ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ 《ᠲᠠ ᠬᠦᠴᠢᠷᠳᠡᠯ᠎ᠲᠠᠢ ᠪᠣᠯ ᠨᠠᠮ᠎ᠠ ᠵᠢ ᠡᠷᠢ᠂ ᠪᠢ ᠪᠣᠯ ᠨᠠᠮ᠎ᠤᠨ ᠭᠡᠰᠢᠭᠦᠨ᠂ ᠪᠢ ᠴᠢᠮ᠎ᠠ᠎ᠳᠤ ᠬᠠᠪᠰᠤᠷᠤᠨ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ ᠵᠢᠴᠢ ᠪᠥᠬᠥ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2021-09-26

    ᠬᠣᠲᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ᠂ 8 ᠰᠠᠷ᠎ᠠ ᠵᠢᠨ 24᠎ᠤ ᠡᠳᠦᠷ᠂ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠪᠥᠬᠥ ᠨᠠᠮ᠎ᠤᠨ ᠭᠡᠰᠢᠭᠦᠳ᠎ᠢ ᠵᠣᠬᠢᠶᠠᠨ ᠪᠠᠶ᠋ᠢᠭᠤᠯᠤᠨ ᠪᠦᠦ ᠯᠢᠶᠠᠨ ᠪᠠᠭ᠎ᠠ ᠲᠣᠭᠣᠷᠢᠭ᠎ᠲᠤ ᠭᠦᠨᠵᠡᠭᠡᠶ᠋ᠢᠷᠡᠨ 《ᠲᠠ ᠬᠦᠴᠢᠷᠳᠡᠯ᠎ᠲᠠᠢ ᠪᠣᠯ ᠨᠠᠮ᠎ᠠ ᠵᠢ ᠡᠷᠢ᠂ ᠪᠢ ᠪᠣᠯ ᠨᠠᠮ᠎ᠤᠨ ᠭᠡᠰᠢᠭᠦᠨ᠂ ᠪᠢ ᠴᠢᠮ᠎ᠠ᠎ᠳᠤ ᠬᠠᠪᠰᠤᠷᠤᠨ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ ᠵᠢᠴᠢ ᠪᠥᠬᠥ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ᠃
    ᠲᠤᠰ ᠤᠳᠠᠭ᠎ᠠ ᠵᠢᠨ ᠨᠠᠮ᠎ᠤᠨ ᠡᠳᠦᠷ᠎ᠤᠨ ᠠᠵᠢᠯᠯᠠᠭ᠎ᠠ᠎ᠨᠢ ᠤᠯᠤᠰ᠎ᠤᠨ ᠰᠦᠯᠳᠡ ᠳᠠᠭᠤᠤ ᠵᠢ ᠬᠥᠭᠵᠢᠮᠳᠡᠨ ᠳᠠᠭᠤᠯᠠᠬᠤ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠲᠠᠬᠢᠨ ᠡᠷᠭᠢᠴᠡᠭᠦᠯᠬᠦ᠂ ᠨᠠᠮ᠎ᠤᠨ ᠲᠦᠷᠢᠮ ᠨᠠᠮ᠎ᠤᠨ ᠲᠣᠭᠲᠠᠭ᠋ᠠᠯ᠎ᠢ ᠳᠠᠭ᠋ᠠᠭᠤᠯᠤᠨ ᠤᠩᠰᠢᠬᠤ᠂ ᠨᠠᠮ᠎ᠤᠨ ᠭᠡᠰᠢᠭᠦᠨ ᠰᠠᠨᠠᠭ᠋ᠠᠴᠢᠯᠠᠭ᠎ᠠ᠎ᠠᠴᠠ᠎ᠪᠠᠨ ᠨᠠᠮ᠎ᠤᠨ ᠰᠦᠢ᠍ᠳᠬᠡᠯ ᠲᠤᠰᠢᠶᠠᠬᠤ᠂ ᠲᠦᠷᠦ ᠵᠢᠨ ᠪᠤᠳᠤᠯᠭ᠎ᠠ ᠤᠨᠤᠯ᠎ᠤᠨ ᠰᠤᠷᠤᠯᠴᠠᠯᠭ᠎ᠠ ᠵᠡᠷᠭᠡ ᠲᠣᠭᠲᠠᠭᠰᠠᠨ ᠬᠥᠳᠡᠯᠭᠡᠭᠡᠨ ᠵᠶ᠋ᠠᠷ ᠲᠡᠰ ᠳᠠᠷᠠᠭ᠋ᠠᠯᠠᠨ ᠶᠠᠪᠤᠭᠳᠠᠵᠤ᠂ ᠬᠤᠷᠠᠯ ᠳᠡᠭᠡᠷ᠎ᠡ᠂ ᠪᠦᠬᠦ ᠨᠠᠮ᠎ᠤᠨ ᠭᠡᠰᠢᠭᠦᠳ᠎ᠲᠤ 8 ᠰᠠᠷ᠎ᠠ ᠵᠢᠨ 13᠎ᠤ ᠡᠳᠦᠷ᠎ᠤᠨ ᠪᠦᠬᠦ ᠣᠷᠣᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢᠨ ᠲᠤᠰᠬᠠᠢ ᠰᠡᠳᠦᠪᠲᠦ ᠲᠤᠬᠢᠷᠠᠭᠤᠯᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠪᠠ᠃
    ᠳᠠᠷᠠᠭ᠎ᠠ᠎ᠳᠤᠨᠢ᠂ ᠨᠠᠮ᠎ᠤᠨ ᠭᠡᠰᠢᠭᠦᠳ ᠦ᠋ ᠳ᠋ᠠ ᠵᠢᠨ ᠢ ᠵᠢᠩ ᠨᠡᠶ᠋ᠢᠭᠡᠮ ᠲᠣᠭᠣᠷᠢᠭ᠎ᠤᠨ ᠸᠧᠢ ᠪᠠᠩ ᠵᠢᠶᠠ ᠶᠤᠸᠠᠨ ᠪᠠᠭ᠎ᠠ ᠲᠣᠭᠣᠷᠢᠭ᠎ᠲᠤ ᠭᠦᠨᠵᠡᠭᠡᠶ᠋ᠢᠷᠡᠵᠦ᠂ 《ᠪᠢ ᠴᠢᠮ᠎ᠠ᠎ᠳᠤ ᠬᠠᠪᠰᠤᠷᠤᠨ᠎ᠠ》 ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠡᠢ᠃ ᠵᠢᠵᠢᠭ ᠲᠣᠭᠣᠷᠢᠭ᠎ᠤᠨ ᠪᠣᠳᠠ ᠮᠣᠳᠣ ᠪᠤᠵᠠᠷ ᠡᠪᠡᠰᠦ ᠵᠢ ᠴᠡᠪᠡᠷᠯᠡᠬᠦ᠎ᠪᠠᠷ ᠳᠠᠮᠵᠢᠭᠤᠯᠤᠨ᠂ ᠬᠣᠭ ᠨᠣᠪᠰᠢ ᠲᠡᠭᠦᠵᠦ᠂ ᠵᠢᠵᠢᠭ ᠲᠣᠭᠣᠷᠢᠭ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠭᠣᠶᠣᠯᠠᠵᠤ᠂ ᠵᠢᠵᠢᠭ ᠲᠣᠭᠣᠷᠢᠭ᠎ᠤᠨ ᠰᠠᠭᠤᠭ᠋ᠠᠯᠢ ᠠᠷᠠᠳ᠎ᠲᠤ ᠪᠣᠳᠠᠲᠤ ᠶᠠᠪᠤᠳᠠᠯ᠂ ᠰᠠᠶ᠋ᠢᠨ ᠶᠠᠪᠤᠳᠠᠯ ᠬᠢᠵᠦ ᠥᠭᠭᠦᠨ᠎ᠡ᠃ ᠡᠭᠦᠨ᠎ᠤ ᠬᠠᠮᠲᠤ᠂ ᠡᠨᠡ ᠵᠢᠯ᠎ᠤᠨ 《ᠪᠥᠬᠥ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ᠎ᠲᠠᠢ ᠤᠶᠠᠯᠳᠤᠭᠤᠯᠤᠨ᠂ ᠤᠰᠤᠨ᠎ᠤ ᠶᠠᠪᠤᠳᠠᠯ᠎ᠤᠨ ᠠᠵᠢᠯ ᠲᠥᠷᠥᠯ᠎ᠳᠤ ᠰᠠᠭᠤᠷᠢᠯᠠᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠰᠠᠭᠤᠭ᠋ᠠᠯᠢ ᠠᠷᠠᠳ᠎ᠲᠤ ᠤᠰᠤ ᠵᠢ ᠠᠷᠪᠢᠯᠠᠵᠤ ᠬᠡᠷᠡᠭᠯᠡᠬᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠵᠤ᠂ ᠣᠯᠠᠨ ᠲᠦᠮᠡᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ᠂ ᠪᠣᠬᠢᠷᠲᠤᠯ ᠥᠬᠡᠶ ᠬᠥᠭᠵᠢᠯᠲᠡ ᠵᠢᠨ ᠤᠬᠠᠮᠰᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃



   

ᠢᠷᠡᠯᠲᠡ᠄
          
ᠬᠠᠮᠢᠶ᠎ᠡ ᠪᠦᠬᠦᠢ ᠰᠣᠨᠢᠨ
ᠪᠤᠭᠤᠲᠤ ᠬᠤᠳᠠ ᠵᠢᠨ ᠤᠰᠤᠨ᠎ᠤ ᠶᠠᠪᠤᠳᠠᠯ᠎ᠤᠨ  ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ(ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠪᠤᠭᠤᠲᠤ ᠬᠤᠳᠠ ᠵᠢᠨ ᠠᠷᠪᠠᠨ ᠭᠤᠷᠪᠠᠳᠤᠭ᠋ᠠᠷ  ᠤᠳᠠᠭ᠋ᠠᠨ᠎ᠤ ᠲᠥᠯᠦᠭᠡᠯᠡᠭᠴᠢᠳ ᠎ᠤᠨ ᠶᠡᠬᠡ ᠬᠤᠷᠠᠯ ᠎ᠤᠨ ᠵᠣᠷᠢᠭ ᠰᠠᠨᠠᠭ᠎ᠠ ᠵᠢ ᠲᠤᠰᠬᠠᠢ ᠰᠡᠳᠦᠪ ᠵᠶ᠋ᠡᠷ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠤᠯᠠᠭ᠋ᠠᠨᠬᠠᠳᠠ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠪᠠᠭ᠋ᠠᠷᠢᠨ ᠪᠠᠷᠠᠭᠤᠨ ᠬᠣᠰᠢᠭᠤᠨ᠎ᠤ 2021 ᠣᠨ᠎ᠤ ᠳᠤᠮᠳᠠ ᠵᠢᠵᠢᠭ ᠭᠣᠤᠯ ᠮᠥᠷᠡᠨ᠎ᠢ ᠵᠠᠰᠠᠬᠤ ᠢᠨᠵᠧᠨᠧᠷᠢᠩ᠎ᠢ ᠪᠠᠶ᠋ᠢᠴᠠᠭ᠋ᠠᠨ ᠵᠢᠯᠣᠭᠣᠳᠪᠠ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠤᠪᠴᠢᠶ᠎ᠡ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠰᠢᠯᠢ ᠵᠢᠨ ᠭᠣᠤᠯ ᠠᠶ᠋ᠢᠮᠠᠭ 2021 ᠣᠨ᠎ᠤ ᠭᠣᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠥᠷᠨᠢᠭᠦᠯᠪᠡ
ᠦᠬᠠᠢ ᠬᠣᠲᠠ ᠵᠢᠨ ᠤᠰᠤᠨ᠎ᠤ ᠶᠠᠪᠤᠳᠠᠯ᠎ᠤᠨ ᠲᠤᠪᠴᠢᠶ᠎ᠡ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
 
            