ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠵᠣᠣ ᠵᠥᠩ ᠦ᠋ ᠲᠤᠭᠤᠢ᠌ᠯᠠᠩ ᠲᠠᠭ᠋ᠠᠭᠤᠯᠤᠨ ᠬᠥᠬᠡᠬᠣᠲᠠ ᠪᠤᠭᠤᠲᠤ ᠣᠷᠳᠣᠰ ᠭᠤᠷᠪᠠᠨ ᠭᠠᠵᠠᠷ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠪᠠᠢ᠌ᠴᠠᠭ᠋ᠠᠪᠠ
ᠨᠡᠶ᠋ᠢᠲᠡᠯᠡᠭᠰᠡᠨ ᠴᠠᠭ᠄ 2020-12-24

      ᠬᠠᠳᠤᠨ ᠭᠣᠣᠯ᠎ᠢ ᠪᠢᠲᠡᠭᠦᠮᠵᠢᠯᠡᠭᠰᠡᠨ ᠬᠤᠭᠤᠴᠠᠭ᠋ᠠᠨ᠎ᠳᠠᠬᠢ ᠰᠦᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠵᠢᠨ ᠲᠥᠯᠥᠭᠡ᠂ 12 ᠳ᠋ᠤᠭ᠋ᠠᠷ ᠰᠠᠷ᠎ᠠ ᠵᠢᠨ 3᠎ᠤ ᠡᠳᠦᠷ᠎ᠠᠴᠠ 4᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠵᠥᠩ ᠦ᠋ ᠵᠢᠨ ᠳᠠᠭ᠋ᠠᠭᠤᠯᠤᠭᠰᠠᠨ ᠪᠠᠶ᠋ᠢᠴᠠᠭ᠋ᠠᠬᠤ ᠳᠤᠭᠤᠶ᠋ᠢᠯᠠᠩ  ᠎ᠨᠢ ᠤᠷᠢᠳ ᠬᠣᠵᠢᠳ ᠬᠥᠬᠡᠬᠣᠲᠠ᠂ ᠣᠷᠳᠣᠰ ᠬᠣᠲᠠ ᠪᠣᠯᠤᠨ ᠪᠤᠭᠤᠲᠤ ᠬᠣᠲᠠ᠎ᠳᠤ ᠬᠦᠷᠴᠦ ᠰᠦᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠪᠠᠶ᠋ᠢᠴᠠᠭ᠋ᠠᠨ ᠵᠢᠯᠣᠭᠣᠳᠴᠤ᠂ ᠡᠯ᠎ᠡ ᠭᠠᠵᠠᠷ᠎ᠤᠨ ᠭᠣᠤᠯ᠎ᠤᠨ ᠬᠡᠰᠡᠭ᠎ᠤᠨ ᠰᠥᠩ ᠬᠠᠯᠢᠶ᠎ᠠ ᠵᠢᠨ ᠪᠠᠶ᠋ᠢᠳᠠᠯ ᠪᠣᠯᠤᠨ ᠰᠦᠩ ᠬᠠᠯᠢᠶ᠎ᠠ ᠵᠢ ᠰᠡᠷᠭᠡᠶ᠋ᠢᠯᠡᠬᠦ   ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ᠂ ᠭᠣᠤᠯᠳᠠᠯᠭ᠎ᠠ᠎ᠲᠠᠢ ᠳᠠᠯᠠᠩ ᠬᠠᠰᠢᠯᠭ᠎ᠠ᠂ ᠠᠶᠤᠯᠲᠠᠶ ᠢᠨᠵᠸᠨ᠋ᠸᠷᠢᠩ᠎ᠤᠨ ᠠᠶᠤᠯᠲᠠᠶ ᠬᠡᠰᠡᠭ ᠵᠢᠴᠢ ᠬᠥᠪᠦᠮᠡᠯ ᠬᠥᠭᠥᠷᠭᠡ ᠵᠢ ᠨᠤᠷᠠᠭ᠋ᠠᠭᠰᠠᠨ ᠵᠡᠷᠭᠡ ᠪᠠᠶ᠋ᠢᠳᠠᠯ᠎ᠢ ᠨᠠᠷᠢᠨ ᠣᠶ᠋ᠢᠯᠠᠭᠠ᠂ ᠲᠤᠬᠠᠶ ᠵᠢᠨ ᠭᠠᠵᠠᠷ᠎ᠲᠤᠨᠢ ᠬᠣᠯᠪᠣᠭᠳᠠᠯ ᠪᠦᠬᠦᠢ ᠪᠣᠳᠠᠲᠠᠶ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ   ᠱᠠᠯᠠᠪᠳᠠᠨ   ᠭᠦᠢ᠍ᠴᠡᠳᠬᠡᠬᠦᠯᠪᠡ᠃
