2021 ᠣᠨ᠎ᠤ 9 ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ᠂ ᠶᠠᠭᠰᠢ ᠬᠣᠲᠠ ᠵᠢᠨ ᠬᠣᠲᠠ ᠵᠢᠨ ᠳᠠᠷᠤᠭ᠎ᠠ ᠵᠢᠨ ᠼᠠᠩ᠂ ᠬᠣᠲᠠ ᠵᠢᠨ ᠳᠡᠳ᠋ ᠳᠠᠷᠤᠭ᠎ᠠ ᠸᠠᠩ ᠬᠣᠩ ᠴᠢᠶᠠᠩ᠂ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠳᠠᠷᠤᠭ᠎ᠠ ᠵᠠᠩ ᠰᠢᠶᠤᠤ ᠭᠤᠸᠠᠩ ᠨᠠᠷ ᠬᠥᠯᠦᠨ ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠦᠷᠴᠦ᠂ ᠬᠥᠯᠦᠨ ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠳᠠᠷᠤᠭ᠎ᠠ ᠳ᠋ᠤᠸᠠᠨ ᠷᠦᠢ ᠬᠣᠶ᠎ᠲᠠᠢ ᠤᠰᠤᠨ ᠠᠰᠢᠭᠯᠠᠯᠲᠠ ᠵᠢᠨ ᠠᠵᠢᠯ ᠢ ᠵᠣᠯᠭ᠋ᠠᠭᠤᠯᠬᠤ ᠲᠤᠬᠠᠢ ᠶᠠᠷᠢᠯᠴᠠᠬᠤ ᠬᠤᠷᠠᠯ ᠬᠢᠵᠦ᠂ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠡᠷ᠎ᠲᠡᠭᠡᠨ ᠪᠠᠶ᠋ᠢᠭ᠎ᠠ ᠪᠠᠭ᠎ᠤᠨ ᠪᠦᠷᠢᠯᠳᠦᠬᠦᠨ᠂ ᠬᠠᠮᠢᠶ᠎ᠠ ᠪᠥᠬᠥᠶ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠬᠤᠷᠠᠯ ᠳᠡᠭᠡᠷ᠎ᠡ᠂ ᠵᠢᠨ ᠼᠠᠩ ᠬᠣᠲᠠ ᠵᠢᠨ ᠳᠠᠷᠤᠭ᠎ᠠ ᠨᠠᠷ ᠶᠠᠭᠰᠢ ᠬᠣᠲᠠ ᠵᠢᠨ ᠤᠰᠤᠨ ᠠᠰᠢᠭᠯᠠᠯᠲᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠂ ᠣᠷᠣᠰᠢᠵᠤ ᠪᠠᠶ᠋ᠢᠭ᠎ᠠ ᠪᠣᠳᠠᠲᠠᠶ ᠠᠰᠠᠭᠤᠳᠠᠯ ᠪᠠ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠯᠡᠭᠡ ᠵᠢ ᠲᠠᠨᠢᠯᠴᠠᠭᠤᠯᠵᠤ᠂ ᠬᠥᠯᠦᠨ ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠯᠢᠦᠶ ᠴᠠᠩ ᠺᠤᠸᠠᠨ ᠪᠠᠢ᠌ᠴᠠᠭ᠋ᠠᠨ ᠰᠤᠳᠤᠯᠤᠭᠴᠢ᠂ ᠳᠡᠳ᠋ ᠲᠣᠪᠴᠢᠶᠠᠨ ᠳᠠᠷᠤᠭ᠎ᠠ ᠮᠠ ᠴᠢᠩ ᠰᠢ᠂ ᠡᠷᠬᠢᠯᠡᠭᠴᠢ ᠰᠦᠨ ᠬᠣᠶ ᠴᠧᠩ ᠵᠢᠴᠢ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠨᠠᠷ ᠲᠣᠰ ᠲᠣᠰ᠎ᠤᠨ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶᠡᠨ᠎ᠳᠠᠬᠢ ᠭᠣᠤᠯᠳᠠᠯᠭ᠎ᠠ᠎ᠲᠠᠢ ᠠᠵᠢᠯ᠎ᠤᠨ ᠲᠤᠬᠠᠶ ᠰᠠᠨᠠᠯ ᠵᠶ᠋ᠠᠨ ᠰᠣᠯᠢᠯᠴᠠᠨ ᠶᠠᠷᠢᠯᠴᠠᠪᠠ᠃

ᠳ᠋ᠤᠸᠠᠨ ᠷᠦᠢ ᠾᠤᠶ᠋ᠢ ᠲᠣᠪᠴᠢᠶᠠᠨ ᠳᠠᠷᠤᠭ᠎ᠠ᠂ ᠨᠢᠭᠡ᠎ᠳᠤ ᠤᠰᠤᠨ ᠠᠰᠢᠭᠯᠠᠯᠲᠠ ᠵᠢᠨ ᠲᠥᠷᠥᠯ ᠵᠦᠢᠯ᠎ᠤᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠪᠠᠯᠠ ᠮᠥᠩᠭᠥ ᠵᠢ ᠴᠠᠭ ᠲᠤᠬᠠᠶ᠎ᠳᠤᠨᠢ ᠰᠢᠯᠵᠢᠭᠦᠯᠦᠨ ᠥᠭᠴᠦ᠂ ᠰᠢᠯᠭ᠋ᠠᠨ ᠠᠪᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ; ᠬᠣᠶᠠᠷ᠎ᠲᠤ᠂ ᠲᠦᠷᠦᠯ ᠵᠦᠢ᠍ᠯ᠎ᠤᠨ ᠲᠥᠯᠥᠪᠵᠢᠭᠦᠯᠭᠡ ᠵᠢ ᠰᠠᠶ᠋ᠢᠲᠤᠷ ᠠᠳᠬᠤᠵᠤ᠂ ᠤᠰᠤᠨ᠎ᠤ ᠡᠬᠢ ᠪᠠᠶᠠᠯᠢᠭ᠎ᠤᠨ ᠡᠯᠪᠡᠭ ᠪᠠᠶᠠᠯᠢᠭ ᠳᠠᠪᠠᠭᠤᠯᠢᠭ᠎ᠢ ᠰᠠᠶ᠋ᠢᠲᠤᠷ ᠠᠰᠢᠭᠯᠠᠵᠤ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠲᠦᠷᠦᠯ ᠵᠦᠢ᠍ᠯ᠎ᠢ ᠴᠢᠷᠮᠠᠶ᠋ᠢᠨ ᠣᠯᠵᠤ᠂ ᠬᠣᠯᠪᠣᠭᠳᠠᠯ ᠪᠦᠬᠦᠢ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠢ; ᠭᠤᠷᠪᠠ᠎ᠳᠤ᠂ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢ ᠰᠠᠶ᠋ᠢᠲᠤᠷ ᠠᠳᠬᠤᠵᠤ᠂ ᠡᠯᠡᠰᠦ ᠮᠠᠯᠲᠠᠬᠤ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠵᠠᠬ᠎ᠠ ᠳᠡᠯᠭᠡᠭᠦᠷᠴᠢᠯᠡᠬᠦ ᠲᠡᠰᠢ ᠬᠤᠪᠢᠷᠠᠭᠤᠯᠬᠤ ᠵᠢ ᠬᠦᠳᠦᠯᠦᠨ ᠵᠢᠯᠣᠭᠣᠳᠤᠨ᠎ᠠ; ᠲᠦᠷᠪᠡ᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢ ᠰᠠᠶ᠋ᠢᠲᠤᠷ ᠠᠳᠬᠤᠵᠤ᠂ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠭᠤᠯᠠᠨ ᠦᠶᠡᠷ᠎ᠤᠨ ᠭᠤᠤ ᠵᠢ ᠵᠠᠰᠠᠬᠤ ᠠᠰᠠᠭᠤᠳᠠᠯ᠎ᠢ ᠠᠩᠬᠠᠷᠬᠤ ᠬᠡᠷᠡᠭᠲᠡᠶ ᠭᠡᠵᠦ ᠴᠢᠬᠤᠯᠠᠴᠢᠯᠠᠪᠠ᠃

ᠵᠢᠨ ᠼᠠᠩ ᠬᠣᠲᠠ ᠵᠢᠨ ᠳᠠᠷᠤᠭ᠎ᠠ᠂ ᠲᠣᠰ ᠤᠳᠠᠭ᠋ᠠᠨ᠎ᠤ ᠠᠵᠢᠯ᠎ᠢ ᠵᠣᠯᠭ᠋ᠠᠭᠤᠯᠬᠤ ᠶᠠᠷᠢᠯᠴᠠᠬᠤ ᠬᠤᠷᠠᠯ ᠮᠠᠰᠢ ᠣᠯᠣᠯᠲᠠ᠎ᠲᠠᠢ᠂ ᠲᠠᠷᠠᠭ᠋ᠠᠴᠢ ᠵᠢᠨ ᠠᠯᠬᠤᠮ᠎ᠤᠨ ᠤᠰᠤᠨ ᠠᠰᠢᠭᠯᠠᠯᠲᠠ ᠵᠢᠨ ᠠᠵᠢᠯ᠎ᠤᠨ ᠰᠡᠳᠬᠢᠮᠵᠢ ᠵᠢ ᠲᠣᠳᠣᠷᠬᠠᠶ ᠪᠣᠯᠭ᠋ᠠᠵᠤ᠂ ᠤᠰᠤᠨ ᠠᠰᠢᠭᠯᠠᠯᠲᠠ ᠵᠢᠨ ᠠᠵᠢᠯ᠎ᠢ ᠰᠠᠶ᠋ᠢᠲᠤᠷ ᠬᠢᠬᠦ᠎ᠳᠤ ᠨᠠᠩ ᠭᠦᠨᠵᠡᠭᠡᠶ ᠣᠶ᠋ᠢᠯᠠᠭ᠋ᠠᠯᠲᠠ᠎ᠲᠠᠢ ᠪᠣᠯᠵᠠᠶ᠂ ᠬᠣᠶ᠋ᠢᠰᠢᠳᠠ ᠤᠰᠤᠨ ᠠᠰᠢᠭᠯᠠᠯᠲᠠ ᠵᠢᠨ ᠲᠥᠷᠥᠯ ᠵᠦᠢᠯ᠎ᠤᠨ ᠬᠠᠮᠢᠶᠠᠷᠤᠯᠲᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠤᠰᠤᠨ ᠠᠰᠢᠭᠯᠠᠯᠲᠠ ᠵᠢᠨ ᠲᠥᠷᠥᠯ ᠵᠦᠢᠯ᠎ᠢ ᠢᠳᠡᠪᠬᠢᠲᠡᠶ᠎ᠪᠠᠷ ᠲᠥᠯᠥᠪᠯᠡᠨ᠂ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢ ᠴᠢᠩᠳᠠᠯᠠᠵᠤ᠂ ᠶᠠᠭᠰᠢ ᠬᠣᠲᠠ ᠵᠢᠨ ᠤᠰᠤᠨ ᠠᠰᠢᠭᠯᠠᠯᠲᠠ ᠵᠢᠨ ᠦᠢᠯᠡᠰ᠎ᠤᠨ ᠰᠢᠨ᠎ᠡ ᠬᠥᠭᠵᠢᠯᠲᠡ᠎ᠲᠠᠢ ᠪᠣᠯᠬᠤ ᠵᠢ ᠲᠠᠰᠤᠷᠠᠯᠲᠠ ᠥᠬᠡᠶ ᠠᠬᠢᠭᠤᠯᠤᠨ᠎ᠠ ᠭᠡᠵᠦ ᠢᠯᠡᠷᠬᠡᠢ᠌ᠯᠡᠪᠡ᠃