ᠮᠠᠨ᠎ᠤ ᠠᠶ᠋ᠢᠮᠠᠭ᠎ᠤᠨ ᠦᠶᠡᠷ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠡᠯ᠎ᠡ ᠬᠣᠰᠢᠭᠤ ᠰᠢᠶᠠᠨ ᠬᠣᠲᠠ ᠵᠢᠨ ᠦᠶᠡᠷ᠎ᠢ ᠰᠡᠷᠭᠡᠶ᠋ᠢᠯᠡᠬᠦ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ᠂ ᠦᠶᠡᠷ᠎ᠤᠨ ᠬᠤᠭᠤᠴᠠᠭ᠋ᠠᠨ᠎ᠤ ᠤᠷᠢᠳᠴᠢᠯᠠᠨ ᠮᠡᠳᠡᠭᠡᠯᠡᠬᠦ ᠪᠠ ᠬᠢᠨᠠᠨ ᠬᠡᠮᠵᠢᠬᠦ ᠠᠵᠢᠯ᠎ᠢ ᠰᠠᠶ᠋ᠢᠲᠤᠷ ᠬᠢᠵᠦ᠂ ᠮᠠᠨ᠎ᠤ ᠠᠶ᠋ᠢᠮᠠᠭ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠥᠩᠭᠡᠷᠡᠭᠦᠯᠬᠦ ᠵᠢ ᠪᠠᠲᠤᠯᠠᠨ᠂ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠲᠤᠬᠠᠶ ᠵᠢᠨ ᠭᠠᠵᠠᠷ᠎ᠲᠤᠨᠢ ᠰᠤᠭᠤᠴᠢᠨ ᠪᠠᠶ᠋ᠢᠴᠠᠭ᠋ᠠᠬᠤ ᠪᠠ ᠤᠲᠠᠰᠤ᠎ᠪᠠᠷ ᠠᠵᠢᠯ᠎ᠤᠨ ᠪᠠᠶ᠋ᠢᠷᠢ ᠵᠢ ᠪᠠᠶ᠋ᠢᠴᠠᠭ᠋ᠠᠬᠤ᠎ᠪᠠᠷ ᠳᠡᠮᠵᠢᠨ᠂ ᠡᠯ᠎ᠡ ᠬᠣᠰᠢᠭᠤ ᠰᠢᠶᠠᠨ ᠬᠣᠲᠠ ᠵᠢᠨ ᠦᠶᠡᠷ᠎ᠢ ᠰᠡᠷᠭᠡᠶ᠋ᠢᠯᠡᠬᠦ ᠵᠢᠵᠢᠭᠦᠷ᠎ᠤᠨ ᠪᠠᠶ᠋ᠢᠳᠠᠯ᠎ᠳᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠯᠲᠠ ᠬᠢᠵᠦ᠂ ᠵᠢᠵᠢᠭᠦᠷᠯᠡᠭᠴᠢ ᠵᠢᠨ ᠠᠵᠢᠯ᠎ᠤᠨ ᠪᠠᠶ᠋ᠢᠷᠢ᠎ᠳᠤ ᠪᠠᠶ᠋ᠢᠬᠤ ᠪᠠᠶ᠋ᠢᠳᠠᠯ᠂ ᠵᠢᠵᠢᠭᠦᠷᠯᠡᠬᠦ ᠬᠤᠭᠤᠴᠠᠭ᠋ᠠᠨ᠎ᠳᠠᠬᠢ ᠠᠵᠢᠯ᠎ᠤᠨ ᠰᠠᠬᠢᠯᠭ᠎ᠠ ᠪᠠᠲᠤ ᠣᠪᠣᠷ ᠰᠤᠷᠲᠠᠯ ᠵᠡᠷᠭᠡ ᠪᠠᠶ᠋ᠢᠳᠠᠯ᠎ᠳᠤ ᠭᠣᠤᠯᠳᠠᠯᠭ᠎ᠠ᠎ᠲᠠᠢ ᠰᠤᠭᠤᠴᠢᠨ ᠪᠠᠶ᠋ᠢᠴᠠᠭ᠋ᠠᠯᠲᠠ ᠬᠢᠵᠦ᠂ ᠰᠤᠭᠤᠴᠢᠨ ᠪᠠᠶ᠋ᠢᠴᠠᠭ᠋ᠠᠬᠤ᠎ᠪᠠᠷ ᠳᠡᠮᠵᠢᠨ᠂ ᠡᠯ᠎ᠡ ᠭᠠᠵᠠᠷ᠎ᠤᠨ ᠵᠢᠵᠢᠭᠦᠷᠯᠡᠭᠴᠢ᠎ᠳᠤ ᠠᠵᠢᠯ᠎ᠤᠨ ᠪᠠᠶ᠋ᠢᠷᠢ ᠠᠴᠠ᠎ᠪᠠᠨ ᠰᠠᠯᠵᠤ ᠠᠵᠢᠯ᠎ᠤᠨ ᠪᠠᠶ᠋ᠢᠷᠢ ᠠᠴᠠ᠎ᠪᠠᠨ ᠭᠣᠭᠣᠵᠢᠭᠳᠠᠭᠰᠠᠨ ᠪᠠ ᠵᠢᠵᠢᠭᠦᠷᠯᠡᠬᠦ ᠬᠤᠭᠤᠴᠠᠭ᠋ᠠᠨ᠎ᠳᠠᠬᠢ ᠰᠠᠬᠢᠯᠭ᠎ᠠ ᠪᠠᠲᠤ ᠣᠪᠣᠷ ᠰᠤᠷᠲᠠᠯ ᠠᠴᠠ ᠵᠥᠷᠢᠴᠡᠭᠰᠡᠨ ᠪᠠᠶ᠋ᠢᠳᠠᠯ ᠡᠭᠦᠰᠦᠭᠰᠡᠨ ᠦᠭᠡᠢ ᠃
ᠪᠠᠶ᠋ᠢᠴᠠᠭ᠋ᠠᠬᠤ ᠶᠠᠪᠤᠴᠠ᠎ᠳᠤ᠂ ᠵᠣᠣ ᠯᠢ ᠪᠣᠯᠤᠨ ᠳᠡᠳ᠋ ᠲᠣᠪᠴᠢᠶᠠᠨ ᠳᠠᠷᠤᠭ᠎ᠠ ᠡᠯ᠎ᠡ ᠬᠣᠰᠢᠭᠤ ᠰᠢᠶᠠᠨ ᠬᠣᠲᠠ ᠵᠢᠨ ᠵᠢᠵᠢᠭᠦᠷᠯᠡᠭᠴᠢ᠎ᠳᠤ ᠪᠣᠳᠠᠲᠠᠶ ᠱᠠᠭ᠋ᠠᠷᠳᠠᠯᠭ᠎ᠠ ᠳᠤᠷᠠᠳᠪᠠ᠃ ᠨᠢᠭᠡ᠎ᠳᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠦᠶᠡᠷ᠎ᠢ ᠰᠡᠷᠭᠡᠶ᠋ᠢᠯᠡᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠦᠶᠡᠷ᠎ᠤᠨ ᠬᠤᠭᠤᠴᠠᠭ᠋ᠠᠨ᠎ᠤ ᠵᠢᠵᠢᠭᠦᠷᠯᠡᠬᠦ ᠠᠵᠢᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠦᠶᠡᠷ᠎ᠤᠨ ᠬᠤᠭᠤᠴᠠᠭ᠋ᠠᠨ᠎ᠤ ᠵᠢᠵᠢᠭᠦᠷᠯᠡᠬᠦ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠬᠦ ᠬᠡᠷᠡᠭᠲᠡᠢ; ᠬᠣᠶᠠᠷ᠎ᠲᠤ᠂ ᠵᠢᠵᠢᠭᠦᠷᠯᠡᠬᠦ ᠲᠦᠷᠢᠮ᠎ᠢ ᠴᠢᠩᠭ᠎ᠠ ᠵᠢᠷᠤᠮᠯᠠᠵᠤ᠂ ᠵᠢᠵᠢᠭᠦᠷᠯᠡᠬᠦ ᠰᠠᠬᠢᠯᠭ᠎ᠠ ᠪᠠᠲᠤ ᠵᠢ ᠴᠢᠩᠭ᠋ᠠᠳᠬᠠᠵᠤ᠂ 24 ᠴᠠᠭ ᠵᠶ᠋ᠠᠷ ᠵᠢᠵᠢᠭᠦᠷᠯᠡᠬᠦ ᠲᠦᠷᠢᠮ᠎ᠢ ᠴᠢᠩᠭ᠎ᠠ ᠬᠡᠷᠡᠭᠵᠢᠭᠦᠯᠵᠦ᠂ ᠳᠤᠷ᠎ᠠ᠎ᠪᠠᠷ ᠵᠶ᠋ᠠᠨ ᠠᠵᠢᠯ᠎ᠤᠨ ᠪᠠᠶ᠋ᠢᠷᠢ᠎ᠠᠴᠠ᠎ᠪᠠᠨ ᠰᠠᠯᠬᠤ ᠵᠢ ᠴᠢᠩᠭ᠎ᠠ ᠴᠠᠭ᠋ᠠᠵᠠᠯᠠᠵᠤ᠂ ᠠᠵᠢᠯ᠎ᠤᠨ ᠪᠠᠶ᠋ᠢᠷᠢ᠎ᠠᠴᠠ᠎ᠪᠠᠨ ᠰᠠᠯᠬᠤ᠂ ᠠᠵᠢᠯ᠎ᠤᠨ ᠪᠠᠶ᠋ᠢᠷᠢ᠎ᠠᠴᠠ᠎ᠪᠠᠨ ᠬᠣᠴᠣᠷᠬᠤ ᠬᠡᠷᠡᠭ ᠭᠠᠷᠬᠤ ᠵᠢ ᠡᠷᠡᠰ ᠬᠣᠷᠢᠭᠯᠠᠬᠤ ᠵᠢᠨ ᠬᠠᠮᠲᠤ ᠦᠶᠡᠷ᠎ᠢ ᠰᠡᠷᠭᠡᠶ᠋ᠢᠯᠡᠬᠦ ᠵᠢᠵᠢᠭᠦᠷ᠎ᠤᠨ ᠲᠡᠮᠳᠡᠭᠯᠡᠯ᠎ᠢ ᠵᠢᠷᠤᠮᠵᠢᠭᠤᠯᠬᠤ ᠬᠡᠷᠡᠭᠲᠡᠢ; ᠭᠤᠷᠪᠠ᠎ᠳᠤ᠂ ᠴᠢᠮᠡᠭᠡ ᠬᠣᠯᠪᠣᠭ᠎ᠠ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠵᠤ᠂ ᠴᠠᠭ ᠲᠤᠬᠠᠢᠳᠤᠨᠢ ᠠᠷᠭ᠋ᠠᠴᠠᠬᠤ ᠵᠢ ᠪᠠᠲᠤᠯᠠᠵᠤ᠂ ᠵᠢᠵᠢᠭᠦᠷᠯᠡᠭᠴᠢ ᠵᠢᠵᠢᠭᠦᠷᠯᠡᠬᠦ ᠬᠤᠭᠤᠴᠠᠭ᠋ᠠᠨ᠎ᠳᠠᠭᠠᠨ ᠴᠢᠮᠡᠭᠡ ᠬᠣᠯᠪᠣᠭ᠎ᠠ ᠵᠢᠨ ᠰᠠᠭ᠋ᠠᠳ ᠦᠭᠡᠢ ᠨᠡᠪᠲᠡᠷᠡᠬᠦ ᠵᠢ ᠡᠷᠬᠡᠪᠰᠢ ᠪᠠᠲᠤᠯᠠᠬᠤ ᠵᠢᠨ ᠬᠠᠮᠲᠤ ᠪᠣᠷᠣᠭ᠋ᠠᠨ᠎ᠤ ᠪᠠᠶ᠋ᠢᠳᠠᠯ᠂ ᠤᠰᠤᠨ᠎ᠤ ᠪᠠᠶ᠋ᠢᠳᠠᠯ᠂ ᠦᠶᠡᠷ᠎ᠤᠨ ᠪᠠᠶ᠋ᠢᠳᠠᠯ᠎ᠤᠨ ᠬᠤᠪᠢᠷᠠᠯᠲᠠ ᠵᠢ ᠨᠢᠭᠲᠠ ᠬᠢᠨᠠᠨ ᠠᠵᠢᠭᠯᠠᠵᠤ᠂ ᠮᠡᠳᠡᠭᠡ ᠵᠠᠩᠭᠢ ᠵᠢ ᠳᠡᠭᠡᠭᠰᠢ ᠳᠠᠮᠵᠢᠭᠤᠯᠬᠤ ᠪᠠ ᠭᠡᠨᠡᠳᠲᠡ ᠵᠢᠨ ᠬᠡᠷᠡᠭ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠢ ᠴᠠᠭ ᠲᠤᠬᠠᠢᠳᠤᠨᠢ ᠰᠠᠶ᠋ᠢᠲᠤᠷ ᠬᠢᠵᠦ᠂ ᠵᠠᠰᠠᠭ᠎ᠤᠨ ᠵᠠᠷᠯᠢᠭ᠎ᠢ ᠰᠠᠭ᠋ᠠᠳ ᠦᠭᠡᠢ ᠨᠡᠪᠲᠡᠷᠡᠭᠦᠯᠬᠦ ᠪᠠ ᠭᠡᠨᠡᠳᠲᠡ ᠵᠢᠨ ᠬᠡᠷᠡᠭ᠎ᠢ ᠴᠠᠭ ᠲᠤᠬᠠᠢᠳᠤᠨᠢ ᠰᠢᠢ᠍ᠳᠪᠦᠷᠢᠯᠡᠬᠦ ᠵᠢ ᠪᠠᠲᠤᠯᠠᠬᠤ ᠬᠡᠷᠡᠭᠲᠡᠢ᠃