      ᠲᠣᠭᠲᠠᠬᠤ ᠰᠢᠶᠠᠨ᠎ᠳᠤ᠂ ᠵᠣᠣ ᠵᠥᠩ ᠦ᠋ ᠨᠡᠷ   ᠱ᠌ᠢ ᠰᠢ ᠹᠸᠨ ᠽᠢ ᠭᠣᠣᠯ ᠤᠷᠤᠰᠬᠠᠯ᠎ᠢ ᠡᠵᠡᠮᠳᠡᠨ ᠵᠢᠯᠣᠭᠣᠳᠬᠤ ᠢᠨᠵᠧᠨᠧᠷᠢᠩ᠎ᠢ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠲᠣᠰ ᠬᠣᠰᠢᠭᠤᠨ᠎ᠤ ᠵᠠᠰᠠᠭ᠎ᠤᠨ ᠣᠷᠳᠣᠨ ᠪᠣᠯᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠪᠠ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠤᠰᠤᠨ ᠠᠰᠢᠭᠯᠠᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠷᠢᠳ ᠬᠣᠵᠢᠳ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠡᠨᠡ ᠵᠢᠯ᠎ᠤᠨ ᠰᠦᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠳᠤ     ᠪᠠᠶ᠋ᠢᠷᠢᠯᠠᠭᠤᠯᠤᠯᠲᠠ ᠬᠢᠭᠰᠡᠨ ᠪᠠᠢ᠌ᠨ᠎ᠠ᠂ ᠡᠨᠡ ᠤᠳᠠᠭ᠋ᠠᠨ᠎ᠤ ᠪᠠᠢ᠌ᠴᠠᠭ᠋ᠠᠯᠲᠠ ᠵᠢᠨ ᠭᠣᠤᠯ ᠵᠣᠷᠢᠯᠭ᠎ᠠ ᠪᠣᠯ ᠬᠠᠷᠢᠭᠤᠴᠠᠯᠭ᠎ᠠ ᠵᠢ ᠪᠠᠲᠤᠳᠬᠠᠵᠤ᠂ ᠠᠰᠠᠭᠤᠳᠠᠯ᠎ᠢ ᠢᠯᠡᠷᠡᠬᠦᠯᠬᠦ ᠪᠠ ᠱᠠᠯᠠᠪᠳᠠᠨ ᠨᠠᠢ᠌ᠳᠠᠪᠤᠷᠢᠵᠢᠭᠤᠯᠬᠤ ᠵᠢᠨ ᠲᠥᠯᠥᠭᠡ ᠶᠤᠮ᠃ ᠡᠯ᠎ᠡ ᠱᠠᠲᠤ᠎ᠨᠢ ᠨᠠᠶ᠋ᠢᠳᠠᠪᠤᠷᠢᠵᠢᠭᠤᠯᠬᠤ ᠶᠣᠰᠣᠲᠠᠶ ᠬᠠᠷᠢᠭᠤᠴᠠᠯᠭ᠎ᠠ᠎ᠪᠠᠨ   ᠪᠤᠳᠠᠳᠠᠢ᠌ᠵᠢᠭᠤᠯᠵᠤ᠂ ᠠᠳᠬᠤᠬᠤ ᠶᠣᠰᠣᠲᠠᠶ ᠠᠵᠢᠯ᠎ᠢ ᠰᠠᠶ᠋ᠢᠲᠤᠷ ᠠᠳᠬᠤᠵᠤ᠂ ᠰᠦᠩ ᠬᠠᠯᠢᠶ᠎ᠠ ᠵᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠵᠢ ᠦᠨᠡᠨᠬᠦ   ᠪᠠᠲᠤᠯᠠᠬᠤ ᠬᠡᠷᠡᠭᠲᠡᠶ᠃ ᠳᠠᠷᠠᠭ᠎ᠠ᠎ᠨᠢ᠂ ᠵᠤᠤ ᠵᠦᠩ ᠦ᠋ ᠨᠡᠷ ᠬᠠᠳᠤᠨ ᠭᠣᠣᠯ᠎ᠤᠨ ᠲᠠᠩ   ᠭᠠᠵᠠᠷ᠎ᠤᠨ ᠡᠮᠦᠨ᠎ᠡ ᠯᠢᠦ ᠯᠢᠨ ᠲᠠᠨ ᠪᠣᠯᠤᠨ   ᠲᠤᠤᠷ᠎ᠠ ᠰᠢᠷ᠎ᠠ ᠨᠠᠭᠤᠷ᠎ᠤᠨ ᠲᠠᠨ ᠬᠣᠶᠠᠷ ᠲᠣᠰᠬᠣᠨ᠎ᠳᠤ ᠬᠦᠷᠴᠦ᠂ ᠲᠠᠩ ᠭᠠᠵᠠᠷ᠎ᠤᠨ ᠳᠣᠲᠣᠷᠠᠬᠢ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ ᠠᠮᠢᠳᠤᠷᠠᠯ ᠪᠠ ᠰᠦᠩ ᠬᠠᠯᠢᠶ᠎ᠠ ᠵᠢ ᠰᠡᠷᠭᠡᠶ᠋ᠢᠯᠡᠬᠦ ᠪᠡᠯᠡᠳᠬᠡᠯ᠎ᠤᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠲᠤᠬᠠᠶ ᠵᠢᠨ ᠭᠠᠵᠠᠷ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ  ᠂ ᠨᠢᠭᠡ ᠺᠠᠳ᠋ᠷ ᠨᠢᠭᠡ ᠡᠷᠦᠬᠡ ᠵᠢ ᠳᠠᠭ᠋ᠠᠭ᠋ᠠᠨ ᠬᠣᠯᠪᠣᠭ᠋ᠠᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠬᠤ ᠵᠡᠷᠭᠡ ᠡᠯ ᠎ᠡ   ᠵᠦᠢ᠍ᠯ᠎ᠤᠨ ᠪᠡᠯᠡᠳᠬᠡᠯ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ   ᠬᠢᠵᠦ ᠪᠠᠢ᠌ᠭ᠎ᠠ ᠵᠢ ᠤᠢ᠌ᠯᠠᠭ᠋ᠠᠭᠰᠠᠨ᠎ᠤ ᠲᠠᠷᠠᠭ᠎ᠠ᠂ ᠲᠡᠷᠡ ᠵᠢᠭ᠋ᠠᠵᠤ   ᠭᠠᠷᠭ᠋ᠠᠭᠰᠠᠨ᠎ᠨᠢ᠂ 《ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ》 ᠣᠶ᠋ᠢᠯᠠᠭ᠋ᠠᠭᠳᠠᠬᠤᠨ᠎ᠢ ᠪᠠᠲᠤ ᠪᠡᠬᠢ ᠪᠤᠢ   ᠪᠤᠯᠭ᠋ᠠᠵᠤ᠂ ᠶᠡᠬᠡ ᠲᠠᠯ᠎ᠠ ᠵᠢᠨ ᠤᠬᠠᠮᠰᠠᠷ᠂ ᠲᠦᠭᠰᠢᠭᠦᠷᠢ ᠵᠢᠨ ᠤᠬᠠᠮᠰᠠᠷ᠂ ᠰᠠᠨᠠᠭ᠋ᠠᠰᠢᠷᠠᠯ᠎ᠤᠨ ᠤᠬᠠᠮᠰᠠᠷ ᠵᠶ᠋ᠠᠨ   ᠴᠢᠩᠭ᠋ᠠᠳᠬᠠᠨ᠂ ᠡᠯ᠎ᠡ   ᠵᠦᠢ᠍ᠯ᠎ᠤᠨ ᠠᠵᠢᠯ ᠵᠶ᠋ᠠᠨ ᠦᠷᠭᠦᠯᠵᠢᠯᠡᠨ ᠰᠠᠶ᠋ᠢᠲᠤᠷ ᠬᠢᠵᠦ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ   ᠦᠨᠡᠨᠬᠦ ᠪᠠᠲᠤᠯᠠᠬᠤ ᠬᠡᠷᠡᠭᠳᠡᠢ᠃ ᠡᠭᠦᠨ᠎ᠤ ᠬᠠᠮᠲᠤ ᠲᠤᠬᠠᠢ ᠵᠢᠨ ᠭᠠᠵᠠᠷ᠎ᠤᠨ᠎ᠬᠢᠨ᠎ᠢ ᠲᠠᠩ ᠭᠠᠵᠠᠷ᠎ᠤᠨ ᠰᠠᠭᠤᠭ᠋ᠠᠯᠢ ᠠᠷᠠᠳ᠎ᠢ ᠨᠡᠭᠦᠯᠭᠡᠨ ᠪᠠᠶ᠋ᠢᠭᠤᠯᠬᠤ ᠠᠵᠢᠯ᠎ᠢ ᠡᠷᠲᠡᠬᠡᠨ ᠬᠡᠷᠡᠭᠵᠢᠭᠦᠯᠬᠦ ᠵᠢ ᠬᠦᠰᠡᠪᠡ᠃
   


      ᠵᠡᠭᠦᠨᠭ᠋ᠠᠷ ᠬᠣᠰᠢᠭᠤ᠂ ᠳᠠᠯᠠᠳ ᠬᠣᠰᠢᠭᠤᠨ᠎ᠳᠤ ᠵᠤᠤ ᠵᠦᠩ ᠡᠤ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠢ ᠲᠠᠭ᠋ᠠᠭᠤᠯᠤᠨ ᠤᠷᠢᠳ ᠬᠣᠵᠢᠳ   ᠱ᠌ᠢ ᠡᠯ   ᠯᠢᠶᠠᠨ ᠴᠸᠩ ᠰᠢᠶᠠᠩ᠎ᠤᠨ ᠰᠠᠨ ᠱ᠌ᠢ ᠴᠢᠩ ᠳ᠋ᠢ ᠲᠤᠰᠬᠤᠨ᠎ᠳᠤ ᠬᠦᠷᠴᠦ   ᠬᠦᠪᠦᠮᠡᠯ ᠬᠥᠭᠥᠷᠭᠡ ᠵᠢ ᠨᠤᠷᠠᠭ᠋ᠠᠭᠰᠠᠨ ᠪᠠ ᠠᠶᠤᠯᠲᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠬᠠᠲᠤᠨ ᠭᠣᠤᠯ᠎ᠤᠨ ᠮᠠ ᠽᠢ ᠢ ᠬᠡᠰᠡᠭ᠎ᠤᠨ ᠬᠠᠰᠢᠯᠭ᠎ᠠ ᠨᠡᠪᠲᠡᠯᠬᠦ   ᠭᠤᠯᠳᠤᠩ᠎ᠢ ᠪᠥᠭᠯᠡᠭᠰᠡᠨ᠂ ᠵᠤᠤ ᠭᠧ ᠯᠢᠶᠠᠩ᠎ᠤᠨ ᠬᠥᠪᠦᠮᠡᠯ ᠬᠥᠭᠥᠷᠭᠡ ᠵᠢ ᠨᠤᠷᠠᠭ᠋ᠠᠭᠰᠠᠨ ᠪᠠ ᠯᠢ ᠰᠢᠨ ᠬᠡᠰᠡᠭ᠎ᠤᠨ ᠠᠶᠤᠯᠲᠤ   ᠢᠨᠵᠸᠨ᠋ᠸᠷᠢᠩ᠎ᠢ ᠵᠠᠪᠳᠤᠨ ᠬᠠᠮᠠᠭ᠋ᠠᠯᠠᠭᠰᠠᠨ ᠵᠡᠷᠭᠡ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠪᠠ᠃ ᠲᠤᠬᠠᠢ ᠵᠢᠨ ᠲᠠᠯᠠᠪᠠᠢ ᠪᠠ ᠤᠲᠠᠰᠤ᠎ᠪᠠᠷ ᠠᠵᠢᠯᠯᠠᠵᠤ᠂ ᠬᠦᠪᠦᠮᠡᠯ ᠬᠥᠭᠥᠷᠭᠡ ᠵᠢ ᠲᠤᠢ᠌ᠯᠪᠤᠷᠢᠳᠠᠢ ᠨᠤᠷᠠᠭ᠋ᠠᠭᠰᠠᠨ ᠦᠭᠡᠢ ᠵᠡᠷᠭᠡ ᠠᠰᠠᠭᠤᠳᠠᠯ᠎ᠢ ᠱᠠᠯᠠᠪᠳᠠᠭᠤᠯᠤᠨ ᠵᠢᠯᠣᠭᠣᠳᠬᠤ ᠵᠢᠨ ᠬᠠᠮᠲᠤ ᠴᠠᠭ ᠲᠤᠬᠠᠢ᠎ᠳᠤᠨᠢ ᠰᠢᠢ᠍ᠳᠪᠦᠷᠢᠯᠡᠪᠡ᠃ ᠵᠤᠤ ᠵᠦᠩ ᠡᠤ ᠴᠢᠬᠤᠯᠠᠴᠢᠯᠠᠭᠰᠠᠨ᠎ᠨᠢ᠂ ᠡᠨᠡ ᠵᠢᠯ᠎ᠤᠨ ᠰᠦᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠰᠦᠩ ᠬᠠᠯᠢᠶ᠎ᠠ ᠵᠢ ᠰᠡᠷᠭᠡᠶ᠋ᠢᠯᠡᠬᠦ ᠬᠠᠷᠢᠭᠤᠴᠠᠯᠭ᠎ᠠ ᠵᠢ ᠴᠢᠩᠭ᠎ᠠ   