠨᠠᠰᠢᠬᠢ ᠰᠢᠯᠢᠳᠡᠭ ᠲᠤᠷᠰᠢᠯᠭ᠎ᠠ ᠠᠷᠭ᠎ᠠ ᠬᠢᠳᠡᠯ ᠵᠢᠴᠢ 《ᠪᠣᠳᠠᠲᠠᠶ ᠠᠵᠢᠯ ᠬᠢᠬᠦ》 ᠳᠤᠮᠳᠠᠬᠢ ᠥᠪᠡᠷᠮᠢᠴᠡ ᠣᠨᠴᠠᠯᠢᠭ᠎ᠲᠠᠢ ᠬᠢᠯᠠᠰ ᠴᠡᠭ ᠵᠡᠷᠭᠡ ᠵᠢᠨ ᠤᠬᠠᠭᠤᠯᠭ᠎ᠠ ᠪᠠ ᠮᠡᠳᠡᠭᠡᠯᠡᠯ᠎ᠢ ᠰᠠᠶ᠋ᠢᠲᠤᠷ ᠬᠢᠵᠦ᠂ ᠨᠡᠶ᠋ᠢᠭᠡᠮ ᠳᠠᠶᠠᠭ᠋ᠠᠷ᠎ᠲᠤ 《ᠪᠣᠳᠠᠲᠠᠶ ᠠᠵᠢᠯ ᠬᠢᠬᠦ》 ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃ ᠤᠯᠠᠨ ᠲᠦᠮᠡᠨ᠎ᠤ 《ᠪᠠᠴᠢᠮ ᠪᠡᠷᠬᠡ ᠵᠣᠪᠠᠨᠢᠯ》ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠡᠨᠬᠦ ᠪᠣᠳᠠᠲᠠᠢ ᠶᠠᠪᠤᠳᠠᠯ᠎ᠢ ᠰᠠᠶ᠋ᠢᠲᠤᠷ ᠬᠢᠬᠦ ᠬᠡᠷᠡᠭᠲᠡᠢ; ᠡᠭᠦᠨ᠎ᠤ ᠬᠠᠮᠲᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠨᠢᠭᠡᠴᠢ ᠵᠢᠨ ᠲᠤᠬᠠᠶ᠋ᠢᠯᠠᠭᠰᠠᠨ ᠠᠵᠢᠯ᠎ᠲᠠᠢ᠎ᠪᠠᠨ ᠤᠶᠠᠯᠳᠤᠭᠤᠯᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠦᠨᠡᠨ ᠬᠦ᠌ ᠠᠵᠢᠯ᠎ᠤᠨ ᠬᠥᠳᠡᠯᠭᠡᠬᠦ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠮᠠᠨ᠎ᠤ ᠠᠶ᠋ᠢᠮᠠᠭ 2021 ᠣᠨ᠎ᠤ ᠪᠥᠬᠥ ᠠᠶ᠋ᠢᠮᠠᠭ᠎ᠤᠨ ᠭᠣᠤᠯ᠎ᠤᠨ ᠳᠠᠷᠤᠭ᠎ᠠ ᠵᠢᠨ ᠲᠦᠷᠢᠮ ᠨᠠᠭᠤᠷ᠎ᠤᠨ ᠳᠠᠷᠤᠭ᠎ᠠ ᠵᠢᠨ ᠲᠦᠷᠢᠮ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
ᠰᠢᠯᠢ ᠵᠢᠨ ᠭᠣᠤᠯ ᠠᠶ᠋ᠢᠮᠠᠭ᠎ᠤᠨ ᠵᠠᠰᠠᠭ ᠵᠠᠬᠢᠷᠭ᠎ᠠ ᠵᠢᠨ 2020 ᠣᠨ᠎ᠳᠤ ᠬᠡᠷᠡᠭᠵᠢᠭᠦᠯᠦᠭᠰᠡᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠠᠯᠪᠠᠨ ᠵᠠᠷ᠎ᠢ ᠨᠡᠢ᠌ᠲᠡᠯᠡᠪᠡ
ᠵᠢᠨᠢᠩ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠵᠢᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ ᠪᠥᠬᠥ ᠤᠯᠤᠰ᠎ᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠎ᠢ ᠰᠡᠷᠭᠡᠶ᠋ᠢᠯᠡᠨ  ᠡᠵᠡᠮᠳᠡᠬᠦ ᠠᠵᠢᠯ᠎ᠤᠨ ᠸᠢᠳᠢᠤ᠋ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ   ᠲᠤᠭᠤᠰᠢᠯᠠᠭᠤᠯᠪᠠ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ
ᠰᠢᠯᠢ ᠵᠢᠨ ᠭᠣᠤᠯ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠢᠯᠡᠰ᠎ᠤᠨ ᠬᠥᠭᠵᠢᠯᠲᠡ ᠵᠢᠨ ᠲᠥᠪ᠎ᠤᠨ ᠺᠠᠳ᠋ᠷ ᠠᠵᠢᠯᠲᠠᠨ ᠠᠵᠢᠯᠴᠢᠨ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠢᠵᠢᠭ ᠎ᠢ ᠰᠡᠷᠭᠡᠶ᠋ᠢᠯᠡᠨ ᠡᠵᠡᠮᠳᠡᠬᠦ᠎ᠪᠠᠨ ᠴᠢᠩᠭ᠋ᠠᠳᠬᠠᠵᠤ᠂ ᠰᠢᠨ᠎ᠡ ᠸᠠᠺᠼᠢᠨ᠎ᠤ 《ᠴᠢᠩᠭ᠋ᠠᠳᠬᠠᠬᠤ ᠲᠠᠷᠢᠯᠭ᠎ᠠ》 ᠵᠢ ᠢᠳᠡᠪᠬᠢᠲᠡᠶ ᠪᠥᠭᠡᠳ ᠰᠠᠨᠠᠭ᠋ᠠᠴᠢᠯᠠᠭ᠎ᠠ ᠎ᠠᠴᠠ᠎ᠪᠠᠨ ᠳᠠᠷᠢᠪᠠ
 
            