10 ᠰᠠᠷ᠎ᠠ ᠵᠢᠨ 28᠎ᠤ ᠡᠳᠦᠷ᠂ ᠵᠢᠨᠢᠩ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠵᠢᠨ ᠲᠣᠪᠴᠢᠶ᠎ᠠ 2021 ᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ 23 ᠳ᠋ᠤᠭ᠋ᠠᠷ ᠤᠳᠠᠭ᠋ᠠᠨ᠎ᠤ ᠬᠤᠷᠠᠯ ᠬᠤᠷᠠᠯᠳᠤᠭᠤᠯᠵᠤ᠂ ᠪᠥᠬᠥ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠸᠢᠳᠢᠤ᠋ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠰᠢᠶᠠᠩ ᠢᠦᠶ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠡᠯ᠎ᠡ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠪᠠᠭ᠎ᠤᠨ ᠪᠦᠷᠢᠯᠳᠦᠬᠦᠨ ᠬᠤᠷᠠᠯ᠎ᠳᠤ ᠣᠷᠣᠯᠴᠠᠵᠠᠶ᠃

ᠬᠤᠷᠠᠯ ᠳᠡᠭᠡᠷ᠎ᠡ ᠳᠡᠳ᠋ ᠲᠣᠪᠴᠢᠶᠠᠨ ᠳᠠᠷᠤᠭ᠎ᠠ ᠠᠨ ᠹᠸᠢ ᠪᠥᠬᠥ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠸᠢᠳᠢᠤ᠋ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠪᠠ᠃

ᠰᠢᠶᠠᠩ ᠢᠦᠶ ᠂ ᠨᠢᠭᠡ᠎ᠳᠤ ᠡᠯ᠎ᠡ ᠬᠣᠶᠠᠳᠤᠭ᠋ᠠᠷ ᠳᠡᠰ᠎ᠤᠨ ᠰᠠᠯᠠᠭ᠎ᠠ ᠮᠥᠴᠢᠷ᠎ᠤᠨ᠎ᠬᠢᠨ ᠣᠳᠣᠬᠠᠨ᠎ᠤ ᠬᠢᠵᠢᠭ᠎ᠤᠨ ᠪᠠᠶ᠋ᠢᠳᠠᠯ ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ᠎ᠤᠨ ᠪᠤᠳᠤᠯᠢᠶᠠᠨᠲᠤ ᠴᠢᠨᠠᠷ ᠪᠣᠯᠤᠨ ᠬᠦᠨᠳᠦ ᠨᠣᠴᠢᠲᠠᠶ ᠴᠢᠨᠠᠷ ᠢ ᠭᠦᠢ᠍ᠴᠡᠳ ᠲᠠᠨᠢᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠢᠵᠢᠭ᠎ᠤᠨ ᠪᠠᠶ᠋ᠢᠳᠠᠯ ᠢ ᠰᠡᠷᠭᠡᠶ᠋ᠢᠯᠡᠨ ᠡᠵᠡᠮᠳᠡᠬᠦ ᠡᠨᠡᠬᠦ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠠᠵᠠ ᠵᠠᠪᠰᠢᠶᠠᠨ ᠢ ᠡᠷᠢᠬᠦ ᠪᠣᠳᠣᠯ ᠪᠣᠯᠤᠨ ᠮᠢᠨᠴᠦᠭᠦᠷᠡᠨ ᠬᠣᠶ᠋ᠢᠷᠭᠣᠰᠢᠬᠤ ᠦᠵᠡᠯ ᠰᠠᠨᠠᠭ᠎ᠠ ᠵᠢ ᠡᠷᠡᠰ ᠲᠡᠪᠴᠢᠵᠦ᠂ ᠬᠢᠵᠢᠭ᠎ᠤᠨ ᠪᠠᠶ᠋ᠢᠳᠠᠯ ᠢ ᠰᠡᠷᠭᠡᠶ᠋ᠢᠯᠡᠨ ᠡᠵᠡᠮᠳᠡᠬᠦ ᠶᠠᠪᠤᠳᠠᠯ ᠢ ᠣᠳᠣᠬᠠᠨ᠎ᠤ ᠠᠵᠢᠯ᠎ᠤᠨ ᠵᠶ᠋ᠠᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠬᠤ ᠬᠡᠷᠡᠭᠲᠡᠶ᠃ ᠬᠣᠶᠠᠷ᠎ᠲᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠳᠠᠨ᠎ᠠ᠎ᠠᠴᠠ ᠣᠷᠣᠭᠤᠯᠬᠤ ᠵᠢ ᠰᠡᠷᠭᠡᠶ᠋ᠢᠯᠡᠬᠦ᠂ ᠳᠣᠲᠣᠭ᠋ᠠᠳᠤ ᠳᠤ᠎ᠪᠠᠨ ᠲᠠᠬᠢᠨ ᠡᠭᠦᠰᠬᠦ ᠵᠢ ᠰᠡᠷᠭᠡᠶ᠋ᠢᠯᠡᠬᠦ ᠵᠢ ᠴᠢᠩᠳᠠᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠡᠵᠡᠮᠳᠡᠵᠦ᠂ ᠴᠢᠩᠭ᠎ᠠ ᠰᠡᠷᠭᠡᠶ᠋ᠢᠯᠡᠨ ᠴᠢᠩᠭ᠎ᠠ ᠰᠠᠬᠢᠵᠤ᠂ ᠬᠢᠵᠢᠭ᠎ᠤᠨ ᠪᠠᠶ᠋ᠢᠳᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠬᠦ ᠵᠢᠨ ᠬᠠᠮᠲᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠬᠠᠷᠢᠭᠤᠴᠠᠯᠭ᠎ᠠ ᠵᠢ ᠠᠵᠢᠯ᠎ᠤᠨ ᠪᠠᠶ᠋ᠢᠷᠢ᠎ᠳᠤ ᠭᠠᠷᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠳᠠᠭ᠋ᠠᠭ᠋ᠠᠴᠢᠯᠠᠵᠤ ᠪᠠᠢ᠌ᠭ᠎ᠠ ᠪᠠᠭ᠎ᠠ ᠲᠣᠭᠣᠷᠢᠭ᠂ ᠵᠡᠭᠡᠯᠢ ᠭᠤᠳᠤᠮᠵᠢ ᠨᠡᠶ᠋ᠢᠭᠡᠮ ᠲᠣᠭᠣᠷᠢᠭ᠎ᠲᠠᠢ ᠵᠣᠯᠭ᠋ᠠᠭᠤᠯᠬᠤ ᠵᠢ ᠰᠠᠶ᠋ᠢᠲᠤᠷ ᠬᠢᠵᠦ᠂ ᠳᠠᠭ᠋ᠠᠭ᠋ᠠᠴᠢᠯᠠᠨ ᠬᠣᠯᠪᠣᠭ᠋ᠠᠯᠠᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠵᠢᠯᠳᠠᠨ᠎ᠤ ᠲᠣᠭᠲᠠᠭᠰᠠᠨ ᠴᠠᠭ᠎ᠲᠠᠭᠠᠨ ᠠᠵᠢᠯ᠎ᠤᠨ ᠪᠠᠶ᠋ᠢᠷᠢ᠎ᠳᠤ ᠭᠠᠷᠬᠤ ᠵᠢ ᠪᠠᠲᠤᠯᠠᠬᠤ ᠬᠡᠷᠡᠭᠲᠡᠢ᠃ ᠳᠥᠷᠪᠡ᠎ᠳᠤ᠂ ᠬᠤᠪᠢᠳᠠᠨ ᠬᠠᠮᠢᠶᠠᠷᠴᠤ ᠪᠠᠶ᠋ᠢᠭ᠎ᠠ ᠠᠵᠤ ᠠᠬᠤᠶ᠋ᠢᠯᠠᠯ᠎ᠤᠨ ᠬᠢᠨᠠᠨ ᠵᠢᠯᠣᠭᠣᠳᠴᠤ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠵᠦ᠂ ᠠᠵᠢᠯᠲᠠᠨ᠎ᠢ ᠵᠢᠭᠰᠠᠭ᠋ᠠᠨ ᠪᠠᠶ᠋ᠢᠴᠠᠭ᠋ᠠᠬᠤ ᠪᠠ ᠬᠠᠮᠢᠶᠠᠷᠤᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