ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠣᠷᠣᠯᠴᠠᠬᠤ ᠭᠣᠤᠯ ᠳᠤᠭᠤᠶ᠋ᠢᠯᠠᠩ (ᠥᠷᠭᠡᠳᠬᠡᠭᠰᠡᠨ)᠎ᠤᠨ ᠰᠣᠷᠣᠯᠴᠠᠯᠠᠭ᠎ᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2020-12-24

     11 ᠳ᠋ᠦᠭᠡᠷ ᠰᠠᠷ᠎ᠠ ᠵᠢᠨ 30᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠣᠤᠯ ᠳᠤᠭᠤᠶ᠋ᠢᠯᠠᠩ (ᠥᠷᠭᠡᠳᠬᠡᠭᠰᠡᠨ)᠎ᠤᠨ   ᠰᠣᠷᠣᠯᠴᠠᠯᠠᠭ᠎ᠠ ᠵᠢᠨ ᠬᠤᠷᠠᠯ ᠬᠢᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠢᠦ ᠸᠠᠨ ᠬᠤᠸᠠ ᠬᠤᠷᠠᠯ᠎ᠢ ᠡᠷᠬᠢᠯᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠵᠤᠤ ᠴᠠᠩ ᠴᠢᠩ᠂ ᠵᠤᠤ ᠵᠦᠩ ᠡᠤ᠂ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠢᠦᠶ ᠲᠢᠶᠸ ᠵᠦ᠍᠂   ᠰᠦ᠍ ᠰᠦᠸᠸ ᠯᠦᠩ᠂ ᠶᠡᠷᠦᠩᠬᠡᠢ ᠠᠵᠤ ᠠᠬᠤᠢ᠌ᠴᠢ ᠭᠤᠤ ᠬᠠᠢ ᠮᠢᠩ᠂ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠂ ᠠᠯᠪᠠᠨ ᠭᠡᠷ᠂ ᠠᠵᠢᠯᠳᠠᠨ᠎ᠤ ᠶᠠᠪᠤᠳᠠᠯ᠎ᠤᠨ ᠭᠠᠵᠠᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃
   


    ᠬᠤᠷᠠᠯ᠎ᠳᠤ᠂ ᠰᠢ ᠵᠢᠨ ᠫᠢᠩ ᠶᠡᠷᠦᠩᠬᠡᠢ ᠱᠦᠵᠢ ᠵᠢᠨ ᠲᠥᠪ᠎ᠤᠨ ᠪᠦᠬᠦ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢ ᠵᠢᠨ ᠫᠢᠩ ᠶᠡᠷᠦᠩᠬᠡᠶ ᠱᠦᠵᠢ ᠲᠤᠯᠤᠳᠠᠬᠢ ᠤᠯᠤᠰ ᠎ᠤᠨ ᠶᠠᠳᠠᠭᠤ ᠵᠢ ᠲᠡᠳᠬᠦᠬᠦ ᠡᠳᠦᠷ᠎ᠲᠤ ᠲᠤᠬᠢᠶᠠᠯᠳᠣᠭᠣᠯᠣᠨ ᠶᠠᠳᠠᠭᠤ᠎ᠠᠴᠠ ᠠᠩᠬᠢᠵᠢᠷᠠᠭᠤᠯᠵᠤ ᠪᠣᠭᠣᠮᠲᠠ ᠰᠢᠪᠲᠤᠯᠬᠤ ᠠᠵᠢᠯ᠎ᠳᠤ ᠭᠠᠷᠭ᠋ᠠᠭᠰᠠᠨ ᠴᠢᠬᠤᠯᠠ ᠵᠢᠭ᠋ᠠᠪᠤᠷᠢ ᠪᠠ ᠯᠢ ᠺᠧ ᠴᠢᠶᠠᠩ ᠶᠡᠷᠦᠩᠬᠡᠢ ᠰᠠᠶ᠋ᠢᠳ᠎ᠤᠨ ᠬᠢᠭᠰᠡᠨ ᠴᠣᠬᠣᠯᠠᠪᠤᠷᠢ᠂ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠳᠠᠷᠤᠮᠯᠠᠨ ᠲᠠᠷᠬᠠᠭ᠋ᠠᠭᠰᠠᠨ 《ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠵᠢᠯ᠎ᠤᠨ ᠳᠦᠷᠢᠮ》᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠬᠠᠭᠤᠯᠬᠤ ᠬᠡᠯᠲᠡᠰ᠎ᠤᠨ ᠳᠠᠷᠤᠮᠯᠠᠨ ᠲᠠᠷᠬᠠᠭ᠋ᠠᠭᠰᠠᠨ 《ᠣᠳᠣᠬᠢ ᠪᠠᠶ᠋ᠢᠳᠠᠯ᠎ᠢ ᠪᠦᠬᠦ ᠲᠠᠯ᠎ᠠ᠎ᠪᠠᠷ ᠣᠨᠣᠪᠴᠢᠲᠠᠶ ᠲᠠᠨᠢᠵᠤ᠂ ᠡᠨᠡ ᠵᠢᠯ᠎ᠤᠨ ᠠᠵᠤ ᠠᠬᠤᠶ ᠨᠡᠶ᠋ᠢᠭᠡᠮ᠎ᠤᠨ   ᠬᠦᠭᠵᠢᠯᠲᠡ ᠵᠢᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠦᠶ᠎ᠡ》 ᠭᠡᠰᠡᠨ ᠰᠤᠷᠤᠯᠴᠠᠬᠤ ᠮᠠᠲ᠋ᠧᠷᠢᠶᠠᠯ ᠎ᠢ ᠭᠣᠣᠯᠳᠠᠯᠭ᠎ᠠ᠎ᠲᠠᠢ ᠰᠤᠷᠤᠯᠴᠠᠵᠠᠢ᠃ ᠬᠤᠷᠠᠯ᠎ᠠᠴᠠ ᠪᠠᠰᠠ 11 ᠳ᠋ᠦᠭᠡᠷ ᠰᠠᠷ᠎ᠠ ᠵᠢᠨ 27᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶ᠎ᠠ ᠵᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠠᠶ᠋ᠢᠷᠢᠯᠠᠭᠤᠯᠤᠯᠲᠠ ᠪᠣᠯᠤᠨ ᠪᠦ᠋ ᠰᠢᠶᠤᠤ ᠯᠢᠨ ᠨᠥᠬᠥᠷ᠎ᠤᠨ ᠮᠠᠨᠵᠤᠤᠷ ᠬᠣᠲᠠ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠪᠠᠶ᠋ᠢᠴᠠᠭ᠋ᠠᠨ ᠰᠤᠳᠤᠯᠬᠤ ᠦᠶ᠎ᠡ ᠵᠢᠨ   ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃
   


    ᠯᠢᠦ ᠸᠠᠨ ᠬᠤᠸᠠ ᠴᠢᠬᠤᠯᠠᠴᠢᠯᠠᠭᠰᠠᠨ᠎ᠨᠢ᠂ ᠨᠢᠭᠡ᠎ᠳᠤ ᠰᠢ ᠵᠢᠨ ᠫᠢᠩ ᠶᠡᠷᠦᠩᠬᠡᠶ ᠱᠦᠵᠢ ᠵᠢᠨ ᠲᠥᠪ᠎ᠤᠨ ᠪᠥᠬᠥ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠰᠤᠷᠤᠯᠴᠠᠨ ᠤᠢ᠌ᠯᠠᠭ᠋ᠠᠵᠤ᠂ ᠮᠠᠨ᠎ᠤ ᠲᠢᠩᠬᠢᠮ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠠᠵᠢᠯ᠎ᠢ ᠰᠠᠶ᠋ᠢᠲᠤᠷ ᠬᠢᠬᠦ ᠵᠢ ᠳᠡᠭᠡᠳᠦ   ᠬᠡᠮᠵᠢᠶ᠎ᠡ᠎ᠪᠠᠷ ᠴᠢᠬᠤᠯᠠᠴᠢᠯᠠᠵᠤ᠂ ᠬᠠᠤᠯᠢ ᠶᠣᠰᠣᠭ᠋ᠠᠷ ᠤᠰᠤ ᠵᠠᠰᠠᠬᠤ ᠴᠢᠳᠠᠪᠤᠷᠢ ᠵᠢᠨ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠳᠠᠬᠢ ᠬᠠᠤᠯᠢ᠎ᠪᠠᠷ ᠵᠠᠰᠠᠬᠤ ᠪᠠᠲᠤᠯᠠᠭ᠎ᠠ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠳᠡᠢ᠃ ᠬᠣᠶᠠᠷ᠎ᠲᠤ᠂ ᠰᠢ ᠵᠢᠨ ᠫᠢᠩ ᠶᠡᠷᠦᠩᠬᠡᠢ ᠱᠦᠵᠢ ᠪᠣᠯᠤᠨ ᠯᠢ ᠺᠸ ᠴᠢᠶᠠᠩ ᠶᠡᠷᠦᠩᠬᠡᠢ ᠰᠠᠶ᠋ᠢᠳ᠎ᠤᠨ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠬᠤ ᠠᠵᠢᠯ᠎ᠤᠨ ᠲᠤᠬᠠᠢ ᠬᠢᠭᠰᠡᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠰᠢᠢ᠍ᠳᠪᠦᠷᠢᠳᠦ ᠢᠯᠠᠯᠲᠠ ᠣᠯᠬᠤ᠂   ᠶᠠᠳᠠᠭᠤ᠎ᠠᠴᠠ ᠠᠩᠭᠢᠵᠢᠷᠠᠭᠤᠯᠬᠤ ᠬᠦᠴᠢᠷ ᠰᠡᠳᠦᠪ᠎ᠢ ᠰᠢᠢ᠍ᠳᠪᠦᠷᠢᠯᠡᠬᠦ ᠡᠯ᠎ᠡ ᠵᠦᠢ᠍ᠯ᠎ᠤᠨ ᠠᠵᠢᠯ᠎ᠢ ᠶᠡᠬᠡᠪᠡᠷ ᠴᠢᠩᠭ᠋ᠠᠳᠬᠠᠵᠤ᠂ ᠮᠠᠨ᠎ᠤ ᠲᠢᠩᠬᠢᠮ᠎ᠤᠨ ᠶᠠᠳᠠᠭᠤ᠎ᠠᠴᠠ ᠠᠩᠬᠢᠵᠢᠷᠠᠭᠤᠯᠵᠤ ᠪᠣᠭᠣᠮᠲᠠ ᠰᠢᠪᠲᠤᠯᠬᠤ ᠲᠤᠷᠰᠢᠯᠭ᠎ᠠ ᠬᠢᠳᠡᠯ ᠵᠶ᠋ᠡᠨ ᠳ᠋ᠦᠩᠨᠡᠵᠦ᠂ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠬᠤ ᠦᠷ᠎ᠡ ᠪᠦᠲᠦᠭᠡᠯ ᠵᠶ᠋ᠡᠨ ᠦᠷᠭᠦᠯᠵᠢᠯᠡᠨ ᠪᠡᠬᠢᠵᠢᠭᠦᠯᠦᠨ ᠲᠡᠭᠡᠭᠰᠢᠯᠡᠬᠦᠯᠵᠦ᠂ ᠡᠯ᠎ᠡ ᠵᠦᠢ᠍ᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ   ᠪᠠᠳᠣᠯᠠᠬᠤ ᠬᠡᠷᠡᠭᠳᠡᠢ᠃ ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶ᠎ᠠ ᠵᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠠᠶ᠋ᠢᠷᠢᠯᠠᠭᠤᠯᠤᠯᠲᠠ ᠪᠠ ᠪᠦ᠋ ᠰᠢᠶᠤᠤ ᠯᠢᠨ ᠨᠥᠬᠥᠷ᠎ᠤᠨ ᠮᠠᠨᠵᠤᠤᠷ ᠬᠣᠲᠠ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠎ᠤᠨ ᠲᠤᠬᠠᠶ ᠪᠠᠶ᠋ᠢᠴᠠᠭ᠋ᠠᠨ ᠰᠤᠳᠤᠯᠤᠯᠲᠠ ᠬᠢᠬᠦ ᠦᠶ᠎ᠡ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠰᠠᠶ᠋ᠢᠲᠤᠷ ᠨᠠᠢ᠌ᠳᠠᠪᠤᠷᠢᠵᠢᠭᠤᠯᠵᠤ᠂ ᠮᠠᠨ᠎ᠤ ᠲᠢᠩᠬᠢᠮ᠎ᠤᠨ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠡᠯ᠎ᠡ ᠵᠦᠢ᠍ᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠰᠠᠶ᠋ᠢᠲᠤᠷ   ᠬᠢᠬᠦ ᠬᠡᠷᠡᠭᠳᠡᠢ᠃
     (ᠡᠬᠡ ᠪᠢᠴᠢᠭ᠎ᠢ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠎ᠠᠴᠠ   ᠬᠠᠩᠭ᠋ᠠᠪᠠ)
   

ᠢᠷᠡᠯᠲᠡ᠄
          
ᠬᠠᠮᠢᠶ᠎ᠡ ᠪᠦᠬᠦᠢ ᠰᠣᠨᠢᠨ
ᠬᠢᠨᠠᠨ ᠬᠠᠮᠢᠶᠠᠷᠤᠯᠳᠠ ᠵᠢ ᠴᠢᠩᠭ᠋ᠠᠳᠬᠠᠨ ᠠᠶᠤᠯ ᠲᠦᠭᠰᠢᠭᠦᠷᠢ ᠵᠢ ᠰᠡᠷᠭᠡᠶ᠋ᠢᠯᠡᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠬᠦᠢ ᠵᠢᠨ ᠰᠠᠭᠤᠷᠢ ᠵᠢ ᠪᠡᠬᠢᠵᠢᠭᠦᠯᠦᠨ᠎ᠡ
ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠳᠦ ᠰᠠᠬᠢᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ
ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠳᠠ ᠵᠢᠨ ᠲᠢᠩᠬᠢᠮ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ᠎ᠤᠨ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠭᠤᠯᠪᠠ
ᠦᠪᠦᠷ ᠮᠤᠨᠭ᠌ᠭᠤᠯ᠎ᠤᠨ ᠲᠡᠦᠬᠡᠨ᠎ᠳᠠᠬᠢ ᠤᠰᠤᠨ ᠠᠰᠢᠭᠯᠠᠯᠲᠠ ᠵᠢᠨ ᠤᠰᠤ ᠠᠷᠪᠢᠯᠠᠬᠤ ᠤᠰᠤ ᠬᠠᠩᠭ᠋ᠠᠬᠤ ᠬᠠᠮᠤᠭ᠎ᠤᠨ ᠶᠡᠭᠡ ᠲᠦᠷᠦᠯ ᠵᠦᠢ᠍ᠯ — ᠴᠤᠤᠯ ᠭᠣᠣᠯ᠎ᠢ ᠲᠠᠲᠠᠵᠤ ᠯᠢᠶᠣᠤ ᠾᠧ ᠭᠤᠤᠯ᠎ᠳᠤ ᠤᠷᠤᠭᠤᠯᠬᠤ ᠢᠨᠵᠧᠨᠧᠷᠢᠩ᠎ᠤᠨ ᠠᠩᠬᠠᠳᠠᠭᠴᠢ TBM ᠮᠠᠰᠢᠨ ᠬᠢᠩᠭ᠋ᠠᠨ ᠠᠶ᠋ᠢᠮᠠᠭ᠎ᠲᠤ ᠡᠬᠢᠯᠡᠨ ᠠᠵᠢᠯᠯᠠᠪᠠ
ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠪᠤᠯᠪᠡᠰᠦᠷᠡᠯ᠎ᠤᠨ ᠠᠡᠭᠬᠢ ᠠᠮᠵᠢᠯᠲᠠ᠎ᠲᠠᠢ ᠶᠠᠪᠤᠭᠳᠠᠪᠠ
 
            