ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠬᠠᠭᠤᠯᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2020-12-24

      12 ᠰᠠᠷ᠎ᠠ ᠵᠢᠨ 8᠎ᠤ ᠡᠳᠦᠷ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶᠠᠨ᠎ᠤ ᠶᠡᠷᠦᠩᠬᠡᠶ ᠨᠠᠶ᠋ᠢᠷᠠᠭᠤᠯᠤᠭᠴᠢ ᠰᠦᠨ ᠶᠠ ᠾᠤᠶ᠋ᠢ ᠨᠠᠷ ᠦᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠬᠦᠷᠴᠦ᠂ ᠰᠣᠨᠢᠨ᠎ᠤ ᠬᠣᠷᠢᠶᠠᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠰᠠᠨᠠᠯ ᠰᠠᠨᠠᠭᠤᠯᠭ᠎ᠠ   ᠬᠤᠷᠢᠶᠠᠬᠤ ᠵᠢᠨ ᠬᠠᠮᠲᠤ ᠤᠰᠤᠨ ᠠᠰᠢᠭᠯᠠᠯᠲᠠ ᠵᠢᠨ ᠰᠣᠨᠢᠨ ᠮᠡᠳᠡᠭᠡᠨ᠎ᠤ ᠤᠬᠠᠭᠤᠯᠭ᠎ᠠ ᠵᠢᠨ ᠠᠵᠢᠯ᠎ᠢ ᠬᠠᠮᠲᠤ᠎ᠪᠠᠷ ᠠᠬᠢᠭᠤᠯᠬᠤ᠂ 《ᠲᠠᠯ᠎ᠠ ᠨᠤᠲᠤᠭ᠎ᠤᠨ ᠡᠭᠦᠯᠡᠨ》 ᠬᠠᠮ ᠵᠢᠭᠤᠴᠢᠯᠠᠭᠤᠷ᠎ᠤᠨ ᠲᠠᠪᠴᠠᠩ ᠵᠡᠷᠭᠡ ᠬᠣᠯᠪᠣᠭᠳᠠᠯ ᠪᠥᠬᠥᠶ ᠠᠵᠢᠯ᠎ᠤᠨ ᠲᠣᠭᠣᠷᠢᠨ᠎ᠳᠤ ᠶᠠᠷᠢᠯᠴᠠᠬᠤ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠵᠥᠩ ᠦ᠋ ᠬᠤᠷᠠᠯ᠎ᠢ ᠡᠷᠭᠢᠯᠡᠪᠡ᠃

