ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ ᠠ ᠵᠢ ᠭᠦᠨᠵᠡᠭᠡᠶ ᠰᠤᠷᠤᠯᠴᠠᠨ ᠤᠬᠠᠭᠤᠯᠬᠤ ᠵᠢᠨ ᠲᠥᠯᠥᠭᠡ᠂ 12 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨ᠎ᠡ᠂ ᠤᠰᠤᠨ ᠠᠰᠢᠭᠯᠠᠯᠲᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠨᠠᠮ᠎ᠤᠨ ᠡᠭᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠬᠠᠮᠠᠭ᠋ᠠᠯᠠᠯᠲᠠ ᠵᠢᠨ ᠭᠠᠵᠠᠷ᠎ᠤᠨ ᠨᠠᠮ᠎ᠤᠨ ᠡᠭᠦᠷ᠂ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠥᠷᠲᠡᠭᠡᠨ᠎ᠤ ᠨᠠᠮ᠎ᠤᠨ ᠡᠭᠦᠷ ᠨᠢ ᠪᠥᠬᠥ ᠨᠠᠮ᠎ᠤᠨ ᠭᠡᠰᠢᠭᠦᠳ ᠵᠶ᠋ᠡᠨ ᠵᠣᠬᠢᠶᠠᠨ ᠪᠠᠢ᠌ᠭᠤᠯᠵᠤ᠂ ᠰᠠᠶ᠋ᠢᠬᠠᠨ ᠲᠣᠭᠣᠷᠢᠭ᠎ᠤᠨ ᠢᠦᠶ ᠯᠢᠨ ᠪᠠᠯᠭ᠋ᠠᠰᠤᠨ᠎ᠳᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠵᠦ᠂ ᠤᠰᠤᠨ ᠬᠠᠮᠠᠭ᠋ᠠᠯᠠᠯᠲᠠ ᠵᠢᠨ ᠭᠠᠵᠠᠷ᠎ᠤᠨ ᠬᠠᠷᠢᠭᠤᠴᠠᠯᠭ᠋ᠠᠲᠠᠨ ᠤᠷᠢᠯᠭ᠎ᠠ᠎ᠪᠠᠷ ᠠᠵᠢᠯᠯᠠᠭ᠎ᠠ᠎ᠳᠤ ᠣᠷᠣᠯᠴᠠᠪᠠ᠃



ᠣᠯᠠᠨ ᠵᠶ᠋ᠠᠷ ᠵᠶ᠋ᠠᠨ ᠰᠠᠶ᠋ᠢᠬᠠᠨ ᠲᠣᠭᠣᠷᠢᠭ᠎ᠤᠨ ᠮᠠ ᠴᠢ ᠱᠠᠨ ᠠᠭᠤᠯᠠᠨ᠎ᠤ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ ᠲᠤ ᠭᠦᠨᠵᠡᠭᠡᠶ᠋ᠢᠷᠡᠵᠦ᠂ ᠬᠥᠷᠥᠰᠥ ᠰᠢᠷᠣᠶ ᠵᠢ ᠬᠠᠮᠠᠭ᠋ᠠᠯᠠᠵᠤ ᠪᠠᠢ᠌ᠭ᠎ᠠ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠲᠤᠬᠠᠶ ᠵᠢᠨ ᠭᠠᠵᠠᠷ᠎ᠲᠤᠨᠢ ᠲᠣᠭᠣᠷᠢᠨ ᠦᠵᠡᠬᠦ ᠵᠢᠨ ᠬᠠᠮᠲᠤ᠂ ᠲᠤᠬᠠᠶ ᠵᠢᠨ ᠭᠠᠵᠠᠷ᠎ᠤᠨ ᠬᠠᠷᠢᠭᠤᠴᠠᠯᠭ᠋ᠠᠲᠠᠨ᠎ᠤ ᠪᠠᠷᠢᠯᠭ᠎ᠠ ᠵᠢᠨ ᠲᠥᠷᠥᠯ ᠵᠦᠢ᠍ᠯ ᠤᠨ ᠬ᠋ᠡᠷᠡᠭᠵᠢᠬᠦᠯᠦᠯᠲᠡ᠂ ᠡᠯ᠎ᠡ ᠵᠦᠢ᠍ᠯ᠎ᠤᠨ ᠤᠰᠤᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠪᠠᠶ᠋ᠢᠷᠢᠯᠠᠭᠤᠯᠤᠯᠲᠠ ᠵᠢᠴᠢ ᠪᠣᠶ ᠪᠣᠯᠤᠭᠰᠠᠨ ᠦᠷ᠎ᠡ ᠠᠰᠢᠭ ᠵᠡᠷᠭᠡ ᠵᠢᠨ ᠲᠤᠬᠠᠶ ᠨᠠᠷᠢᠨ ᠲᠠᠨᠢᠯᠴᠠᠭᠤᠯᠭ᠎ᠠ ᠵᠢ ᠰᠣᠨᠣᠰᠪᠠ᠃
ᠢᠦᠶ ᠯᠢᠨ ᠪᠠᠯᠭ᠋ᠠᠰᠤᠨ᠎ᠤ ᠤᠰᠤ ᠬᠠᠩᠭ᠋ᠠᠬᠤ ᠬᠠᠮᠢᠶᠠᠷᠤᠯᠲᠠ ᠵᠢᠨ ᠥᠷᠲᠡᠭᠡᠨ᠎ᠤ ᠬᠤᠷᠠᠯ᠎ᠤᠨ ᠭᠡᠷ᠎ᠲᠤ᠂ ᠤᠰᠤᠨ ᠠᠰᠢᠭᠯᠠᠯᠲᠠ ᠵᠢᠨ ᠲᠢᠩᠭᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠠᠷᠣᠭ᠎ᠠ ᠹᠠᠨ ᠵᠦᠩ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢᠨ ᠲᠣᠭᠣᠷᠢᠨ᠎ᠳᠤ 《ᠦᠵᠡᠯ ᠰᠠᠨᠠᠭ᠋ᠠᠨ᠎ᠤ ᠪᠠᠶ᠋ᠢᠭᠤᠯᠤᠯᠲᠠ ᠪᠣᠯᠤᠨ ᠰᠤᠷᠲᠠᠯ᠎ᠤᠨ ᠪᠠᠶ᠋ᠢᠭᠤᠯᠤᠯᠲᠠ》 ᠬᠣᠶᠠᠷ ᠲᠠᠯ᠎ᠠ᠎ᠠᠴᠠ ᠣᠴᠢᠵᠤ᠂ ᠤᠰᠤᠨ᠎ᠤ ᠬᠠᠮᠠᠭ᠋ᠠᠯᠠᠯᠲᠠ ᠵᠢᠨ ᠠᠵᠢᠯ ᠲᠥᠷᠥᠯ᠎ᠤᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠪᠦᠬᠦ ᠨᠠᠮ᠎ᠤᠨ ᠭᠡᠰᠢᠭᠦᠳ᠎ᠲᠤ ᠠᠮᠢᠳᠤᠯᠢᠭ ᠨᠠᠮ᠎ᠤᠨ ᠬᠢᠴᠢᠶᠡᠯ ᠣᠷᠣᠭᠰᠠᠨ ᠪᠠᠶ᠋ᠢᠨ᠎ᠠ᠃ ᠨᠠᠮ᠎ᠤᠨ ᠬᠢᠴᠢᠶᠡᠯ᠎ᠨᠢ ᠦᠵᠡᠯ ᠰᠠᠨᠠᠭ᠎ᠠ ᠢᠲᠡᠭᠡᠯ ᠵᠣᠷᠢᠭ ᠵᠶ᠋ᠠᠨ ᠪᠠᠲᠤᠳᠬᠠᠬᠤ᠎ᠪᠠᠷ ᠭᠣᠣᠯ ᠴᠣᠭᠴᠠ ᠪᠣᠯᠭ᠋ᠠᠵᠤ᠂ ᠡᠰᠡᠷᠭᠦ ᠲᠠᠯ᠎ᠠ ᠵᠢᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠦᠵᠡᠯ ᠰᠠᠨᠠᠭ᠎ᠠ ᠪᠣᠯᠤᠨ ᠣᠪᠣᠷ ᠰᠤᠷᠲᠠᠯ ᠬᠣᠶᠠᠷ ᠲᠠᠯ᠎ᠠ᠎ᠠᠴᠠ ᠡᠭᠦᠰᠴᠦ᠂ ᠪᠦᠬᠦ ᠨᠠᠮ᠎ᠤᠨ ᠭᠡᠰᠢᠭᠦᠳ᠎ᠲᠤ ᠢᠲᠡᠭᠡᠯ ᠲᠡᠭᠦᠯᠳᠡᠷ ᠪᠠᠢ᠌ᠬᠤ ᠬᠡᠷᠡᠭᠲᠡᠶ ᠮᠦᠷᠳᠡᠭᠡᠨ ᠰᠡᠷᠡᠮᠵᠢ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠳᠡᠢ᠂ ᠵᠢᠳᠬᠦᠯ ᠴᠢᠷᠮᠠᠶ᠋ᠢᠯᠭ᠎ᠠ᠎ᠲᠠᠢ ᠪᠠᠶ᠋ᠢᠬᠤ ᠮᠥᠷᠲᠡᠭᠡᠨ ᠲᠠᠷᠢᠬᠢ ᠲᠣᠯᠣᠭ᠋ᠠᠶ᠎ᠪᠠᠨ ᠰᠡᠷᠭᠡᠭ ᠪᠠᠶ᠋ᠢᠯᠭ᠋ᠠᠬᠤ ᠬᠡᠷᠡᠭᠲᠡᠶ ᠭᠡᠵᠦ ᠰᠡᠷᠡᠮᠵᠢᠯᠡᠬᠦᠯᠪᠡ᠃ ᠨᠠᠮ᠎ᠤᠨ ᠭᠡᠰᠢᠭᠦᠨ ᠺᠠᠳ᠋ᠷᠴᠤᠳ ᠠᠷᠢᠭᠤᠨ ᠴᠢᠬᠡᠴᠢ ᠤᠭ ᠴᠢᠨᠠᠷ ᠵᠶ᠋ᠠᠨ ᠡᠭᠦᠷᠢᠳᠡ ᠬᠠᠳᠠᠭ᠋ᠠᠯᠠᠵᠤ᠂ ᠭᠠᠷ᠎ᠲᠠᠬᠢ ᠡᠷᠬᠡ᠎ᠪᠠᠨ ᠡᠭᠦᠷᠢᠳᠡ ᠪᠢᠰᠢᠷᠡᠨ ᠬᠦᠨᠳᠦᠳᠬᠡᠬᠦ ᠬᠡᠷᠡᠭᠲᠡᠢ᠃
ᠹᠠᠨ ᠵᠦᠩ ᠵᠢᠭ᠋ᠠᠵᠤ ᠭᠠᠷᠭ᠋ᠠᠭᠰᠠᠨ᠎ᠨᠢ᠂ ᠪᠢᠳᠠ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠳᠣᠳᠬᠠᠨ᠂ 《ᠬᠣᠶᠠᠷ᠎ᠢ ᠬᠦᠷᠢᠶᠡᠯᠡᠬᠦ》 ᠵᠢ ᠪᠡᠶᠡᠯᠡᠭᠦᠯᠵᠦ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠯᠤᠭ᠎ᠠ ᠠᠯᠬᠤᠮ ᠨᠢᠭᠡᠲᠡᠢ ᠤᠷᠤᠭᠰᠢᠯᠠᠬᠤ ᠵᠢ ᠪᠠᠲᠤᠯᠠᠬᠤ ᠬᠡᠷᠡᠭᠲᠡᠢ᠃ ᠲᠡᠷᠡ ᠱᠠᠭ᠋ᠠᠷᠳᠠᠭᠰᠠᠨ᠎ᠨᠢ᠂ ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠨᠡᠪᠲᠡᠷᠬᠡᠢ ᠣᠶ᠋ᠢᠯᠠᠭ᠋ᠠᠵᠤ᠂ ᠵᠣᠷᠢᠭ ᠰᠠᠨᠠᠭ᠎ᠠ ᠵᠢ ᠠᠵᠢᠯ᠎ᠤᠨ ᠦᠢ᠍ᠯᠡᠳᠦᠯᠭᠡ᠎ᠳᠤ ᠪᠠᠨ ᠠᠭᠤᠰᠬᠠᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠢ ᠨᠠᠰᠤᠨ ᠲᠤᠷᠰᠢᠳᠠ ᠵᠢᠨ ᠦᠢ᠍ᠯᠡᠰ ᠪᠣᠯᠭ᠋ᠠᠨ ᠬᠢᠬᠦ ᠬᠡᠷᠡᠭᠲᠡᠢ; ᠡᠷᠡᠰ ᠪᠠᠲᠤ ᠬᠦᠰᠡᠯᠡᠩ ᠢᠲᠡᠭᠡᠯ ᠢ ᠪᠤᠢ ᠪᠣᠯᠭ᠋ᠠᠵᠤ᠂ ᠵᠣᠷᠢᠭᠲᠠᠢ᠎ᠪᠠᠷ ᠲᠦᠷᠦᠬᠦᠯᠦᠨ ᠡᠭᠦᠷᠭᠡᠯᠡᠬᠦ ᠦᠢ᠍ᠯᠡᠰ ᠪᠤᠰᠬᠠᠬᠤ ᠵᠣᠷᠢᠭ ᠰᠠᠨᠠᠭ᠎ᠠ᠎ᠪᠠᠷ ᠮᠠᠨ᠎ᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠲᠤ ᠨᠡᠩ ᠰᠠᠶ᠋ᠢᠲᠤᠷ ᠦᠢ᠍ᠯᠡᠴᠢᠯᠡᠬᠦ ᠬᠡᠷᠡᠭᠲᠡᠢ᠃
(ᠡᠬᠡ ᠪᠢᠴᠢᠭ᠎ᠢ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠥᠷᠲᠡᠭᠡ ᠬᠠᠩᠭ᠋ᠠᠪᠠ)