ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠬᠡᠷᠡᠭᠵᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠡᠷᠡᠭᠵᠢᠭᠦᠯᠬᠦ ᠰᠠᠨᠠᠯ᠎ᠢ ᠴᠤᠬᠤᠯᠠᠪᠤᠷᠢᠯᠠᠨ ᠳᠠᠮᠵᠢᠭᠤᠯᠬᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2014] 23 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠬᠢᠨᠠᠨ ᠰᠢᠯᠭ᠋ᠠᠬᠤ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2015] 21 ᠳ᠋ᠦ᠍ᠭᠡᠷ ᠲᠣᠭ᠋ᠠᠲᠤ)᠂ ᠰᠢᠯᠢ ᠵᠢᠨ ᠭᠣᠤᠯ ᠠᠶ᠋ᠢᠮᠠᠭ᠎ᠤᠨ ᠵᠠᠰᠠᠭ ᠵᠠᠬᠢᠷᠭ᠎ᠠ ᠵᠢᠨ 《ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ》 (ᠰᠢᠯᠢ ᠵᠢᠨ ᠭᠣᠣᠯ ᠵᠠᠬᠢᠷᠭ᠎ᠠ ᠲᠠᠷᠬᠠᠭ᠋ᠠᠭᠰᠠᠨ [2014] 130 ᠳ᠋ᠤᠭ᠋ᠠᠷ) 《ᠰᠢᠯᠢ ᠵᠢᠨ ᠭᠣᠤᠯ ᠠᠶ᠋ᠢᠮᠠᠭ᠎ᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠬᠡᠷᠡᠭᠵᠢᠭᠦᠯᠬᠦ 2020 ᠣᠨ᠎ᠤ ᠬᠢᠨᠨᠠ ᠰᠢᠯᠭ᠋ᠠᠬᠤ ᠠᠵᠢᠯ᠎ᠤᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠰᠢᠯᠢ ᠵᠢᠨ ᠭᠣᠤᠯ ᠵᠠᠬᠢᠷᠭ᠎ᠠ ᠠᠯᠪᠠᠨ ᠲᠠᠷᠬᠠᠭ᠋ᠠᠭᠰᠠᠨ [2020] 62 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠠᠶ᠋ᠢᠮᠠᠭ᠎ᠤᠨ᠎ᠬᠢᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠬᠢᠨᠠᠨ ᠰᠢᠯᠭ᠋ᠠᠬᠤ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠢ ᠬᠡᠷᠡᠭᠵᠢᠭᠦᠯᠵᠦ᠂ ᠬᠢᠨᠠᠨ ᠰᠢᠯᠭ᠋ᠠᠬᠤ ᠠᠵᠢᠯ᠎ᠤᠨ ᠳᠤᠭᠤᠶ᠋ᠢᠯᠠᠩ ᠪᠠᠶ᠋ᠢᠭᠤᠯᠵᠤ ᠡᠯ᠎ᠡ ᠬᠣᠰᠢᠭᠤ ᠰᠢᠶᠠᠨ ᠬᠣᠲᠠ (ᠲᠣᠭᠣᠷᠢᠭ) ᠳᠤ 2020 ᠣᠨ᠎ᠳᠤ ᠬᠡᠷᠡᠭᠵᠢᠭᠦᠯᠵᠦ ᠪᠠᠶ᠋ᠢᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠳᠤ ᠬᠢᠨᠠᠨ ᠰᠢᠯᠭ᠋ᠠᠯᠲᠠ ᠬᠢᠵᠡᠶ᠃ ᠬᠢᠨᠠᠨ ᠰᠢᠯᠭ᠋ᠠᠭᠰᠠᠨ ᠦᠷ᠎ᠡ ᠳ᠋ᠦᠩ᠎ᠢ ᠠᠶ᠋ᠢᠮᠠᠭ ᠤᠨ ᠵᠠᠬᠢᠷᠭ᠎ᠠ ᠠᠴᠠ ᠨᠢᠭᠡᠨᠲᠡ ᠬᠢᠨᠠᠨ ᠲᠣᠭᠲᠠᠭ᠋ᠠᠪᠠ᠂ ᠡᠳᠦᠭᠡ ᠳᠣᠤᠷᠠᠬᠢ ᠮᠡᠲᠦ ᠵᠠᠷᠯᠠᠶ᠎ᠠ᠃
