ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠣᠤᠯ ᠠᠶ᠋ᠢᠮᠠᠭ ᠥᠪᠡᠷᠲᠡᠭᠡᠨ ᠵᠠᠰᠠᠬᠤ ᠣᠷᠣᠨ᠎ᠤ ᠴᠢᠬᠤᠯᠠ ᠭᠣᠤᠯ ᠨᠠᠭᠤᠷ ᠴᠥᠭᠥᠷᠥᠮ᠎ᠤᠨ ᠭᠣᠤᠯᠳᠠᠯᠭ᠎ᠠ᠎ᠲᠠᠢ ᠠᠵᠢᠯ᠎ᠤᠨ ᠡᠬᠡ ᠲᠠᠩᠰᠠ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2021-09-18

      ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠰᠠᠭᠤᠷᠢ ᠴᠢᠨᠠᠷᠲᠠᠢ ᠠᠵᠢᠯ᠎ᠢ   ᠤᠯᠠᠮ ᠨᠢᠭᠡ ᠠᠯᠬᠤᠮ ᠴᠢᠨᠠᠭᠰᠢᠳᠠ ᠪᠡᠬᠢᠵᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠪᠠᠶ᠋ᠢᠩᠭᠤᠵᠢᠭᠤᠯᠵᠤ᠂   ᠳᠦᠷᠢᠮᠵᠢᠭᠦᠯᠦᠨ ᠬᠠᠤᠯᠢᠵᠢᠬᠤ ᠵᠢ ᠠᠬᠢᠭᠤᠯᠬᠤ ᠵᠢᠨ ᠲᠥᠯᠥᠭᠡ᠂   ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠥᠯᠥᠪᠵᠢᠭᠦᠯᠭᠡ ᠪᠠ ᠪᠠᠶ᠋ᠢᠷᠢᠯᠠᠭᠤᠯᠤᠯᠲᠠ ᠶᠣᠰᠣᠭ᠋ᠠᠷ᠂ ᠮᠠᠨ᠎ᠤ ᠠᠶ᠋ᠢᠮᠠᠭ ᠤᠯᠭ᠋ᠠᠢ ᠭᠣᠣᠯ᠂ ᠰᠢᠯᠢ ᠵᠢᠨ ᠭᠣᠣᠯ᠂ ᠭᠤᠤᠭᠰᠤᠲᠠᠢ ᠭᠣᠣᠯ᠂ ᠯᠤᠸᠠᠨ ᠾᠧ ᠭᠣᠣᠯ ᠵᠡᠷᠭᠡ 4 ᠵᠤᠷᠪᠤᠰ ᠠᠶ᠋ᠢᠮᠠᠭ᠎ᠤᠨ ᠳᠡᠰ᠎ᠤᠨ ᠭᠣᠣᠯ ᠮᠥᠷᠡᠨ᠎ᠤ ᠰᠠᠪᠠ ᠭᠠᠵᠠᠷ᠎ᠤᠨ ᠭᠣᠣᠯᠳᠠᠯᠭ᠎ᠠ᠎ᠲᠠᠢ ᠠᠵᠢᠯ᠎ᠤᠨ ᠡᠬᠡ ᠳᠠᠩᠰᠠ ᠵᠢ ᠨᠠᠶ᠋ᠢᠷᠠᠭᠤᠯᠤᠨ ᠵᠣᠬᠢᠶᠠᠬᠤ ᠪᠠ ᠠᠩᠬ᠎ᠠ ᠬᠢᠨᠠᠬᠤ ᠠᠵᠢᠯ᠎ᠢ ᠪᠡᠶᠡᠯᠡᠭᠦᠯᠪᠡ᠃




      ᠴᠢᠬᠤᠯᠠ ᠪᠣᠯᠬᠤ ᠭᠣᠣᠯ ᠮᠥᠷᠡᠨ ᠨᠠᠭᠤᠷ ᠴᠥᠭᠥᠷᠥᠮ᠎ᠤᠨ ᠭᠣᠣᠯᠳᠠᠯᠭ᠎ᠠ᠎ᠲᠠᠢ ᠠᠵᠢᠯ᠎ᠤᠨ ᠡᠭᠡ ᠲᠠᠨᠭ᠌ᠰᠠ᠎ᠨᠢ ᠭᠣᠣᠯ ᠮᠥᠷᠡᠨ᠎ᠤ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠵᠤ ᠬᠠᠮᠢᠶᠠᠷᠤᠨ ᠬᠠᠮᠠᠭ᠋ᠠᠯᠠᠬᠤ᠎ᠪᠠᠷ ᠰᠠᠭᠤᠷᠢ ᠪᠣᠯᠭ᠋ᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠤᠨ 《ᠵᠢᠷᠭᠤᠭ᠋ᠠᠨ ᠶᠡᠬᠡ ᠡᠭᠦᠷᠭᠡ》 ᠵᠢᠨ ᠲᠣᠭᠣᠷᠢᠨ᠎ᠳᠤ᠂ 《ᠨᠢᠭᠡ ᠭᠣᠣᠯ ᠮᠥᠷᠡᠨ ᠨᠢᠭᠡ ᠪᠤᠳᠤᠯᠭ᠎ᠠ》 ᠵᠢᠨ ᠬᠠᠮᠢᠶᠠᠷᠤᠯᠲᠠ ᠬᠠᠮᠠᠭ᠋ᠠᠯᠠᠯᠲᠠ ᠵᠢᠨ ᠬᠡᠷᠡᠭᠵᠢᠭᠦᠯᠬᠦ ᠲᠥᠰᠦᠯ ᠶᠣᠰᠣᠭ᠋ᠠᠷ᠂ ᠰᠠᠪᠠ ᠭᠠᠵᠠᠷ᠎ᠤᠨ ᠳᠣᠲᠣᠷᠠᠬᠢ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠨᠠᠷ᠂ ᠤᠰᠤᠨ᠎ᠤ ᠬᠡᠮᠵᠢᠶ᠎ᠡ᠂ ᠤᠰᠤᠨ᠎ᠤ ᠣᠷᠴᠢᠨ ᠠᠬᠤᠶ ᠵᠢ ᠴᠡᠭᠴᠡᠯᠡᠨ ᠵᠠᠰᠠᠬᠤ ᠠᠵᠢᠯ᠎ᠢ ᠨᠢᠭᠡᠳᠦᠯᠲᠡᠶ ᠲᠥᠯᠥᠪᠵᠢᠭᠦᠯᠵᠦ᠂ ᠰᠠᠪᠠ ᠭᠠᠵᠠᠷ᠎ᠢ ᠶᠡᠷᠦᠩᠬᠡᠶ᠋ᠢᠯᠡᠨ ᠬᠠᠮᠢᠶᠠᠷᠤᠨ ᠬᠠᠮᠠᠭ᠋ᠠᠯᠠᠬᠤ ᠠᠵᠢᠯ᠎ᠤᠨ ᠭᠣᠣᠯ ᠡᠭᠦᠷᠭᠡ ᠪᠠ ᠣᠨ᠎ᠤ ᠠᠵᠢᠯ᠎ᠤᠨ ᠭᠣᠣᠯᠳᠠᠯᠭ᠎ᠠ᠎ᠲᠠᠢ ᠠᠵᠢᠯ᠎ᠢ ᠲᠣᠭᠲᠠᠭ᠋ᠠᠪᠠ᠃ ᠡᠭᠦᠨ᠎ᠤ ᠵᠡᠷᠭᠡ᠎ᠳᠤ᠂ ᠭᠣᠤᠯ᠎ᠤᠨ ᠳᠠᠷᠤᠭ᠎ᠠ ᠵᠢᠨ ᠳᠦᠷᠢᠮᠲᠦ ᠪᠦᠷᠢᠯᠳᠦᠬᠦᠨ   ᠨᠢᠭᠡᠴᠢ ᠵᠢᠨ ᠲᠤᠰᠢᠶᠠᠯ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ᠂ ᠰᠠᠪᠠ ᠭᠠᠵᠠᠷ᠎ᠢ ᠬᠠᠮᠢᠶᠠᠷᠤᠨ ᠬᠠᠮᠠᠭ᠋ᠠᠯᠠᠬᠤ ᠠᠵᠢᠯ᠎ᠤᠨ ᠳᠤᠮᠳᠠᠬᠢ ᠬᠢᠨᠠᠯᠲᠠ ᠲᠠᠯᠪᠢᠵᠤ ᠵᠢᠯᠣᠭᠣᠳᠬᠤ   ᠨᠢᠭᠡᠴᠢ᠎ᠳᠤ ᠲᠣᠳᠣᠷᠬᠠᠶ ᠲᠣᠭᠲᠠᠭ᠋ᠠᠯ ᠭᠠᠷᠭ᠋ᠠᠵᠤ᠂ ᠭᠠᠵᠠᠷ ᠳᠡᠭᠡᠷᠡᠬᠢ ᠪᠠ ᠭᠠᠵᠠᠷ ᠳᠣᠤᠷᠠᠬᠢ᠂ ᠡᠷᠭᠢ ᠳᠡᠭᠡᠷᠡᠬᠢ ᠪᠠ ᠤᠰᠤᠨ ᠳᠣᠲᠣᠷᠠᠬᠢ᠂ ᠬᠣᠲᠠ ᠪᠠ ᠬᠥᠳᠡᠭᠡ ᠲᠣᠰᠬᠣᠨ᠎ᠤ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠪᠡ᠃