ᠨᠠᠢ᠌ᠳᠠᠪᠤᠷᠢᠵᠢᠭᠤᠯᠵᠤ᠂ ᠴᠠᠭᠳᠠᠨ ᠪᠠᠶ᠋ᠢᠴᠠᠭ᠋ᠠᠵᠤ ᠵᠢᠵᠢᠭᠦᠷᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂   ᠵᠦᠪᠳᠡᠯᠴᠡᠵᠦ ᠰᠤᠳᠤᠯᠤᠨ ᠮᠠᠭ᠋ᠠᠳᠯᠠᠬᠤ᠂ ᠵᠢᠯᠣᠭᠣᠳᠤᠨ ᠲᠣᠬᠢᠷᠠᠭᠤᠯᠬᠤ ᠵᠢ ᠦᠨᠡᠨᠬᠦ ᠴᠢᠩᠭ᠋ᠠᠳᠬᠠᠵᠤ᠂ ᠭᠣᠤᠯ ᠠᠯᠤᠰᠯᠠᠭᠰᠠᠨ ᠬᠥᠭᠥᠷᠭᠡ᠂ ᠪᠠᠶ᠋ᠢᠭᠤᠯᠵᠤ   ᠪᠠᠢ᠌ᠭ᠎ᠠ ᠢᠨᠵᠸᠨ᠋ᠸᠷᠢᠩ ᠪᠣᠯᠤᠨ ᠵᠠᠮ ᠬᠠᠷᠢᠯᠴᠠᠭ᠎ᠠ ᠵᠡᠷᠭᠡ ᠠᠮᠤᠷ ᠲᠦᠪᠰᠢᠨ᠎ᠤ ᠬᠠᠮᠢᠶᠠᠷᠤᠯᠲᠠ ᠵᠢ ᠰᠠᠶ᠋ᠢᠲᠤᠷ   ᠠᠳᠬᠤᠨ᠂ ᠡᠳ᠋ ᠪᠣᠳᠠᠰ ᠨᠥᠭᠡᠴᠡᠯᠡᠬᠦ ᠪᠠ ᠠᠶᠤᠯ᠎ᠠᠴᠠ ᠠᠪᠤᠷᠠᠬᠤ ᠪᠡᠯᠡᠳᠬᠡᠯ ᠠᠵᠢᠯ᠎ᠢ ᠰᠠᠶ᠋ᠢᠲᠤᠷ ᠬᠢᠵᠦ᠂ ᠰᠦᠩ ᠬᠠᠯᠢᠶ᠎ᠠ ᠵᠢ ᠰᠡᠷᠭᠡᠶ᠋ᠢᠯᠡᠬᠦ᠎ᠳᠤ ᠠᠰᠠᠭᠤᠳᠠᠯ ᠭᠠᠷᠬᠤ ᠦᠭᠡᠶ᠂ ᠪᠦᠬᠦ ᠲᠠᠯ᠎ᠠ ᠵᠢ ᠰᠠᠮᠠᠭᠤᠷᠠᠭᠤᠯᠬᠤ ᠦᠭᠡᠶ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃
 

      4᠎ᠤ ᠡᠳᠦᠷ᠎ᠤᠨ ᠦᠳᠡ ᠡᠮᠦᠨ᠎ᠡ᠂ ᠬᠠᠲᠤᠨ ᠭᠣᠤᠯ᠎ᠤᠨ ᠥᠪᠥᠷ ᠮᠣᠩᠭᠣᠯ᠎ᠤᠨ ᠬᠡᠰᠡᠭ᠎ᠤᠨ ᠪᠤᠭᠤᠳᠤ᠎ᠠᠴᠠ ᠮᠤᠤᠮᠢᠩ ᠬᠦᠷᠬᠦ ᠦᠨᠳᠦᠷ ᠬᠤᠷᠳᠤᠴᠠᠳᠣ ᠵᠠᠰᠠᠮᠠᠯ ᠵᠠᠮ᠎ᠤᠨ ᠲᠡᠭᠡᠳᠦ ᠤᠷᠤᠰᠬᠠᠯ᠎ᠤᠨ 100m᠎ᠳᠤ ᠠᠩᠬ᠎ᠠ ᠤᠳᠠᠭ᠎ᠠ ᠪᠢᠳᠡᠭᠦᠮᠵᠢᠯᠡᠯᠳᠡ ᠭᠠᠷᠴᠤ᠂ ᠵᠣᠣ ᠵᠦᠩ ᠡᠤ ᠨᠡᠷ   ᠠᠩᠬᠠᠨ᠎ᠤ ᠪᠢᠳᠡᠭᠦᠮᠵᠢᠯᠡᠯᠳᠡ ᠎ᠳᠤ ᠬᠦᠷᠴᠦ᠂   ᠭᠣᠣᠯ ᠪᠢᠳᠡᠭᠦᠮᠵᠢᠯᠡᠭᠰᠡᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠨᠢᠩᠰᠢᠶᠠ ᠥᠪᠥᠷ ᠮᠣᠩᠭᠣᠯ᠎ᠤᠨ ᠤᠰᠤᠨ ᠵᠦᠶ ᠵᠢᠨ ᠤᠰᠤᠨ᠎ᠤ ᠡᠬᠢ ᠪᠠᠶᠠᠯᠢᠭ᠎ᠤᠨ ᠲᠣᠪᠴᠢᠶ᠎ᠠ᠂ ᠪᠤᠭᠤᠲᠤ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠨᠥᠬᠥᠳ᠎ᠲᠠᠢ ᠬᠠᠮᠲᠤᠷᠠᠨ ᠤᠰᠤᠨ᠎ᠤ ᠪᠠᠶ᠋ᠢᠳᠠᠯ᠂ ᠣᠩᠭᠣᠴᠠᠨ᠎ᠤ ᠪᠠᠶ᠋ᠢᠳᠠᠯ᠎ᠢ ᠵᠠᠳᠠᠯᠤᠨ ᠰᠤᠳᠤᠯᠪᠠ᠃ ᠡᠭᠦᠨ᠎ᠤ ᠬᠠᠮᠲᠤ᠂ ᠪᠤᠭᠤᠳᠤ᠎ᠠᠴᠠ ᠮᠤᠤᠮᠢᠩ ᠬᠦᠷᠬᠦ ᠦᠨᠳᠦᠷ ᠬᠤᠷᠳᠤᠴᠠᠳᠣ ᠵᠠᠰᠠᠮᠠᠯ ᠵᠠᠮ᠎ᠤᠨ ᠵᠣᠣ ᠵᠢᠶᠦ᠋ᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠲᠥᠷᠥᠯ   ᠵᠦᠢ᠍ᠯ᠎ᠤᠨ ᠢᠨᠵᠸᠨ᠋ᠸᠷᠢᠩ᠎ᠤᠨ ᠬᠥᠭᠥᠷᠭᠡ ᠵᠢᠨ ᠨᠤᠷᠠᠭ᠋ᠠᠭᠰᠠᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ᠃ ᠳᠠᠷᠠᠭ᠎ᠠ᠎ᠨᠢ᠂ ᠵᠤᠤ ᠵᠦᠩ ᠦ᠋ ᠨᠡᠷ ᠰᠢᠶᠤᠤ ᠪᠠᠢ ᠾᠧ ᠭᠣᠣᠯ᠎ᠤᠨ ᠰᠦᠩ ᠬᠠᠯᠢᠶ᠎ᠠ ᠵᠢ ᠰᠡᠷᠭᠡᠢ᠌ᠯᠡᠨ ᠪᠠᠴᠢᠮ ᠪᠠᠶ᠋ᠢᠳᠠᠯ᠎ᠢ ᠠᠷᠭ᠋ᠠᠴᠠᠵᠤ ᠦᠶᠡᠷ᠎ᠢ ᠨᠠᠮᠳᠠᠭ᠋ᠠᠬᠤ ᠲᠣᠭᠣᠷᠢᠭ᠎ᠤᠨ ᠦᠷᠭᠦᠯᠵᠢᠯᠡᠨ ᠪᠠᠶ᠋ᠢᠭᠤᠯᠬᠤ ᠢᠨᠵᠸᠨ᠋ᠸᠷᠢᠩ᠎ᠤᠨ ᠲᠤᠬᠠᠢ ᠵᠢᠨ ᠭᠠᠵᠠᠷ᠎ᠲᠤ ᠬᠦᠷᠴᠦ᠂ ᠪᠠᠷᠢᠯᠭ᠎ᠠ ᠵᠢᠨ ᠠᠬᠢᠴᠠ ᠵᠢᠴᠢ ᠣᠳᠣᠬᠠᠨ᠎ᠳᠤ ᠣᠷᠣᠰᠢᠵᠤ ᠪᠠᠶ᠋ᠢᠭ᠎ᠠ ᠬᠦᠴᠢᠷᠳᠡᠯ ᠪᠣᠯᠤᠨ ᠠᠰᠠᠭᠤᠳᠠᠯ᠎ᠢ ᠨᠠᠷᠢᠨ ᠣᠶ᠋ᠢᠯᠠᠭ᠋ᠠᠪᠠ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠠᠴᠠ ᠬᠣᠲᠠ ᠵᠢᠨ ᠱᠠᠲᠤ ᠬᠦᠷᠲᠡᠯ᠎ᠡ ᠪᠦᠷ ᠰᠢᠶᠣᠣ ᠪᠠᠶ ᠾᠧ ᠭᠣᠤᠯ᠎ᠤᠨ ᠰᠦᠩ ᠬᠠᠯᠢᠶ᠎ᠠ ᠵᠢ ᠰᠡᠷᠭᠡᠢ᠌ᠯᠡᠨ ᠪᠠᠴᠢᠮ ᠪᠠᠶ᠋ᠢᠳᠠᠯ᠎ᠢ ᠠᠷᠭ᠋ᠠᠴᠠᠵᠤ ᠦᠶᠡᠷ᠎ᠢ ᠨᠠᠮᠳᠠᠭ᠋ᠠᠬᠤ ᠲᠣᠭᠣᠷᠢᠭ᠎ᠢ ᠦᠷᠭᠦᠯᠵᠢᠯᠡᠨ ᠪᠠᠶ᠋ᠢᠭᠤᠯᠬᠤ ᠢᠨᠵᠸᠨ᠋ᠸᠷᠢᠩ ᠎ᠤᠨ ᠪᠦᠲᠦᠭᠡᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠪᠠᠷᠢᠯᠭ᠎ᠠ ᠵᠢᠨ   ᠬᠤᠭᠤᠴᠠᠭ᠎ᠠ ᠵᠢ ᠵᠠᠪᠳᠤᠨ   ᠠᠳᠬᠤᠵᠤ᠂ ᠢᠨᠵᠸᠨ᠋ᠸᠷᠢᠩ ᠎ᠤᠨ ᠠᠬᠢᠴᠠ ᠵᠢ   ᠲᠦᠷᠭᠡᠳᠬᠡᠨ᠂ ᠢᠨᠵᠸᠨ᠋ᠸᠷᠢᠩ᠎ᠢ ᠡᠷᠲᠡᠬᠡᠨ ᠪᠠᠶ᠋ᠢᠭᠤᠯᠵᠤ ᠳᠠᠭᠤᠰᠬᠠᠬᠤ ᠵᠢ ᠦᠨᠡᠨᠬᠦ ᠪᠠᠳᠣᠯᠠᠨ᠂ ᠦᠶᠡᠷ᠎ᠢ ᠬᠤᠪᠢᠶᠠᠨ ᠬᠠᠳᠠᠭ᠋ᠠᠯᠠᠬᠤ   ᠦᠢ᠍ᠯᠡᠳᠦᠯ᠎ᠢ ᠪᠠᠳᠠᠷᠠᠭᠤᠯᠬᠤ ᠬᠡᠷᠡᠭᠳᠡᠢ᠃

      ᠰᠦᠩ ᠬᠠᠯᠢᠶ᠎ᠠ ᠵᠢ ᠰᠡᠷᠭᠡᠶ᠋ᠢᠯᠡᠬᠦ ᠪᠠᠶ᠋ᠢᠴᠠᠭ᠋ᠠᠯᠲᠠ ᠳᠠᠭᠤᠰᠤᠭᠰᠠᠨ᠎ᠤ ᠳᠠᠷᠠᠭ᠎ᠠ᠂ ᠵᠤᠤ ᠵᠦᠩ ᠦ᠋ ᠨᠡᠷ ᠪᠠᠰᠠ ᠪᠤᠭᠤᠲᠤ ᠵᠢᠨ ᠤᠰᠤᠨ ᠰᠢᠨᠵᠢᠯᠡᠭᠡᠨ᠎ᠤ ᠲᠣᠪᠴᠢᠶᠠᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠲᠤᠰ ᠲᠣᠪᠴᠢᠶᠠᠨ᠎ᠤ ᠰᠦᠩ ᠬᠠᠯᠢᠶ᠎ᠠ ᠵᠢ ᠰᠡᠷᠭᠡᠶ᠋ᠢᠯᠡᠬᠦ   ᠳᠤᠮᠳᠠ ᠭᠣᠣᠯ ᠠᠵᠢᠯ᠎ᠢ ᠥᠷᠨᠢᠭᠦᠯᠦᠭᠰᠡᠨ ᠪᠠᠶ᠋ᠢᠳᠠᠯ ᠵᠢᠴᠢ ᠪᠤᠰᠤᠳ ᠭᠣᠣᠯᠳᠠᠯᠭ᠎ᠠ᠎ᠲᠠᠢ ᠠᠵᠢᠯ᠎ᠢ ᠨᠠᠷᠢᠨ ᠣᠶ᠋ᠢᠯᠠᠭ᠋ᠠᠪᠠ᠃ ᠠᠵᠢᠯ   ᠦᠢ᠍ᠯᠡᠰ᠎ᠤᠨ ᠨᠢᠭᠡᠴᠡ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ᠂ ᠤᠰᠤᠨ ᠰᠢᠨᠵᠢᠯᠡᠭᠡᠨ᠎ᠤ ᠦᠢ᠍ᠯᠡᠰ᠎ᠤᠨ ᠠᠯᠤᠰ ᠬᠡᠳᠦ ᠵᠢᠨ ᠬᠥᠭᠵᠢᠯᠲᠡ ᠵᠢᠨ ᠲᠣᠭᠣᠷᠢᠨ᠎ᠳᠤ ᠺᠠᠳ᠋ᠷ ᠠᠵᠢᠯᠲᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠬᠣᠯᠪᠣᠭᠳᠠᠯ ᠪᠦᠬᠦᠢ ᠰᠠᠨᠠᠯ ᠰᠠᠨᠠᠭᠤᠯᠭ᠎ᠠ ᠵᠢ ᠰᠣᠨᠣᠰᠴᠠᠢ᠃

      ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠰᠡᠷᠭᠡᠶ᠋ᠢᠯᠡᠯᠲᠡ ᠵᠢᠨ ᠭᠠᠵᠠᠷ᠂ ᠭᠣᠤᠯ ᠨᠠᠭᠤᠷ ᠪᠣᠯᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠲᠥᠪ ᠵᠢᠴᠢ ᠬᠤᠯᠪᠤᠭᠳᠠᠯ ᠪᠦᠬᠦᠢ ᠬᠣᠰᠢᠭᠤ ᠣᠷᠣᠨ᠎ᠤ ᠵᠠᠰᠠᠭ᠎ᠤᠨ ᠣᠷᠳᠣᠨ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠳᠠᠨ ᠨᠥᠬᠥᠳ ᠪᠠᠶ᠋ᠢᠴᠠᠭ᠋ᠠᠯᠲᠠ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ᠎ᠤ ᠶᠡᠷᠦᠩᠬᠡᠶ ᠲᠣᠪᠴᠢᠶ᠎ᠠ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠳᠠᠨ ᠶᠠᠷᠢᠯᠴᠠᠬᠤ ᠬᠤᠷᠠᠯ᠎ᠳᠤ ᠣᠷᠣᠯᠴᠠᠵᠠᠶ᠃

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠣᠷᠣᠯᠴᠠᠬᠤ ᠭᠣᠤᠯ ᠳᠤᠭᠤᠶ᠋ᠢᠯᠠᠩ (ᠥᠷᠭᠡᠳᠬᠡᠭᠰᠡᠨ)᠎ᠤᠨ ᠰᠣᠷᠣᠯᠴᠠᠯᠠᠭ᠎ᠠ ᠵᠢᠨ ᠬᠤᠷᠠᠯ ᠬᠤᠷᠠᠯᠳᠤᠭᠤᠯᠪᠠ
ᠬᠢᠨᠠᠨ ᠬᠠᠮᠢᠶᠠᠷᠤᠯᠳᠠ ᠵᠢ ᠴᠢᠩᠭ᠋ᠠᠳᠬᠠᠨ ᠠᠶᠤᠯ ᠲᠦᠭᠰᠢᠭᠦᠷᠢ ᠵᠢ ᠰᠡᠷᠭᠡᠶ᠋ᠢᠯᠡᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠬᠦᠢ ᠵᠢᠨ ᠰᠠᠭᠤᠷᠢ ᠵᠢ ᠪᠡᠬᠢᠵᠢᠭᠦᠯᠦᠨ᠎ᠡ
ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠳᠦ ᠰᠠᠬᠢᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ
ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠳᠠ ᠵᠢᠨ ᠲᠢᠩᠬᠢᠮ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ᠎ᠤᠨ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠭᠤᠯᠪᠠ
ᠦᠪᠦᠷ ᠮᠤᠨᠭ᠌ᠭᠤᠯ᠎ᠤᠨ ᠲᠡᠦᠬᠡᠨ᠎ᠳᠠᠬᠢ ᠤᠰᠤᠨ ᠠᠰᠢᠭᠯᠠᠯᠲᠠ ᠵᠢᠨ ᠤᠰᠤ ᠠᠷᠪᠢᠯᠠᠬᠤ ᠤᠰᠤ ᠬᠠᠩᠭ᠋ᠠᠬᠤ ᠬᠠᠮᠤᠭ᠎ᠤᠨ ᠶᠡᠭᠡ ᠲᠦᠷᠦᠯ ᠵᠦᠢ᠍ᠯ — ᠴᠤᠤᠯ ᠭᠣᠣᠯ᠎ᠢ ᠲᠠᠲᠠᠵᠤ ᠯᠢᠶᠣᠤ ᠾᠧ ᠭᠤᠤᠯ᠎ᠳᠤ ᠤᠷᠤᠭᠤᠯᠬᠤ ᠢᠨᠵᠧᠨᠧᠷᠢᠩ᠎ᠤᠨ ᠠᠩᠬᠠᠳᠠᠭᠴᠢ TBM ᠮᠠᠰᠢᠨ ᠬᠢᠩᠭ᠋ᠠᠨ ᠠᠶ᠋ᠢᠮᠠᠭ᠎ᠲᠤ ᠡᠬᠢᠯᠡᠨ ᠠᠵᠢᠯᠯᠠᠪᠠ
 
            