      ᠵᠤᠤ ᠵᠦᠩ ᠡᠦ ᠡᠩ ᠲᠡᠷᠢᠭᠦᠨ᠎ᠳᠤ ᠰᠦᠨ ᠶᠠ ᠾᠤᠶ᠋ᠢ ᠨᠠᠷ᠎ᠤᠨ ᠤᠰᠤᠨ ᠠᠰᠢᠭᠯᠠᠯᠲᠠ ᠵᠢᠨ ᠲᠢᠩᠬᠢᠮ᠎ᠳᠤ ᠢᠷᠡᠵᠦ ᠶᠠᠷᠢᠯᠴᠠᠬᠤ ᠵᠢ ᠪᠠᠶᠠᠷᠯᠠᠨ ᠤᠭᠲᠤᠵᠤ ᠪᠠᠶ᠋ᠢᠬᠤ᠎ᠪᠠᠨ   ᠢᠯᠡᠳᠬᠡᠬᠦ ᠵᠢᠨ ᠬᠠᠮᠲᠤ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠦᠭᠵᠢᠯᠲᠡ ᠎ᠳᠤ ᠦᠵᠡᠭᠦᠯᠦᠭᠰᠡᠨ ᠣᠷᠳᠣ ᠬᠤᠭᠤᠴᠠᠭ᠋ᠠᠨ᠎ᠤ ᠠᠩᠬᠠᠷᠤᠯ ᠪᠠ ᠬᠦᠴᠦᠲᠡᠶ ᠳᠡᠮᠵᠢᠯᠭᠡ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠥᠪᠥᠷ ᠮᠣᠩᠭᠣᠯ᠎ᠤᠨ ᠡᠳᠦᠷ᠎ᠤᠨ ᠰᠣᠨᠢᠨ ᠪᠣᠯ ᠮᠠᠨ᠎ᠤ ᠨᠠᠮ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠳᠤ ᠬᠠᠮᠤᠭ᠎ᠤᠨ ᠡᠷᠲᠡ ᠪᠠᠶ᠋ᠢᠭᠤᠯᠤᠭᠳᠠᠭᠰᠠᠨ ᠮᠤᠵᠢ ᠵᠢᠨ ᠱᠠᠲᠤᠨ᠎ᠤ ᠨᠠᠮ᠎ᠤᠨ ᠰᠣᠨᠢᠨ ᠪᠣᠯᠤᠨ᠎ᠠ᠃ ᠤᠢ᠌ᠷ᠎ᠠ ᠵᠢᠨ ᠵᠢᠯ᠎ᠤᠳ᠎ᠲᠤ᠂ ᠦᠪᠦᠷ ᠮᠤᠩᠭᠤᠯ᠎ᠤᠨ ᠡᠳᠦᠷ᠎ᠤᠨ ᠰᠣᠨᠢᠨ᠎ᠨᠢ ᠭᠦᠨᠵᠡᠭᠡᠢ᠂   ᠡᠷᠴᠢᠮᠳᠡᠢ ᠮᠡᠳᠡᠭᠡᠯᠡᠯ ᠵᠶ᠋ᠡᠷ ᠵᠶ᠋ᠡᠨ ᠳᠤᠮᠳᠠᠳᠤ ᠤᠯᠤᠰ᠎ᠤᠨ ᠦᠯᠢᠭᠡᠷ ᠪᠣᠯᠤᠨ ᠥᠪᠥᠷ ᠮᠣᠩᠭᠣᠯ᠎ᠤᠨ ᠦᠯᠢᠭᠡᠷ᠎ᠢ ᠰᠠᠶ᠋ᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠳᠤ ᠬᠦᠴᠦᠲᠡᠢ ᠦᠵᠡᠯ ᠰᠠᠨᠠᠭ᠋ᠠᠨ᠎ᠤ ᠪᠠᠲᠤᠯᠠᠭ᠎ᠠ ᠪᠣᠯᠤᠨ ᠶᠠᠷᠢᠶ᠎ᠠ ᠬᠡᠯᠡᠯᠴᠡᠭᠡᠨ᠎ᠤ ᠲᠤᠯᠭ᠋ᠠᠭᠤᠷᠢᠯᠠᠯ ᠬᠠᠩᠭ᠋ᠠᠵᠤ ᠢᠷᠡᠪᠡ᠃ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶᠠᠨ᠎ᠤ ᠤᠳᠤᠷᠢᠳᠤᠯᠭ᠎ᠠ᠎ᠠᠴᠠ ᠲᠤᠭᠤᠢ᠌ᠯᠠᠩ ᠳᠠᠭ᠋ᠠᠭᠤᠯᠤᠨ ᠤᠰᠤᠨ ᠠᠰᠢᠭᠯᠠᠯᠲᠠ ᠵᠢᠨ ᠲᠢᠩᠬᠢᠮ᠎ᠳᠤ ᠢᠷᠡᠵᠦ ᠶᠠᠷᠢᠯᠴᠠᠬᠤ ᠬᠤᠷᠠᠯ ᠬᠢᠵᠦ ᠪᠠᠢ᠌ᠭ᠎ᠠ᠎ᠨᠢ ᠰᠠᠨᠠᠯ ᠵᠶ᠋ᠠᠨ ᠰᠣᠯᠢᠯᠴᠠᠬᠤ ᠲᠡᠳᠦᠢ ᠦᠭᠡᠶ᠂   ᠨᠡᠩ ᠴᠦ᠍ ᠲᠤᠷᠰᠢᠯᠭ᠎ᠠ ᠤᠯᠠᠮᠵᠢᠯᠠᠵᠤ ᠵᠠᠮ ᠵᠢᠭ᠋ᠠᠵᠤ ᠦᠭᠴᠦ ᠪᠠᠢ᠌ᠭ᠎ᠠ   ᠤᠴᠢᠷ ᠶᠤᠮ᠂ ᠡᠨᠡ᠎ᠨᠢ ᠤᠰᠤᠨ ᠠᠰᠢᠭᠯᠠᠯᠲᠠ ᠵᠢᠨ ᠺᠠᠳ᠋ᠷ᠎ᠤᠨ ᠦᠵᠡᠯ ᠰᠠᠨᠠᠭ᠎ᠠ᠎ᠪᠠᠨ ᠴᠢᠯᠥᠭᠡᠯᠡᠬᠦ᠂ ᠰᠣᠨᠢᠨ ᠮᠡᠳᠡᠭᠡᠨ᠎ᠤ ᠤᠬᠠᠭᠤᠯᠭ ᠎ᠠ ᠵᠢᠨ ᠠᠵᠢᠯ᠎ᠤᠨ ᠰᠢᠨ᠎ᠡ ᠪᠠᠶ᠋ᠢᠳᠠᠯ ᠰᠢᠨ᠎ᠡ ᠡᠭᠦᠷᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠬᠤ᠂ ᠤᠰᠤ ᠵᠢ ᠵᠠᠰᠠᠵᠤ ᠤᠰᠤ ᠵᠢ ᠮᠠᠨᠳᠤᠭᠤᠯᠬᠤ ᠤᠬᠠᠭᠤᠯᠭ᠎ᠠ ᠵᠢ ᠤᠯᠠᠮ ᠨᠢᠭᠡ ᠠᠯᠬᠤᠮ ᠰᠠᠶ᠋ᠢᠲᠤᠷ ᠠᠳᠬᠤᠬᠤ᠎ᠳᠤ ᠴᠢᠬᠤᠯᠠ ᠠᠬᠢᠭᠤᠯᠬᠤ ᠠᠴᠢ ᠬᠣᠯᠪᠣᠭᠳᠠᠯ᠎ᠲᠠᠢ ᠶᠤᠮ᠃

      ᠬᠤᠷᠠᠯ ᠳᠡᠭᠡᠷ᠎ᠡ᠂ ᠤᠰᠤᠨ ᠠᠰᠢᠭᠯᠠᠯᠲᠠ ᠵᠢᠨ ᠲᠢᠩᠬᠢᠮ᠎ᠤᠨ ᠰᠣᠨᠢᠨ ᠮᠡᠳᠡᠭᠡ ᠤᠬᠠᠭᠤᠯᠭ᠎ᠠ ᠵᠢᠨ ᠬᠠᠷᠢᠭᠤᠴᠠᠯᠭ᠋ᠠᠲᠠᠨ   ᠨᠦᠬᠦᠷ᠎ᠠᠴᠠ ᠤᠰᠤᠨ ᠠᠰᠢᠭᠯᠠᠯᠲᠠ ᠵᠢᠨ ᠲᠢᠩᠬᠢᠮ᠎ᠤᠨ ᠰᠣᠨᠢᠨ ᠮᠡᠳᠡᠭᠡ ᠤᠬᠠᠭᠤᠯᠭ᠎ᠠ ᠵᠢᠨ ᠭᠣᠤᠯᠳᠠᠯᠭ᠎ᠠ᠎ᠲᠠᠢ ᠠᠵᠢᠯ ᠪᠠ ᠥᠪᠥᠷ ᠮᠣᠩᠭᠣᠯ᠎ᠤᠨ ᠡᠳᠦᠷ ᠎ᠤᠨ ᠰᠣᠨᠢᠨ᠎ᠤ ᠬᠣᠷᠢᠶ᠎ᠠ᠎ᠯᠤᠭ᠎ᠠ ᠵᠢᠨ   ᠬᠠᠮᠳᠣᠷᠠᠯᠴᠠᠭ᠋ᠠᠨ᠎ᠤ ᠪᠠᠶ᠋ᠢᠳᠠᠯ᠎ᠢ ᠲᠠᠨᠢᠯᠴᠠᠭᠤᠯᠵᠤ᠂ ᠬᠣᠯᠪᠣᠭᠳᠠᠯ ᠪᠥᠬᠥᠶ ᠰᠠᠨᠠᠯ ᠰᠠᠨᠠᠭᠤᠯᠭ᠎ᠠ ᠳᠤᠷᠠᠳᠪᠠ᠃ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠳᠡᠳ᠋ ᠶᠡᠷᠦᠩᠬᠡᠶ ᠨᠠᠶ᠋ᠢᠷᠠᠭᠤᠯᠤᠭᠴᠢ ᠪᠠᠶ ᠴᠦᠨ᠂   ᠠᠯᠪᠠᠨ ᠭᠡᠷ᠎ᠤᠨ ᠡᠷᠬᠢᠯᠡᠭᠴᠢ ᠯᠢᠦ   ᠵᠢᠶᠦ᠋ᠨ᠂ ᠬᠢᠲᠠᠳ ᠰᠣᠨᠢᠨ᠎ᠤ ᠲᠠᠷᠢᠶᠠᠯᠠᠩ ᠮᠠᠯ ᠠᠵᠤ ᠠᠬᠤᠶ ᠰᠣᠨᠢᠨ ᠮᠡᠳᠡᠭᠡᠨ᠎ᠤ ᠬᠡᠯᠲᠡᠰ᠎ᠤᠨ ᠡᠷᠬᠢᠯᠡᠭᠴᠢ ᠭᠤᠤ ᠰᠢᠤᠸᠠᠢ ᠴᠢᠨ᠂ ᠬᠠᠮ   ᠵᠢᠭᠤᠴᠢᠯᠠᠭᠤᠷ᠎ᠤᠨ ᠡᠵᠡᠩᠨᠡᠯᠲᠡ ᠵᠢᠨ ᠲᠥᠪ᠎ᠤᠨ ᠡᠷᠬᠢᠯᠡᠭᠴᠢ ᠰᠢᠶᠠ ᠬᠣᠩ ᠨᠠᠷ ᠲᠣᠰ ᠲᠣᠰ ᠤᠬᠠᠭᠤᠯᠤᠨ ᠮᠡᠳᠡᠭᠡᠯᠡᠬᠦ ᠬᠠᠷᠠᠭ᠋ᠠᠰᠤ ᠪᠠ ᠠᠭᠤᠯᠭ᠎ᠠ᠂ 《ᠲᠠᠯ᠎ᠠ ᠨᠤᠲᠤᠭ᠎ᠤᠨ ᠡᠭᠦᠯᠡ》 ᠬᠠᠮ ᠵᠢᠭᠤᠴᠢᠯᠠᠭᠤᠷ᠎ᠤᠨ ᠲᠠᠪᠴᠠᠩ᠎ᠤᠨ ᠪᠠᠶ᠋ᠢᠭᠤᠯᠤᠯᠲᠠ᠂ ᠣᠶ᠋ᠢᠷ᠎ᠠ ᠵᠢᠨ   ᠵᠢᠯ᠎ᠤᠨ ᠤᠰᠤᠨ ᠠᠰᠢᠭᠯᠠᠯᠲᠠ ᠵᠢᠨ ᠤᠬᠠᠭᠤᠯᠤᠨ ᠮᠡᠳᠡᠭᠡᠯᠡᠬᠦ ᠵᠡᠷᠭᠡ ᠠᠭᠤᠯᠭ᠎ᠠ ᠵᠢᠨ ᠲᠣᠭᠣᠷᠢᠨ᠎ᠳᠤ ᠲᠠᠨᠢᠯᠴᠠᠭᠤᠯᠭ᠎ᠠ ᠬᠢᠪᠠ᠃ ᠬᠣᠶᠠᠷ ᠲᠠᠯ᠎ᠠ᠎ᠪᠠᠷ ᠵᠶ᠋ᠠᠨ ᠪᠠᠰᠠ ᠬᠣᠯᠪᠣᠭᠳᠠᠯ ᠪᠦᠬᠦᠢ ᠠᠵᠢᠯ᠎ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃
      ᠰᠦᠨ ᠶᠠ ᠾᠤᠶ᠋ᠢ ᠵᠢᠭ᠋ᠠᠵᠤ ᠭᠠᠷᠭ᠋ᠠᠭᠰᠠᠨ᠎ᠨᠢ᠂   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ   ᠲᠤᠰᠬᠠᠶ᠋ᠢᠯᠠᠨ ᠢᠷᠡᠵᠦ ᠶᠠᠷᠢᠯᠴᠠᠬᠤ ᠬᠤᠷᠠᠯ ᠬᠢᠵᠦ ᠪᠠᠢ᠌ᠭ᠎ᠠ᠎ᠨᠢ᠂ ᠨᠢᠭᠡ ᠲᠠᠯ᠎ᠠ᠎ᠪᠠᠷ ᠰᠣᠨᠢᠨ᠎ᠤ ᠬᠣᠷᠢᠶᠠᠨ᠎ᠤ ᠠᠵᠢᠯ᠎ᠤᠨ ᠲᠤᠬᠠᠶ ᠰᠠᠨᠠᠯ ᠰᠠᠨᠠᠭᠤᠯᠭ᠎ᠠ ᠵᠢ ᠢᠳᠡᠪᠬᠢᠲᠡᠢ ᠰᠣᠨᠣᠰᠴᠤ᠂ ᠨᠥᠭᠥᠭᠡ ᠲᠠᠯ᠎ᠠ᠎ᠪᠠᠷ ᠠᠵᠢᠯ᠎ᠤᠨ ᠵᠣᠯᠭ᠋ᠠᠯᠴᠠᠭ᠎ᠠ ᠵᠢ ᠴᠢᠩᠭ᠋ᠠᠳᠬᠠᠨ᠂ ᠤᠰᠤᠨ ᠠᠰᠢᠭᠯᠠᠯᠲᠠ ᠵᠢᠨ ᠭᠣᠤᠯᠳᠠᠯᠭ᠎ᠠ᠎ᠲᠠᠢ ᠠᠵᠢᠯ᠎ᠤᠨ ᠤᠬᠠᠭᠤᠯᠭ᠎ᠠ ᠵᠢᠨ ᠴᠢᠭᠯᠡᠯ᠎ᠢ ᠲᠣᠳᠣᠷᠬᠠᠢ᠌ᠯᠠᠬᠤ ᠵᠢᠨ ᠬᠠᠮᠲᠤ᠂ 《ᠲᠠᠯ᠎ᠠ ᠨᠤᠲᠤᠭ᠎ᠤᠨ ᠡᠭᠦᠯᠡ》 ᠬᠠᠮ ᠵᠢᠭᠤᠴᠢᠯᠠᠭᠤᠷ᠎ᠤᠨ ᠲᠠᠪᠴᠠᠩ᠎ᠤᠨ ᠪᠠᠢ᠌ᠭᠤᠯᠤᠯᠲᠠ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ᠂ ᠠᠭᠤᠯᠭ᠎ᠠ ᠵᠢᠨ ᠦᠢ᠍ᠯᠡᠳᠪᠦᠷᠢᠯᠡᠯ᠂ ᠰᠢᠨ᠎ᠡ ᠵᠢᠭᠤᠴᠢᠯᠠᠭᠤᠷ᠎ᠢ ᠤᠯᠠᠮᠵᠢᠯᠠᠨ ᠲᠠᠷᠬᠠᠭ᠋ᠠᠬᠤ ᠵᠡᠷᠭᠡ ᠠᠵᠢᠯ᠎ᠢ ᠵᠣᠯᠭ᠋ᠠᠭᠤᠯᠬᠤ ᠵᠢᠨ ᠲᠦᠯᠦᠭᠡ ᠶᠤᠮ᠃ ᠤᠢ᠍ᠢ᠍ᠷ᠎ᠠ ᠵᠢᠨ ᠵᠢᠯ  ᠎ᠳᠤ᠂ ᠥᠪᠥᠷ ᠮᠣᠩᠭᠣᠯ᠎ᠤᠨ ᠡᠳᠦᠷ᠎ᠤᠨ ᠰᠣᠨᠢᠨ ᠪᠣᠯᠤᠨ ᠥᠪᠡᠷᠲᠡᠭᠡᠨ ᠵᠠᠰᠠᠬᠤ ᠣᠷᠣᠨ᠎ᠤ   ᠤᠰᠤᠨ ᠠᠰᠢᠭᠯᠠᠯᠲᠠ ᠵᠢᠨ ᠲᠢᠩᠬᠢᠮ᠎ᠨᠢ ᠪᠦᠬᠦ ᠣᠷᠣᠨ᠎ᠤ ᠤᠰᠤᠨ ᠠᠰᠢᠭᠯᠠᠯᠲᠠ ᠵᠢᠨ ᠤᠬᠠᠭᠤᠯᠭ᠎ᠠ ᠵᠢᠨ ᠠᠵᠢᠯ᠎ᠤᠨ ᠲᠣᠭᠣᠷᠢᠨ᠎ᠳᠤ ᠮᠠᠰᠢ ᠰᠠᠢ᠍ᠢ᠍ᠨ ᠬᠠᠮᠲᠤᠷᠠᠯᠴᠠᠭ᠋ᠠᠨ᠎ᠤ ᠰᠠᠭᠤᠷᠢ᠎ᠲᠠᠢ ᠶᠤᠮ᠃ ᠬᠣᠶ᠋ᠢᠰᠢᠳᠠ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ᠎ᠨᠢ ᠲᠠᠪᠴᠠᠩ ᠪᠠ ᠡᠬᠢ ᠪᠠᠶᠠᠯᠢᠭ ᠵᠡᠷᠭᠡ ᠳᠠᠪᠠᠭᠤᠯᠢᠭ ᠵᠶ᠋ᠠᠨ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠥ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ᠎ᠳᠤ ᠳᠡᠮᠵᠢᠯᠭᠡ ᠬᠠᠩᠭ᠋ᠠᠨ᠎ᠠ᠃ ᠰᠦᠨ ᠶᠠ ᠾᠤᠶ᠋ᠢ ᠪᠠᠰᠠ ᠬᠤᠷᠠᠯ ᠳᠡᠭᠡᠷ᠎ᠡ ᠳᠤᠷᠠᠳᠤᠭᠰᠠᠨ ᠰᠠᠨᠠᠯ ᠰᠠᠨᠠᠭᠤᠯᠭ᠎ᠠ᠎ᠳᠤ ᠲᠤᠰ ᠲᠤᠰ ᠬᠠᠷᠢᠭᠤᠯᠲᠠ ᠥᠭᠪᠡ᠃

      ᠵᠤᠤ ᠵᠦᠩ ᠦ᠋ ᠴᠢᠬᠤᠯᠠᠴᠢᠯᠠᠭᠰᠠᠨ᠎ᠨᠢ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠤᠰᠤᠨ   ᠠᠰᠢᠭᠯᠠᠯᠲᠠ ᠵᠢᠨ ᠲᠢᠩᠬᠢᠮ᠎ᠳᠤ ᠢᠷᠡᠵᠦ ᠶᠠᠷᠢᠯᠴᠠᠬᠤ ᠬᠤᠷᠠᠯ ᠬᠢᠵᠦ ᠪᠠᠢ᠌ᠭ᠎ᠠ᠎ᠨᠢ ᠤᠰᠤᠨ ᠠᠰᠢᠭᠯᠠᠯᠲᠠ ᠵᠢᠨ ᠤᠬᠠᠭᠤᠯᠭ᠎ᠠ ᠵᠢᠨ ᠠᠵᠢᠯ ᠎ᠢ ᠴᠢᠩᠭ᠋ᠠᠳᠬᠠᠨ ᠰᠠᠶ᠋ᠢᠵᠢᠷᠠᠭᠤᠯᠬᠤ ᠴᠢᠬᠤᠯᠠ ᠶᠡᠬᠡ ᠠᠵᠠ ᠲᠣᠬᠢᠶᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠨᠡᠨᠬᠦ   ᠴᠢᠩᠭ᠋ᠠᠳᠬᠠᠵᠤ᠂ ᠭᠣᠤᠯᠳᠠᠯᠭ᠎ᠠ᠎ᠲᠠᠢ ᠴᠢᠭᠯᠡᠯ ᠪᠠ ᠭᠣᠤᠯᠳᠠᠯᠭ᠎ᠠ᠎ᠲᠠᠢ ᠠᠵᠢᠯ ᠵᠶ᠋ᠠᠨ ᠤᠯᠠᠮ ᠨᠢᠭᠡ ᠠᠯᠬᠤᠮ ᠲᠣᠳᠣᠷᠬᠠᠢ᠌ᠯᠠᠢ᠌ᠨ᠎ᠠ; ᠬᠤᠷᠠᠯ᠎ᠳᠤ ᠪᠦᠷᠢᠯᠳᠦᠭᠰᠡᠨ ᠬᠠᠮᠲᠤ ᠵᠢᠨ ᠲᠠᠨᠢᠯᠲᠠ ᠵᠢ ᠡᠯ᠎ᠡ ᠵᠦᠢ᠍ᠯ᠎ᠤᠨ ᠪᠣᠳᠠᠲᠠᠶ ᠠᠵᠢᠯ᠎ᠤᠨ   ᠳᠤᠮᠳᠠ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠢᠯᠠᠩᠭᠤᠶ᠎ᠠ ᠠᠵᠢᠯ ᠦᠢ᠍ᠯᠡᠰ᠎ᠤᠨ ᠨᠢᠭᠡᠴᠡ ᠵᠢᠨ ᠥᠭᠡᠷᠡᠴᠢᠯᠡᠯᠲᠡ᠎ᠲᠠᠢ ᠤᠶᠠᠯᠳᠤᠭᠤᠯᠤᠨ᠂ ᠡᠩᠨᠡᠭᠡ᠎ᠪᠠᠨ   ᠬᠦᠴᠦᠷᠬᠡᠭᠵᠢᠬᠦᠯᠵᠦ᠂ ᠬᠣᠯᠪᠣᠭᠳᠠᠯ ᠪᠦᠬᠦᠢ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ   ᠠᠳᠬᠤᠨ᠎ᠠ᠃ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ  ᠎ᠨᠢ ᠪᠥᠬᠥ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢ ᠨᠠᠩ ᠠᠩᠬᠠᠷᠴᠤ᠂ ᠪᠥᠬᠥ ᠣᠷᠣᠨ᠎ᠤ ᠤᠰᠤᠨ ᠠᠰᠢᠭᠯᠠᠯᠲᠠ ᠵᠢᠨ ᠤᠬᠠᠭᠤᠯᠭ᠎ᠠ ᠵᠢᠨ ᠠᠵᠢᠯ᠎ᠢ ᠦᠷᠭᠦᠯᠵᠢᠯᠡᠨ ᠶᠡᠬᠡᠪᠡᠷ ᠳᠡᠮᠵᠢᠬᠦ ᠵᠢ ᠬᠦᠰᠡᠵᠦ ᠪᠠᠶ᠋ᠢᠨ᠎ᠠ᠃
      ᠲᠢᠩᠬᠢᠮ᠎ᠤᠨ ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠭᠠᠵᠠᠷ᠂ ᠡᠳ᠋ ᠮᠥᠩᠭᠥ ᠪᠣᠳᠣᠬᠤ ᠭᠠᠵᠠᠷ᠂ ᠪᠦᠲᠦᠭᠡᠨ ᠪᠠᠢ᠌ᠭᠤᠯᠤᠯᠲᠠ ᠵᠢᠨ ᠭᠠᠵᠠᠷ᠂ ᠤᠰᠤᠨ ᠬᠠᠮᠠᠭ᠋ᠠᠯᠠᠯᠲᠠ ᠵᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠵᠢᠨ ᠭᠠᠵᠠᠷ᠂ ᠤᠰᠤᠨ᠎ᠤ ᠡᠬᠢ ᠪᠠᠶᠠᠯᠢᠭ᠎ᠤᠨ ᠭᠠᠵᠠᠷ᠂ ᠲᠡᠭᠡᠭᠡᠪᠦᠷᠢ ᠵᠢᠨ ᠬᠠᠮᠢᠶᠠᠷᠤᠯᠲᠠ ᠵᠢᠨ ᠭᠠᠵᠠᠷ᠂ ᠤᠰᠤᠨ᠎ᠤ ᠶᠠᠪᠤᠳᠠᠯ᠎ᠤᠨ ᠭᠠᠵᠠᠷ᠂ ᠭᠣᠤᠯ ᠮᠥᠷᠡᠨ ᠨᠠᠭᠤᠷ ᠴᠥᠭᠥᠷᠥᠮ᠎ᠤᠨ ᠭᠠᠵᠠᠷ ᠪᠠ ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ   ᠦᠢ᠍ᠯᠡᠴᠢᠯᠡᠭᠡᠨ᠎ᠤ ᠲᠥᠪ᠎ᠤᠨ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃  









ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠲᠤᠭᠤᠢ᠌ᠯᠠᠩ᠎ᠤᠨ ᠨᠠᠮ᠎ᠤᠨ ᠡᠭᠦᠷ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠲᠦᠷᠦᠭᠦᠯᠡᠨ ᠵᠤᠬᠢᠶᠠᠨ ᠪᠠᠶ᠋ᠢᠭᠤᠯᠵᠤ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠵᠣᠣ ᠵᠥᠩ ᠦ᠋ ᠲᠤᠭᠤᠢ᠌ᠯᠠᠩ ᠲᠠᠭ᠋ᠠᠭᠤᠯᠤᠨ ᠬᠥᠬᠡᠬᠣᠲᠠ ᠪᠤᠭᠤᠲᠤ ᠣᠷᠳᠣᠰ ᠭᠤᠷᠪᠠᠨ ᠭᠠᠵᠠᠷ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠪᠠᠢ᠌ᠴᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠣᠷᠣᠯᠴᠠᠬᠤ ᠭᠣᠤᠯ ᠳᠤᠭᠤᠶ᠋ᠢᠯᠠᠩ (ᠥᠷᠭᠡᠳᠬᠡᠭᠰᠡᠨ)᠎ᠤᠨ ᠰᠣᠷᠣᠯᠴᠠᠯᠠᠭ᠎ᠠ ᠵᠢᠨ ᠬᠤᠷᠠᠯ ᠬᠤᠷᠠᠯᠳᠤᠭᠤᠯᠪᠠ
ᠬᠢᠨᠠᠨ ᠬᠠᠮᠢᠶᠠᠷᠤᠯᠳᠠ ᠵᠢ ᠴᠢᠩᠭ᠋ᠠᠳᠬᠠᠨ ᠠᠶᠤᠯ ᠲᠦᠭᠰᠢᠭᠦᠷᠢ ᠵᠢ ᠰᠡᠷᠭᠡᠶ᠋ᠢᠯᠡᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠬᠦᠢ ᠵᠢᠨ ᠰᠠᠭᠤᠷᠢ ᠵᠢ ᠪᠡᠬᠢᠵᠢᠭᠦᠯᠦᠨ᠎ᠡ
ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠳᠦ ᠰᠠᠬᠢᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ
 
            