ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠦᠯᠦᠪᠵᠢᠭᠦᠯᠦᠨ ᠰᠠᠶ᠋ᠢᠲᠤᠷ ᠬᠢᠵᠦ᠂ ᠪᠥᠬᠥ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠡᠯ᠎ᠡ ᠵᠦᠢᠯ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠬᠤ ᠵᠢ ᠠᠬᠢᠭᠤᠯᠬᠤ ᠵᠢᠨ ᠲᠥᠯᠥᠭᠡ᠂ 3 ᠰᠠᠷ᠎ᠠ ᠵᠢᠨ 13᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠳᠠ ᠵᠢᠨ ᠲᠢᠩᠬᠢᠮ ᠬᠦᠬᠡᠬᠤᠳᠠ᠎ᠳᠤ ᠪᠥᠬᠥ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠳᠥᠯᠭᠢᠨ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ᠃ ᠤᠰᠤᠨ ᠠᠰᠢᠭᠯᠠᠯᠳᠠ ᠵᠢᠨ ᠲᠢᠩᠬᠢᠮ᠎ᠤᠨ ᠳᠠᠷᠤᠭ᠎ᠠ ᠯᠢᠦ ᠸᠠᠨ ᠬᠤᠸᠠ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ᠎ᠤᠨ ᠳᠡᠳ᠋ ᠳᠠᠷᠤᠭ᠎ᠠ ᠢᠦᠶ ᠴᠠᠩ ᠵᠢᠶᠠᠨ ᠬᠤᠷᠠᠯ᠎ᠢ ᠡᠷᠭᠢᠯᠡᠪᠡ᠃ ᠲᠢᠩᠬᠢᠮ᠎ᠤᠨ ᠡᠳ᠋᠎ᠤᠨ ᠵᠠᠰᠠᠭ᠎ᠤᠨ ᠭᠠᠵᠠᠷ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠪᠠᠶ᠋ᠢᠳᠠᠯ᠎ᠢ ᠮᠡᠳᠡᠭᠳᠡᠵᠦ᠂ ᠲᠦᠩᠯᠢᠶᠣᠤ ᠬᠣᠲᠠ᠂ ᠬᠢᠩᠭ᠋ᠠᠨ ᠠᠶ᠋ᠢᠮᠠᠭ᠂ ᠪᠠᠶᠠᠨᠨᠠᠭᠤᠷ ᠬᠣᠲᠠ ᠪᠣᠯᠤᠨ ᠠᠯᠠᠱ᠌ᠠ ᠠᠢ᠌ᠮᠠᠭ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠠᠬᠢᠭᠤᠯᠤᠭᠰᠠᠨ ᠪᠠᠶ᠋ᠢᠳᠠᠯ᠎ᠤᠨ ᠲᠤᠬᠠᠶ ᠶᠠᠷᠢᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ 2 ᠰᠠᠷ᠎ᠠ ᠵᠢᠨ 23᠎ᠤ ᠡᠳᠦᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠤᠯᠤᠰ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠪᠥᠳᠥᠭᠡᠨ ᠪᠠᠶ᠋ᠢᠭᠤᠯᠤᠯᠲᠠ ᠵᠢ ᠲᠦᠷᠭᠡᠳᠬᠡᠬᠦ ᠦᠨᠡᠨ ᠬᠦ᠌ ᠣᠯᠳᠠᠬᠤᠶ᠎ᠠ ᠪᠡᠷᠬᠡ ᠲᠣᠬᠢᠶᠠᠯ᠎ᠢ ᠠᠮᠵᠢᠨ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠪᠡᠯᠡᠳᠭᠡᠯ ᠠᠵᠢᠯ᠎ᠢ ᠤᠷᠢᠳᠴᠢᠯᠠᠨ ᠰᠠᠶ᠋ᠢᠲᠤᠷ ᠬᠢᠵᠦ᠂ ᠴᠠᠭ᠎ᠤᠨ ᠬᠦᠰᠦᠨᠦᠭᠲᠦ ᠪᠣᠯᠤᠨ ᠬᠠᠷᠢᠭᠤᠴᠠᠯᠭ᠋ᠠᠲᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠶᠠᠭ ᠬᠣᠶᠠᠳᠤᠭ᠋ᠠᠷ ᠪᠦᠯᠦᠭ ᠣᠷᠤᠨ ᠨᠤᠲᠤᠭ᠎ᠤᠨ ᠵᠠᠰᠠᠭ᠎ᠤᠨ ᠣᠷᠳᠤᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠬᠤᠪᠢᠶᠠᠷᠢᠯᠠᠵᠤ ᠪᠠᠶ᠋ᠢᠭ᠎ᠠ ᠪᠣᠯᠬᠣᠷ᠂ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠪᠡᠯᠡ ᠮᠥᠩᠭᠥ ᠪᠠᠵᠠᠭ᠋ᠠᠬᠤ ᠶᠠᠪᠤᠭᠳᠠᠭᠤᠰᠢᠲᠠᠶ ᠲᠥᠰᠦᠯ ᠲᠣᠭᠲᠠᠭ᠋ᠠᠵᠤ᠂ ᠪᠡᠯᠡ ᠮᠦᠨᠭᠬᠦ ᠤᠯᠬᠤ᠎ᠪᠠᠷ ᠢᠳᠡᠪᠬᠢᠳᠡᠢ᠎ᠪᠠᠷ ᠴᠢᠷᠮᠠᠢ᠌ᠵᠤ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠢ᠌ᠨ᠎ᠠ᠃