      ᠲᠠᠷᠠᠭ᠋ᠠᠴᠢ ᠵᠢᠨ ᠠᠯᠬᠤᠮ᠎ᠳᠤ᠂ ᠠᠶ᠋ᠢᠮᠠᠭ᠎ᠤᠨ ᠭᠣᠤᠯ ᠮᠥᠷᠡᠨ᠎ᠤ ᠳᠠᠷᠤᠭ᠎ᠠ ᠵᠢᠨ ᠳᠦᠷᠢᠮᠲᠦ ᠠᠯᠪᠡᠠ ᠭᠡᠷ ᠳᠡᠭᠡᠳᠦ ᠱᠠᠲᠤᠨ᠎ᠤ ᠱᠠᠭ᠋ᠠᠷᠳᠠᠯᠭ᠎ᠠ ᠶᠣᠰᠣᠭ᠋ᠠᠷ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠵᠢᠯᠴᠠᠨ ᠭᠣᠤᠯ ᠪᠣᠯᠬᠤ ᠭᠣᠤᠯ ᠮᠥᠷᠡᠨ ᠨᠠᠭᠤᠷ ᠴᠥᠭᠥᠷᠥᠮ᠎ᠤᠨ ᠭᠣᠤᠯᠳᠠᠯᠭ᠎ᠠ᠎ᠲᠠᠢ ᠠᠵᠢᠯ᠎ᠤᠨ ᠡᠬᠡ ᠲᠠᠩᠰᠠ ᠵᠢᠨ ᠶᠣᠰᠣᠭ᠋ᠠᠷ ᠰᠠᠪᠠ ᠭᠠᠵᠠᠷ᠎ᠢ ᠶᠡᠷᠦᠩᠬᠡᠶ᠋ᠢᠯᠡᠨ ᠬᠠᠮᠢᠶᠠᠷᠴᠤ ᠬᠠᠮᠠᠭ᠋ᠠᠯᠠᠬᠤ ᠠᠵᠢᠯ᠎ᠢ ᠥᠷᠨᠢᠭᠦᠯᠵᠦ᠂ ᠪᠥᠬᠥ ᠠᠶ᠋ᠢᠮᠠᠭ᠎ᠤᠨ ᠭᠣᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠡᠷᠡᠭᠦᠯ ᠮᠡᠨᠳᠦ ᠵᠢ ᠦᠨᠡᠨ ᠬᠦ᠌ ᠰᠠᠶ᠋ᠢᠲᠤᠷ ᠬᠠᠮᠠᠭ᠋ᠠᠯᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠵᠣᠯ ᠵᠢᠷᠭ᠋ᠠᠯᠲᠤ ᠭᠣᠤᠯ ᠨᠠᠭᠤᠷ᠎ᠢ ᠪᠥᠲᠥᠭᠡᠨ ᠪᠠᠶ᠋ᠢᠭᠤᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠡᠯ᠎ᠡ ᠬᠣᠰᠢᠭᠤ ᠰᠢᠶᠠᠨ ᠬᠣᠲᠠ ᠵᠢᠨ ᠦᠶᠡᠷ᠎ᠢ ᠰᠡᠷᠭᠡᠶ᠋ᠢᠯᠡᠬᠦ ᠵᠢᠵᠢᠭᠦᠷ᠎ᠤᠨ ᠪᠠᠶ᠋ᠢᠳᠠᠯ᠎ᠳᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠯᠲᠠ ᠬᠢᠪᠠ
