ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-11-05

      11   ᠰᠠᠷ᠎ᠠ ᠵᠢᠨ 2᠎ᠤᠨ   ᠦᠳᠡ ᠵᠢᠨ ᠬᠣᠶ᠋ᠢᠨ᠎ᠠ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ         ᠲᠣᠪᠴᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠲᠥᠯᠥᠪᠵᠢᠭᠦᠯᠭᠡ》 ᠵᠢᠨ ᠲᠤᠬᠠᠶ ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠬᠢᠵᠦ᠂ ᠲᠣᠪᠴᠢᠶ᠎ᠠ ᠰᠢᠶᠠᠨ ᠭᠠᠵᠠᠷ᠎ᠤᠨ ᠲᠠᠰ᠎ᠤᠨ ᠤᠳᠤᠷᠢᠳᠤᠯᠭ᠎ᠠ᠂ ᠡᠯ᠎ᠡ ᠰᠠᠯᠠᠭ᠎ᠠ ᠲᠠᠰᠤᠭ᠂ ᠬᠣᠶᠠᠳᠤᠭ᠋ᠠᠷ ᠳᠡᠰ᠎ᠤᠨ ᠨᠢᠭᠡᠴᠡ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃
      ᠬᠤᠷᠠᠯ ᠳᠡᠭᠡᠷ᠎ᠡ᠂ ᠲᠣᠪᠴᠢᠶ᠎ᠠ ᠵᠢᠨ ᠬᠠᠷᠢᠶ᠎ᠠ ᠡᠯ᠎ᠡ ᠰᠠᠯᠠᠭ᠎ᠠ ᠲᠠᠰᠤᠭ᠂ ᠬᠣᠶᠠᠳᠤᠭ᠋ᠠᠷ ᠳᠡᠰ᠎ᠤᠨ ᠨᠢᠭᠡᠴᠡ ᠵᠢᠨ ᠬᠠᠷᠢᠭᠤᠴᠠᠯᠭ᠋ᠠᠲᠠᠨ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠬᠥᠲᠥᠯᠪᠦᠷᠢ》 ᠪᠠ 《      ᠲᠥᠯᠥᠪᠵᠢᠭᠦᠯᠭᠡ》 ᠵᠢᠨ ᠲᠣᠭᠣᠷᠢᠨ᠎ᠳᠤ ᠣᠯᠤᠯᠲᠠ ᠲᠥᠷᠥᠭᠳᠡᠯ ᠵᠶ᠋ᠡᠨ ᠶᠠᠷᠢᠭᠰᠠᠨ ᠪᠥᠭᠡᠳ ᠲᠠᠷᠠᠭ᠋ᠠᠴᠢ ᠵᠢᠨ ᠠᠯᠬᠤᠮ᠎ᠳᠤ ᠠᠵᠢᠯ ᠵᠶ᠋ᠠᠨ ᠬᠡᠷᠬᠢᠨ ᠠᠬᠢᠭᠤᠯᠬᠤ ᠲᠤᠬᠠᠶ ᠰᠡᠳᠬᠢᠴᠡ ᠠᠷᠭ᠎ᠠ ᠬᠡᠮᠵᠢᠶ᠎ᠡ ᠳᠤᠷᠠᠳᠴᠤ᠂ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠣᠰ ᠲᠣᠰ ᠦᠨᠡᠯᠡᠯᠲᠡ ᠬᠢᠵᠦ᠂ ᠪᠣᠳᠠᠲᠠᠶ ᠠᠵᠢᠯ᠎ᠤᠨ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃
      ᠬᠤᠷᠠᠯ᠎ᠠᠴᠠ᠂ 《ᠬᠥᠲᠥᠯᠪᠦᠷᠢ》 ᠪᠠ 《ᠲᠥᠯᠥᠪᠵᠢᠭᠦᠯᠭᠡ》 ᠪᠣᠯ ᠮᠠᠨ᠎ᠤ ᠤᠯᠤᠰ᠎ᠤᠨ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠪᠠ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠬᠦ ᠵᠠᠩᠭᠢᠯᠠᠭ᠎ᠠ ᠵᠢᠨ ᠴᠠᠭ   ᠲᠣᠭᠲᠠᠭ᠋ᠠᠨ ᠬᠡᠷᠡᠭᠵᠢᠭᠦᠯᠦᠭᠰᠡᠨ ᠬᠥᠲᠥᠯᠪᠦᠷᠢ ᠵᠢᠨ ᠴᠢᠨᠠᠷᠲᠠᠢ ᠪᠢᠴᠢᠭ ᠮᠠᠲᠧᠷᠢᠶᠠᠯ᠎ᠳᠤ᠂ ᠰᠢ ᠵᠢᠨ ᠫᠢᠩ ᠶᠡᠷᠦᠩᠬᠡᠢ ᠱᠦᠵᠢ ᠵᠢᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠤᠱᠯᠠᠭᠤᠯᠵᠤ᠂ ᠪᠢᠴᠢᠭ ᠮᠠᠲᠧᠷᠢᠶᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠣᠶ᠋ᠢᠯᠠᠭ᠋ᠠᠬᠤ ᠵᠢᠨ ᠬᠠᠮᠲᠤ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠤ᠂ ᠰᠣᠷᠣᠭᠰᠠᠨ ᠵᠶ᠋ᠠᠨ ᠬᠡᠷᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠬᠤ ᠬᠡᠷᠡᠭᠲᠡᠢ᠃
      ᠬᠤᠷᠠᠯ᠎ᠠᠴᠠ  ᠂ ᠬᠣᠲᠠ ᠵᠢᠨ ᠨᠠᠢ᠌ᠮᠠᠳᠤᠭ᠋ᠠᠷ ᠤᠳᠠᠭ᠋ᠠᠨ  ᠎ᠤ   ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠢᠯᠡᠳᠬᠡᠯ᠎ᠳᠤ ᠵᠢᠭ᠋ᠠᠵᠤ ᠭᠠᠷᠭ᠋ᠠᠭᠰᠠᠨ᠎ᠨᠢ᠂ ᠬᠠᠲᠤᠨ ᠭᠣᠣᠯ᠎ᠤᠨ ᠥᠪᠥᠷ ᠮᠣᠩᠭᠣᠯ᠎ᠳᠤ ᠣᠷᠣᠬᠤ ᠠᠩᠬᠠᠨ᠎ᠤ ᠥᠷᠲᠡᠭᠡᠨ᠎ᠤ ᠠᠩᠬᠠᠨ᠎ᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠡᠨᠧᠷᠭᠢ ᠵᠢᠨ ᠬᠣᠷᠣᠭᠳᠠᠯ᠂ ᠤᠰᠤᠨ᠎ᠤ ᠡᠬᠢ ᠪᠠᠶᠠᠯᠢᠭ ᠵᠡᠷᠭᠡ ᠡᠯᠧᠮᠧᠨ᠋ᠲ᠎ᠤᠨ ᠬᠢᠵᠠᠭ᠋ᠠᠷᠯᠠᠯ᠎ᠤᠨ ᠠᠰᠠᠭᠤᠳᠠᠯ᠎ᠢ ᠬᠦᠴᠦ ᠣᠷᠣᠭᠤᠯᠤᠨ ᠰᠢᠢᠳᠪᠦᠷᠢᠯᠡᠵᠦ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ       ᠬᠦᠴᠦᠯᠡᠬᠦ》 ᠤᠰᠤ ᠵᠠᠰᠠᠬᠤ ᠴᠢᠭᠯᠡᠯᠲᠡ ᠵᠢ ᠢᠳᠡᠪᠬᠢᠲᠡᠶ ᠦᠢᠯᠡᠳᠦᠯᠭᠡᠵᠢᠭᠦᠯᠵᠦ᠂ 《ᠬᠥᠲᠥᠯᠪᠦᠷᠢ》 ᠪᠠ 《      ᠲᠥᠯᠥᠪᠵᠢᠭᠦᠯᠭᠡ》 ᠵᠢᠨ ᠱᠠᠭ᠋ᠠᠷᠳᠠᠯᠭ᠎ᠠ ᠵᠢ ᠬᠢᠨᠠᠮᠠᠭ᠋ᠠᠶ ᠲᠤᠭᠤᠰᠢᠯᠠᠭᠤᠯᠤᠨ   ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠦᠷᠭᠦᠯᠵᠢᠯᠡᠨ ᠠᠬᠢᠭᠤᠯᠵᠤ᠂ ᠭᠣᠤᠯ ᠮᠥᠷᠡᠨ ᠨᠠᠭᠤᠷ ᠴᠥᠭᠥᠷᠥᠮ᠎ᠢ ᠬᠠᠮᠠᠭ᠋ᠠᠯᠠᠨ ᠵᠠᠰᠠᠬᠤ ᠵᠢ ᠲᠠᠰᠤᠷᠠᠯᠲᠠ ᠥᠬᠡᠶ ᠴᠢᠩᠭ᠋ᠠᠳᠬᠠᠨ᠂ ᠬᠠᠲᠤᠨ ᠭᠣᠤᠯ᠎ᠤᠨ ᠣᠷᠳᠣ ᠬᠤᠭᠤᠴᠠᠭ᠋ᠠᠨ᠎ᠤ ᠠᠮᠤᠷ ᠲᠦᠪᠰᠢᠨ᠎ᠢ ᠬᠦᠴᠦᠯᠡᠨ ᠪᠠᠲᠤᠯᠠᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠎ᠳᠤ ᠪᠠᠲᠤ ᠪᠡᠬᠢ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ᠎ᠤᠨ ᠤᠰᠤᠨ ᠠᠰᠢᠭᠯᠠᠯᠲᠠ ᠵᠢᠨ ᠦᠢᠯᠡᠰ᠎ᠤᠨ ᠬᠥᠭᠵᠢᠯᠲᠡ ᠵᠢᠨ ᠲᠥᠪ᠎ᠤᠨ ᠺᠠᠳ᠋ᠷ ᠠᠵᠢᠯᠲᠠᠨ ᠠᠵᠢᠯᠴᠢᠨ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠢᠵᠢᠭ ᠎ᠢ ᠰᠡᠷᠭᠡᠶ᠋ᠢᠯᠡᠨ ᠡᠵᠡᠮᠳᠡᠬᠦ᠎ᠪᠠᠨ ᠴᠢᠩᠭ᠋ᠠᠳᠬᠠᠵᠤ᠂ ᠰᠢᠨ᠎ᠡ ᠸᠠᠺᠼᠢᠨ᠎ᠤ 《ᠴᠢᠩᠭ᠋ᠠᠳᠬᠠᠬᠤ ᠲᠠᠷᠢᠯᠭ᠎ᠠ》 ᠵᠢ ᠢᠳᠡᠪᠬᠢᠲᠡᠶ ᠪᠥᠭᠡᠳ ᠰᠠᠨᠠᠭ᠋ᠠᠴᠢᠯᠠᠭ᠎ᠠ ᠎ᠠᠴᠠ᠎ᠪᠠᠨ ᠳᠠᠷᠢᠪᠠ
ᠬᠥᠯᠥᠨ ᠪᠣᠶ᠋ᠢᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠵᠢᠨ ᠭᠣᠤᠯᠳᠠᠯᠭ᠎ᠠ᠎ᠲᠠᠢ ᠢᠨᠵᠧᠨᠧᠷᠢᠩ ᠎ᠤᠨ ᠠᠬᠢᠴᠠ ᠵᠢᠨ ᠪᠠᠢ᠌ᠳᠠᠯ
ᠤᠯᠠᠭ᠋ᠠᠶ ᠤᠰᠤᠨ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠲᠥᠪ᠎ᠠᠴᠠ ᠡᠪᠦᠯ᠎ᠤᠨ ᠤᠯᠠᠷᠢᠯ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ
ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠬᠣᠤᠷᠲᠤ ᠡᠳ᠋᠎ᠢ ᠴᠠᠭ᠋ᠠᠵᠠᠯᠠᠬᠤ ᠬᠥᠮᠦᠵᠢᠯ ᠥᠷᠨᠢᠭᠦᠯᠪᠡ
ᠤᠰᠤᠨ ᠠᠰᠢᠭᠯᠠᠯᠲᠠ ᠵᠢᠨ ᠲᠢᠩᠬᠢᠮ ᠤᠷᠠᠳ᠎ᠤᠨ ᠳᠤᠮᠳᠠᠳᠤ ᠬᠣᠰᠢᠭᠤᠨ᠎ᠤ 2020 ᠣᠨ᠎ᠤ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠭᠦᠢᠴᠡᠳᠬᠡᠭᠰᠡᠨ ᠪᠠᠢ᠌ᠳᠠᠯ᠎ᠢ ᠬᠢᠨᠠᠨ ᠪᠠᠢ᠌ᠴᠠᠭ᠋ᠠᠪᠠ
 
            