ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠮᠠᠨ᠎ᠤ ᠠᠶ᠋ᠢᠮᠠᠭ 2021 ᠣᠨ᠎ᠤ ᠪᠥᠬᠥ ᠠᠶ᠋ᠢᠮᠠᠭ᠎ᠤᠨ ᠭᠣᠤᠯ᠎ᠤᠨ ᠳᠠᠷᠤᠭ᠎ᠠ ᠵᠢᠨ ᠲᠦᠷᠢᠮ ᠨᠠᠭᠤᠷ᠎ᠤᠨ ᠳᠠᠷᠤᠭ᠎ᠠ ᠵᠢᠨ ᠲᠦᠷᠢᠮ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2021-11-04

    10   ᠰᠠᠷ᠎ᠠ ᠵᠢᠨ 25᠎ᠤ ᠡᠳᠦᠷ᠎ᠠᠴᠠ 27᠎ᠤ ᠡᠳᠦᠷ ᠪᠣᠯᠲᠠᠯ᠎ᠠ᠂ ᠠᠶ᠋ᠢᠮᠠᠭ᠎ᠤᠨ ᠭᠣᠤᠯ ᠮᠥᠷᠡᠨ᠎ᠤ ᠳᠠᠷᠤᠭ᠎ᠠ ᠵᠢᠨ ᠠᠯᠪᠠᠨ ᠬᠡᠷ ᠵᠠᠯᠠᠶ᠋ᠢᠳ ᠬᠣᠰᠢᠭᠤᠨ᠎ᠳᠤ 2021 ᠣᠨ᠎ᠤ ᠪᠥᠬᠥ ᠠᠶ᠋ᠢᠮᠠᠭ᠎ᠤᠨ ᠭᠣᠤᠯ ᠮᠥᠷᠡᠨ ᠨᠠᠭᠤᠷ   ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃ ᠠᠶ᠋ᠢᠮᠠᠭ᠎ᠤᠨ ᠭᠣᠤᠯ ᠮᠥᠷᠡᠨ᠎ᠤ ᠳᠠᠷᠤᠭ᠎ᠠ ᠵᠢᠨ ᠠᠯᠪᠠᠨ ᠬᠡᠷ᠎ᠤᠨ ᠳᠡᠳ᠋ ᠡᠷᠬᠢᠯᠡᠭᠴᠢ᠂ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠯᠢ ᠵᠢᠶᠠᠨ ᠮᠢᠨ᠂ ᠵᠠᠯᠠᠶ᠋ᠢᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋   ᠬᠣᠰᠢᠭᠤ ᠳᠠᠷᠤᠭ᠎ᠠ᠂   ᠴᠤᠤᠯ ᠭᠣᠤᠯ᠎ᠤᠨ ᠵᠠᠯᠠᠶ᠋ᠢᠳ ᠬᠣᠰᠢᠭᠤᠨ᠎ᠤ ᠲᠠᠰ᠎ᠤᠨ ᠭᠣᠤᠯ᠎ᠤᠨ ᠳᠠᠷᠤᠭ᠎ᠠ ᠴᠧᠨ ᠴᠢᠩ ᠬᠤᠸᠠ᠂ ᠡᠯ᠎ᠡ ᠬᠣᠰᠢᠭᠤ ᠰᠢᠶᠠᠨ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ (ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ) ᠵᠢᠨ ᠬᠤᠪᠢᠳᠠᠨ ᠬᠠᠮᠢᠶᠠᠷᠴᠤ ᠪᠠᠶ᠋ᠢᠭ᠎ᠠ ᠭᠣᠤᠯ ᠮᠥᠷᠡᠨ᠎ᠤ ᠳᠠᠷᠤᠭ᠎ᠠ ᠵᠢᠨ   ᠳᠦᠷᠢᠮ ᠨᠠᠭᠤᠷ᠎ᠤᠨ   ᠳᠠᠷᠤᠭ᠎ᠠ ᠵᠢᠨ ᠲᠦᠷᠢᠮ᠎ᠤᠨ ᠠᠵᠢᠯ᠎ᠤᠨ ᠳᠡᠳ᠋ ᠳᠠᠷᠤᠭ᠎ᠠ᠂ ᠠᠶ᠋ᠢᠮᠠᠭ᠂ ᠬᠣᠰᠢᠭᠤ ᠬᠣᠶᠠᠷ ᠱᠠᠲᠤᠨ᠎ᠤ ᠭᠣᠤᠯ ᠮᠥᠷᠡᠨ᠎ᠤ ᠳᠠᠷᠤᠭ᠎ᠠ ᠵᠢᠨ ᠠᠯᠪᠠᠨ ᠬᠡᠷ᠎ᠤᠨ ᠪᠥᠬᠥ ᠲᠤᠬᠠᠶ᠋ᠢᠯᠠᠭᠰᠠᠨ ᠠᠵᠢᠯ᠎ᠤᠨ ᠭᠣᠤᠯᠯᠠᠭᠴᠢ ᠬᠦᠴᠦᠨ᠂ ᠨᠡᠶ᠋ᠢᠲᠡ 34 ᠬᠥᠮᠦᠨ   ᠪᠣᠯᠪᠠᠰᠤᠷᠠᠯ᠎ᠳᠤ ᠣᠷᠣᠯᠴᠠᠵᠠᠶ᠃
    ᠪᠣᠯᠪᠠᠰᠤᠷᠠᠯ᠎ᠤᠨ ᠠᠩᠬᠢ᠎ᠳᠤ᠂ ᠯᠢ ᠵᠢᠶᠠᠨ ᠮᠢᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠴᠢ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠠᠯᠪᠠᠨ ᠭᠡᠷ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ᠂ ᠡᠯ᠎ᠡ ᠭᠠᠵᠠᠷ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠨᠡᠶ᠋ᠢᠲᠡᠯᠢᠭ ᠲᠤᠷᠰᠢᠯᠭ᠎ᠠ ᠪᠣᠯᠤᠨ ᠲᠡᠷᠢᠭᠦᠨ᠎ᠤ ᠠᠷᠭ᠎ᠠ   ᠪᠠᠷᠢᠯ᠎ᠢ ᠨᠠᠷᠢᠨ ᠲᠣᠳᠣᠷᠬᠠᠢ ᠥᠭᠦᠯᠡᠬᠦ ᠵᠢᠨ ᠬᠠᠮᠲᠤ ᠪᠦᠬᠦ ᠠᠶ᠋ᠢᠮᠠᠭ᠎ᠤᠨ ᠠᠵᠢᠯ᠎ᠤᠨ ᠭᠣᠣᠯᠳᠠᠯᠭ᠎ᠠ᠎ᠳᠤ ᠴᠢᠭᠯᠡᠭᠦᠯᠦᠨ᠂ ᠪᠣᠳᠠᠲᠠᠢ ᠠᠵᠢᠯ᠎ᠤᠨ ᠱᠠᠭ᠋ᠠᠷᠳᠠᠯᠭ᠎ᠠ ᠳᠤᠷᠠᠳᠴᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠠᠷᠭ᠎ᠠ ᠬᠡᠮᠵᠢ᠊ ᠢ᠎ᠡ᠎ᠪᠠᠨ ᠨᠠᠷᠢᠯᠢᠬ᠍ᠵᠢᠭᠤᠯᠵᠠᠢ᠃ ᠴᠧᠨ ᠴᠢᠩ ᠬᠤᠸᠠ ᠪᠠᠰᠠ ᠵᠠᠯᠠᠶ᠋ᠢᠳ ᠬᠣᠰᠢᠭᠤᠨ᠎ᠤ ᠠᠵᠢᠯ᠎ᠤᠨ ᠲᠠᠯ᠎ᠠ᠎ᠠᠴᠠ ᠭᠣᠤᠯ᠎ᠤᠨ ᠳᠠᠷᠤᠭ᠎ᠠ ᠨᠠᠭᠤᠷ ᠎ᠤᠨ ᠳᠠᠷᠤᠭ᠎ᠠ ᠵᠢᠨ ᠲᠦᠷᠢᠮ᠎ᠤᠨ ᠣᠯᠤᠭᠰᠠᠨ ᠠᠮᠵᠢᠯᠲᠠ ᠪᠦᠲᠦᠮᠵᠢ᠂ ᠣᠷᠣᠰᠢᠵᠤ ᠪᠠᠶ᠋ᠢᠭ᠎ᠠ ᠠᠰᠠᠭᠤᠳᠠᠯ ᠪᠠ ᠵᠥᠷᠢᠶ᠎ᠡ ᠵᠢ ᠳ᠋ᠦᠩᠨᠡᠵᠦ᠂ ᠭᠣᠤᠯ ᠨᠠᠭᠤᠷ᠎ᠤᠨ ᠬᠠᠮᠢᠶᠠᠷᠤᠯᠲᠠ ᠵᠢᠨ ᠡᠯ᠎ᠡ ᠵᠦᠢᠯ᠎ᠤᠨ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃


    ᠳᠠᠷᠠᠭ᠎ᠠ᠎ᠨᠢ᠂ ᠪᠣᠯᠪᠠᠰᠤᠷᠠᠯ᠎ᠳᠤ ᠣᠷᠣᠯᠴᠠᠭᠰᠠᠨ ᠪᠥᠬᠥ ᠬᠥᠮᠦᠰ ᠲᠤᠬᠠᠶ ᠵᠢᠨ ᠲᠠᠯᠠᠪᠤᠷ᠎ᠲᠤ ᠬᠦᠷᠴᠦ   ᠭᠣᠣᠯ᠎ᠤᠨ ᠳᠠᠷᠤᠭ᠎ᠠ ᠵᠢᠨ ᠲᠦᠷᠢᠮ ᠨᠠᠭᠤᠷ᠎ᠤᠨ ᠳᠠᠷᠤᠭ᠎ᠠ ᠵᠢᠨ ᠲᠦᠷᠢᠮ᠎ᠢ ᠮᠠᠨ᠎ᠤ ᠠᠶ᠋ᠢᠮᠠᠭ᠎ᠲᠤ ᠬᠡᠷᠡᠭᠵᠢᠭᠦᠯᠦᠭᠰᠡᠨ 4 ᠵᠢᠯ᠎ᠤᠨ ᠲᠤᠷᠰᠢ ᠣᠯᠤᠭᠰᠠᠨ ᠢᠯᠡᠳᠲᠡ ᠦᠷ᠎ᠡ ᠪᠦᠲᠦᠮᠵᠢ ᠵᠢ ᠲᠣᠭᠣᠷᠢᠨ ᠦᠵᠡᠪᠡ᠃


    ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ᠂ ᠭᠣᠤᠯ᠎ᠤᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ᠎ᠤᠨ ᠡᠭᠦᠷᠭᠡ ᠴᠢᠳᠠᠪᠤᠷᠢ ᠵᠢᠨ ᠦᠢᠯᠡᠳᠦᠯ᠎ᠢ ᠨᠠᠩ ᠰᠠᠶ᠋ᠢᠨ ᠪᠠᠳᠠᠷᠠᠭᠤᠯᠵᠤ᠂ ᠭᠣᠤᠯ᠎ᠤᠨ ᠳᠠᠷᠤᠭ᠎ᠠ ᠵᠢᠨ ᠲᠦᠷᠢᠮ ᠨᠠᠭᠤᠷ᠎ᠤᠨ ᠳᠠᠷᠤᠭ᠎ᠠ ᠵᠢᠨ ᠲᠦᠷᠢᠮ᠎ᠤᠨ ᠠᠵᠢᠯᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ ᠵᠢ   ᠳᠡᠭᠡᠭᠰᠢᠯᠡᠭᠦᠯᠪᠡ᠂ ᠡᠯ᠎ᠡ ᠱᠠᠲᠤᠨ᠎ᠤ ᠭᠣᠤᠯ᠎ᠤᠨ ᠳᠠᠷᠤᠭ᠎ᠠ ᠵᠢᠨ ᠠᠯᠪᠠᠨ ᠬᠡᠷ᠎ᠤᠨ ᠲᠤᠬᠠᠶ᠋ᠢᠯᠠᠭᠰᠠᠨ ᠠᠵᠢᠯ᠎ᠤᠨ ᠭᠣᠤᠯᠯᠠᠭᠴᠢ ᠬᠦᠴᠦᠨ᠎ᠤ ᠠᠵᠢᠯ᠎ᠤᠨ ᠬᠠᠷᠠᠯᠲᠠ ᠡᠭᠦᠷᠭᠡ ᠵᠢ ᠲᠣᠳᠣᠷᠬᠠᠶ᠋ᠢᠯᠠᠵᠤ᠂ ᠠᠵᠢᠯᠯᠠᠬᠤ ᠠᠷᠭ᠎ᠠ ᠵᠢ ᠡᠷᠢᠨ ᠣᠯᠵᠤ᠂ ᠭᠣᠤᠯ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠢ ᠥᠷᠨᠢᠭᠦᠯᠬᠦ᠎ᠳᠤ ᠲᠤᠶ᠋ᠢᠯ᠎ᠤᠨ ᠶᠡᠬᠡ ᠠᠬᠢᠭᠤᠯᠬᠤ ᠦᠢᠯᠡᠳᠦᠯ ᠦᠵᠡᠭᠦᠯᠵᠦ᠂ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠪᠠᠶ᠋ᠢᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ᠎ᠤᠨ ᠵᠠᠰᠠᠭ ᠵᠠᠬᠢᠷᠭ᠎ᠠ ᠵᠢᠨ 2020 ᠣᠨ᠎ᠳᠤ ᠬᠡᠷᠡᠭᠵᠢᠭᠦᠯᠦᠭᠰᠡᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠠᠯᠪᠠᠨ ᠵᠠᠷ᠎ᠢ ᠨᠡᠢ᠌ᠲᠡᠯᠡᠪᠡ
ᠵᠢᠨᠢᠩ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠵᠢᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ ᠪᠥᠬᠥ ᠤᠯᠤᠰ᠎ᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠎ᠢ ᠰᠡᠷᠭᠡᠶ᠋ᠢᠯᠡᠨ  ᠡᠵᠡᠮᠳᠡᠬᠦ ᠠᠵᠢᠯ᠎ᠤᠨ ᠸᠢᠳᠢᠤ᠋ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ   ᠲᠤᠭᠤᠰᠢᠯᠠᠭᠤᠯᠪᠠ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ
ᠰᠢᠯᠢ ᠵᠢᠨ ᠭᠣᠤᠯ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠢᠯᠡᠰ᠎ᠤᠨ ᠬᠥᠭᠵᠢᠯᠲᠡ ᠵᠢᠨ ᠲᠥᠪ᠎ᠤᠨ ᠺᠠᠳ᠋ᠷ ᠠᠵᠢᠯᠲᠠᠨ ᠠᠵᠢᠯᠴᠢᠨ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠢᠵᠢᠭ ᠎ᠢ ᠰᠡᠷᠭᠡᠶ᠋ᠢᠯᠡᠨ ᠡᠵᠡᠮᠳᠡᠬᠦ᠎ᠪᠠᠨ ᠴᠢᠩᠭ᠋ᠠᠳᠬᠠᠵᠤ᠂ ᠰᠢᠨ᠎ᠡ ᠸᠠᠺᠼᠢᠨ᠎ᠤ 《ᠴᠢᠩᠭ᠋ᠠᠳᠬᠠᠬᠤ ᠲᠠᠷᠢᠯᠭ᠎ᠠ》 ᠵᠢ ᠢᠳᠡᠪᠬᠢᠲᠡᠶ ᠪᠥᠭᠡᠳ ᠰᠠᠨᠠᠭ᠋ᠠᠴᠢᠯᠠᠭ᠎ᠠ ᠎ᠠᠴᠠ᠎ᠪᠠᠨ ᠳᠠᠷᠢᠪᠠ
ᠬᠥᠯᠥᠨ ᠪᠣᠶ᠋ᠢᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠵᠢᠨ ᠭᠣᠤᠯᠳᠠᠯᠭ᠎ᠠ᠎ᠲᠠᠢ ᠢᠨᠵᠧᠨᠧᠷᠢᠩ ᠎ᠤᠨ ᠠᠬᠢᠴᠠ ᠵᠢᠨ ᠪᠠᠢ᠌ᠳᠠᠯ
 
            