2020 ᠣᠨ ᠳᠤ᠂ ᠡᠯ᠎ᠡ ᠬᠣᠰᠢᠭᠤ ᠰᠢᠶᠠᠨ ᠬᠣᠲᠠ (ᠲᠣᠭᠣᠷᠢᠭ)ᠤᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠠᠶ᠋ᠢᠮᠠᠭ᠎ᠤᠨ ᠨᠠᠮ᠎ᠤᠨ ᠬᠣᠷᠢᠶ᠎ᠠ᠂ ᠵᠠᠰᠠᠭ ᠵᠠᠬᠢᠷᠭ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠢ ᠪᠦᠬᠦ ᠲᠠᠯ᠎ᠠ ᠪᠠᠷ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ ᠵᠶ᠋ᠠᠷ ᠬᠤᠪᠢᠷᠠᠰᠢ ᠦᠭᠡᠢ ᠬᠠᠲᠠᠭᠤ ᠬᠢᠵᠠᠭ᠋ᠠᠷᠯᠠᠯ ᠪᠣᠯᠭ᠋ᠠᠵᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ᠂ ᠤᠰᠤ᠎ᠪᠠᠷ ᠬᠤᠳᠠ ᠵᠢ ᠲᠣᠭᠲᠠᠭ᠋ᠠᠬᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ᠂ ᠤᠰᠤ᠎ᠪᠠᠷ ᠬᠥᠮᠦᠨ᠎ᠢ ᠲᠣᠭᠲᠠᠭ᠋ᠠᠬᠤ᠂ ᠤᠰᠤ ᠵᠢ ᠠᠷᠪᠢᠯᠠᠬᠤ ᠬᠠᠮᠢᠶᠠᠷᠤᠯᠲᠠ ᠵᠢ ᠬᠦᠴᠦᠲᠡᠶ ᠲᠦᠯᠬᠢᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠤᠰᠤᠨ᠎ᠤ ᠠᠮᠢ ᠠᠬᠤᠶ ᠵᠢᠨ ᠬᠠᠮᠠᠭ᠋ᠠᠯᠠᠯᠲᠠ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠪᠠᠲᠤᠯᠠᠭ᠎ᠠ ᠵᠢ ᠢᠯᠡᠳᠲᠡ ᠳᠡᠭᠡᠭᠰᠢᠯᠡᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠢᠯᠡᠷᠡᠭᠦᠯᠦᠨ᠂ ᠢᠳᠡᠪᠬᠢᠲᠡᠶ ᠠᠬᠢᠴᠠ᠎ᠲᠠᠢ ᠪᠣᠯᠭ᠋ᠠᠪᠠ᠃ 2020 ᠣᠨ᠎ᠳᠤ ᠪᠥᠬᠥ ᠠᠶ᠋ᠢᠮᠠᠭ᠎ᠤᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ ᠨᠢ 3.86 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢᠴᠡᠳᠬᠡᠯ ᠲᠣᠭ᠎ᠠ ᠵᠢ ᠪᠡᠶᠡᠯᠡᠭᠦᠯᠪᠡ; ᠲᠦᠮᠡᠨ ᠲᠥᠭᠥᠷᠢᠭ᠎ᠤᠨ GDP ᠵᠢᠨ ᠤᠰᠤ ᠬᠡᠷᠡᠭᠯᠡᠬᠦ ᠬᠡᠮᠵᠢᠶ᠎ᠡ (ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠨ᠎ᠠ) 2015 ᠣᠨ᠎ᠤ᠎ᠬᠢ᠎ᠠᠴᠠ 32% ᠵᠢᠡᠷ ᠪᠠᠭᠤᠷᠠᠵᠤ᠂ ᠲᠦᠮᠡᠨ ᠲᠥᠭᠥᠷᠢᠭ᠎ᠤᠨ ᠠᠵᠤ ᠦᠢᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ (ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠨ᠎ᠠ) 2015 ᠣᠨ᠎ᠤ᠎ᠬᠢ᠎ᠠᠴᠠ 34.5%᠎ᠪᠠᠷ ᠪᠠᠭᠤᠷᠠᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ᠎ᠨᠢ 0.76 ᠪᠠᠶ᠋ᠢᠵᠤ᠂ ᠣᠨ᠎ᠤ ᠤᠰᠤ ᠬᠡᠷᠡᠭᠯᠡᠬᠦ ᠦᠷ᠎ᠡ ᠪᠦᠲᠦᠮᠵᠢ ᠵᠢ ᠡᠵᠡᠮᠳᠡᠬᠦ ᠭᠦᠢᠴᠡᠳᠬᠡᠯ ᠲᠣᠭ᠎ᠠ ᠵᠢ ᠪᠡᠶᠡᠯᠡᠭᠦᠯᠪᠡ; ᠤᠯᠤᠰ᠎ᠤᠨ ᠴᠢᠬᠤᠯᠠ ᠭᠣᠤᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠳᠠᠮᠵᠢᠳᠣ ᠣᠷᠣᠨ᠎ᠤ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠥᠷᠬᠥ ᠨᠣᠷᠮ᠎ᠠ ᠵᠢ 80% ᠪᠠᠶ᠋ᠢᠯᠭ᠋ᠠᠵᠤ᠂ ᠣᠨ᠎ᠤ ᠤᠰᠤᠨ᠎ᠤ ᠴᠢᠳᠠᠮᠵᠢᠳᠣ ᠣᠷᠣᠨ᠎ᠤ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠥᠷᠬᠥ ᠨᠣᠷᠮ᠎ᠠ ᠵᠢ ᠡᠵᠡᠮᠳᠡᠬᠦ ᠬᠠᠷᠠᠯᠲᠠ᠎ᠳᠤ ᠬᠦᠷᠭᠡᠪᠡ᠃
ᠬᠢᠨᠠᠨ ᠰᠢᠯᠭ᠋ᠠᠬᠤ ᠠᠵᠢᠯ᠎ᠤᠨ ᠳᠤᠭᠤᠶ᠋ᠢᠯᠠᠩ᠎ᠨᠢ ᠥᠪᠡᠷ᠎ᠢ᠎ᠪᠠᠨ ᠪᠠᠶ᠋ᠢᠴᠠᠭ᠋ᠠᠭᠰᠠᠨ᠂ ᠬᠠᠷᠭᠤᠭᠤᠯᠤᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠶᠡᠷᠦᠩᠬᠡᠶ᠋ᠢᠯᠡᠨ᠂ 13 ᠬᠣᠰᠢᠭᠤ ᠰᠢᠶᠠᠨ ᠬᠣᠲᠠ (ᠲᠣᠭᠣᠷᠢᠭ) ᠵᠢᠨ ᠬᠠᠷᠠᠯᠲᠠ᠎ᠪᠠᠨ ᠪᠡᠶᠡᠯᠡᠭᠦᠯᠦᠭᠰᠡᠨ ᠪᠠᠶ᠋ᠢᠳᠠᠯ᠂ ᠲᠦᠷᠢᠮ᠎ᠤᠨ ᠪᠠᠶ᠋ᠢᠭᠤᠯᠤᠯᠲᠠ ᠪᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠯᠲᠡ ᠬᠢᠵᠦ᠂ ᠮᠠᠰᠢ ᠴᠢᠩᠭ᠎ᠠ ᠬᠢᠨᠠᠨ ᠲᠣᠭᠲᠠᠭ᠋ᠠᠯᠲᠠ᠎ᠪᠠᠷ ᠳᠡᠮᠵᠢᠨ᠂ ᠬᠢᠨᠠᠨ ᠰᠢᠯᠭ᠋ᠠᠭᠰᠠᠨ ᠦᠷ᠎ᠡ ᠳ᠋ᠦᠩ᠎ᠢ ᠪᠦᠷᠢᠯᠳᠦᠭᠦᠯᠪᠡ᠃ 13 ᠬᠣᠰᠢᠭᠤ ᠰᠢᠶᠠᠨ ᠬᠣᠲᠠ (ᠲᠣᠭᠣᠷᠢᠭ) ᠵᠢᠨ 2020 ᠣᠨ᠎ᠤ ᠬᠢᠨᠠᠨ ᠰᠢᠯᠭ᠋ᠠᠬᠤ ᠲᠠᠰ᠎ᠨᠢ ᠴᠥᠮ ᠰᠠᠶ᠋ᠢᠨ ᠪᠠᠶ᠋ᠢᠵᠤ᠂ ᠡᠭᠦᠨ᠎ᠳᠤ ᠬᠥᠪᠡᠭᠡᠲᠦ ᠰᠢᠷ᠎ᠠ ᠬᠣᠰᠢᠭᠤ᠂ ᠪᠠᠷᠠᠭᠤᠨ ᠦᠵᠦᠮᠦᠴᠢᠨ ᠬᠣᠰᠢᠭᠤ᠎ᠨᠢ ᠰᠢᠯᠢᠳᠡᠭ ᠲᠡᠰ᠎ᠲᠤ ᠣᠷᠣᠪᠠ᠃