ᠦᠬᠠᠶ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ 《ᠲᠠ ᠬᠦᠴᠢᠷᠳᠡᠯ᠎ᠲᠠᠢ ᠪᠣᠯ ᠨᠠᠮ᠎ᠠ ᠵᠢ ᠡᠷᠢ᠂ ᠪᠢ ᠪᠣᠯ ᠨᠠᠮ᠎ᠤᠨ ᠭᠡᠰᠢᠭᠦᠨ᠂ ᠪᠢ ᠴᠢᠮ᠎ᠠ᠎ᠳᠤ ᠬᠠᠪᠰᠤᠷᠤᠨ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ ᠵᠢᠴᠢ ᠪᠥᠬᠥ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ
ᠪᠤᠭᠤᠲᠤ ᠬᠤᠳᠠ ᠵᠢᠨ ᠤᠰᠤᠨ᠎ᠤ ᠶᠠᠪᠤᠳᠠᠯ᠎ᠤᠨ  ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ(ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠪᠤᠭᠤᠲᠤ ᠬᠤᠳᠠ ᠵᠢᠨ ᠠᠷᠪᠠᠨ ᠭᠤᠷᠪᠠᠳᠤᠭ᠋ᠠᠷ  ᠤᠳᠠᠭ᠋ᠠᠨ᠎ᠤ ᠲᠥᠯᠦᠭᠡᠯᠡᠭᠴᠢᠳ ᠎ᠤᠨ ᠶᠡᠬᠡ ᠬᠤᠷᠠᠯ ᠎ᠤᠨ ᠵᠣᠷᠢᠭ ᠰᠠᠨᠠᠭ᠎ᠠ ᠵᠢ ᠲᠤᠰᠬᠠᠢ ᠰᠡᠳᠦᠪ ᠵᠶ᠋ᠡᠷ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠤᠯᠠᠭ᠋ᠠᠨᠬᠠᠳᠠ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠪᠠᠭ᠋ᠠᠷᠢᠨ ᠪᠠᠷᠠᠭᠤᠨ ᠬᠣᠰᠢᠭᠤᠨ᠎ᠤ 2021 ᠣᠨ᠎ᠤ ᠳᠤᠮᠳᠠ ᠵᠢᠵᠢᠭ ᠭᠣᠤᠯ ᠮᠥᠷᠡᠨ᠎ᠢ ᠵᠠᠰᠠᠬᠤ ᠢᠨᠵᠧᠨᠧᠷᠢᠩ᠎ᠢ ᠪᠠᠶ᠋ᠢᠴᠠᠭ᠋ᠠᠨ ᠵᠢᠯᠣᠭᠣᠳᠪᠠ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠤᠪᠴᠢᠶ᠎ᠡ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
 
            