ᠬᠤᠷᠠᠯ᠎ᠠᠴᠠ᠂ 2020 ᠣᠨ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠪᠦᠬᠦ ᠲᠠᠯ᠎ᠠ ᠵᠢᠨ ᠢᠯᠠᠯᠲᠠ ᠵᠢ ᠤᠯᠬᠤ ᠰᠡᠭᠦᠯ ᠬᠤᠷᠷᠢᠶᠠᠬᠤ ᠵᠢᠯ ᠪᠣᠯᠤᠨ᠎ᠠ᠂ ᠡᠯ᠎ᠡ ᠭᠠᠵᠠᠷ᠎ᠤᠨ᠎ᠬᠢᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠢ᠂ ᠨᠢᠭᠡ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠮᠳᠠᠬᠢ ᠤᠰᠤ ᠤᠮᠳᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠢ ᠴᠢᠩᠭ᠎ᠠ ᠠᠳᠬᠤᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠤᠰᠤᠨ᠎ᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠪᠠ ᠤᠰᠤᠨ᠎ᠤ ᠰᠦᠢ᠍ᠳᠬᠡᠯ᠎ᠢ ᠬᠤᠷᠢᠶᠠᠨ ᠠᠪᠬᠤ ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ; ᠬᠣᠶᠠᠷ᠎ᠲᠤ ᠡᠯ᠎ᠡ ᠬᠣᠯᠪᠣᠭᠳᠠᠯ ᠪᠥᠬᠥᠶ ᠠᠶ᠋ᠢᠮᠠᠭ ᠬᠣᠲᠠ᠎ᠨᠤᠭᠤᠳ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠬᠡᠪ᠎ᠤᠨ ᠪᠤᠰᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠳᠥᠯᠭᠢᠨ ᠠᠬᠢᠭᠤᠯᠬᠤ ᠬᠡᠷᠡᠭᠲᠡᠶ; ᠭᠤᠷᠪᠠ᠎ᠳᠤ ᠪᠥᠳᠥᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠪᠣᠳᠠᠲᠠᠶ᠋ᠢᠵᠢᠭᠤᠯᠬᠤ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠨᠠᠶ᠋ᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠵᠢᠨ ᠲᠦᠯᠦᠪᠵᠢᠭᠦᠯᠭᠡ ᠵᠢ ᠬᠡᠷᠡᠭᠵᠢᠭᠦᠯᠬᠦ ᠪᠠ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠤᠰᠤᠨ ᠠᠰᠢᠭᠯᠠᠯᠳᠠ ᠵᠢᠨ ᠶᠠᠮᠤᠨ᠎ᠤ ᠲᠣᠭᠲᠠᠭ᠋ᠠᠭᠰᠠᠨ ᠣᠨ᠎ᠤ ᠬᠠᠷᠠᠯᠳᠠᠳᠤ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ ᠣᠳᠣᠬᠠᠨ᠎ᠳᠤ ᠬᠠᠲᠤᠨ ᠭᠣᠤᠯ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠭ᠋ᠠᠳ ᠪᠠᠶ᠋ᠢᠨ᠎ᠠ᠂ ᠬᠠᠲᠤᠨ ᠭᠣᠤᠯ ᠳᠠᠭ᠋ᠠᠤ ᠵᠢᠨ ᠡᠯ᠎ᠡ ᠠᠶ᠋ᠢᠮᠠᠭ ᠬᠣᠲᠠ᠎ᠨᠤᠭᠤᠳ ᠠᠵᠢᠯ ᠵᠶ᠋ᠠᠨ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ᠃ ᠡᠭᠦᠨ᠎ᠤ ᠬᠠᠮᠳᠤ᠂ ᠪᠠᠷᠢᠮᠵᠢᠶ᠎ᠠ᠎ᠠᠴᠠ ᠳᠠᠪᠠᠭᠰᠠᠨ ᠦᠶᠡᠷ᠎ᠢ ᠰᠡᠷᠭᠡᠢ᠌ᠯᠡᠬᠦ ᠠᠵᠢᠯ᠎ᠢ ᠰᠠᠢ᠌ᠳᠤᠷ ᠬᠢᠬᠦ ᠵᠢᠨ ᠴᠢᠬᠤᠯᠠ ᠠᠴᠢ ᠬᠤᠯᠪᠤᠭᠳᠠᠯ᠎ᠢ ᠬᠦᠢ᠍ᠴᠡᠳ ᠲᠠᠨᠢᠵᠤ᠂ ᠤᠯᠤᠰ ᠲᠦᠷᠦ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠦᠨ᠂ ᠰᠠᠨᠠᠭ᠋ᠠᠰᠢᠷᠠᠬᠤ ᠤᠬᠠᠮᠰᠠᠷ ᠵᠶ᠋ᠠᠨ ᠨᠡᠮᠡᠭᠳᠡᠭᠦᠯᠦᠨ᠂ ᠰᠡᠷᠭᠡᠭ ᠲᠠᠨᠢᠯᠲᠠ᠎ᠲᠠᠢ ᠪᠠᠶ᠋ᠢᠵᠤ᠂ ᠪᠠᠷᠢᠮᠵᠢᠶ᠎ᠠ᠎ᠠᠴᠠ ᠳᠠᠪᠠᠭᠰᠠᠨ ᠦᠶᠡᠷ᠎ᠢ ᠰᠡᠷᠭᠡᠢ᠌ᠢ᠍ᠯᠡᠬᠦ ᠵᠢ ᠤᠰᠤᠨ ᠠᠰᠢᠭᠯᠠᠯᠲᠠ ᠵᠢᠨ ᠠᠵᠢᠯ᠎ᠤᠨ ᠲᠤᠮᠤ ᠶᠠᠪᠤᠳᠠᠯ᠂ ᠴᠢᠬᠤᠯᠠ ᠶᠠᠪᠤᠳᠠᠯ ᠪᠣᠯᠭ᠋ᠠᠨ ᠠᠳᠬᠤᠬᠤ ᠬᠡᠷᠡᠭᠲᠡᠶ᠃
ᠬᠤᠷᠠᠯ᠎ᠠᠴᠠ ᠱᠠᠭ᠋ᠠᠷᠳᠠᠭᠰᠠᠨ᠎ᠨᠢ᠂ ᠪᠥᠬᠥ ᠣᠷᠣᠨ᠎ᠤ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠪᠠᠯᠠ ᠮᠥᠩᠭᠥ ᠵᠣᠭᠰᠣᠩᠭᠢᠷᠠᠵᠤ ᠪᠠᠶ᠋ᠢᠭ᠎ᠠ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠵᠣᠭᠰᠣᠩᠭᠢᠷᠠᠵᠤ ᠪᠠᠶ᠋ᠢᠭ᠎ᠠ ᠪᠠᠯᠠ ᠮᠥᠩᠭᠥ ᠵᠢ ᠰᠠᠯᠭ᠋ᠠᠨ ᠥᠭᠬᠦ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠰᠠᠶ᠋ᠢᠲᠤᠷ ᠨᠠᠶ᠋ᠢᠳᠠᠪᠤᠷᠢᠵᠢᠭᠤᠯᠤᠭᠰᠠᠨ ᠥᠬᠡᠶ ᠭᠠᠵᠠᠷ ᠣᠷᠣᠨ᠎ᠳᠤ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠵᠥᠪᠳᠡᠯᠴᠡᠬᠦ ᠲᠣᠭᠲᠠᠴᠠ ᠵᠢ ᠪᠠᠶ᠋ᠢᠭᠤᠯᠦᠨ᠂ ᠡᠯ᠎ᠡ ᠭᠠᠵᠠᠷ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ᠎ᠤᠨ ᠳᠤᠮᠳᠠ ᠢᠯᠡᠷᠡᠭᠦᠯᠦᠭᠰᠡᠨ ᠭᠣᠣᠯᠳᠠᠯᠭ᠎ᠠ᠎ᠲᠠᠢ ᠠᠰᠠᠭᠤᠳᠠᠯ᠎ᠢ ᠴᠢᠩᠭ᠎ᠠ ᠠᠳᠬᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ ᠭᠡᠵᠡᠢ᠃
ᠲᠢᠩᠬᠢᠮ᠎ᠤᠨ ᠤᠳᠤᠷᠢᠳᠤᠯᠭ᠎ᠠ ᠪᠣᠯᠤᠨ ᠲᠢᠩᠬᠢᠮ᠎ᠤᠨ ᠬᠣᠯᠪᠣᠭᠳᠠᠯ ᠪᠥᠬᠥᠶ ᠭᠠᠵᠠᠷ ᠲᠠᠰᠤᠭ᠎ᠤᠨ ᠭᠣᠤᠯ ᠬᠠᠷᠢᠭᠤᠴᠠᠯᠭ᠋ᠠᠲᠠᠨ ᠨᠥᠬᠥᠳ ᠭᠣᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠤ᠂ ᠡᠯ᠎ᠡ ᠠᠶ᠋ᠢᠮᠠᠭ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ ᠵᠢᠨ ᠳᠠᠷᠤᠭ᠎ᠠ᠂ ᠬᠤᠪᠢᠳᠠᠨ ᠬᠠᠮᠢᠶᠠᠷᠴᠤ ᠪᠥᠬᠥᠶ ᠲᠣᠪᠴᠢᠶᠠᠨ ᠳᠠᠷᠤᠭ᠎ᠠ ᠵᠢᠴᠢ ᠬᠠᠮᠢᠶ᠎ᠠ ᠪᠥᠬᠥᠶ ᠬᠥᠮᠦᠰ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