ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠳᠠ ᠵᠢᠨ ᠲᠢᠩᠬᠢᠮ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ᠎ᠤᠨ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-01-27

     11 ᠰᠠᠷ᠎ᠠ ᠵᠢᠨ 13᠎ᠤ ᠡᠳᠦᠷ᠂ ᠪᠥᠬᠥ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ᠎ᠤᠨ ᠲᠤᠬᠠᠶ ᠵᠢᠨ ᠲᠠᠯᠠᠪᠤᠷ᠎ᠤᠨ ᠬᠤᠷᠠᠯ ᠤᠯᠠᠭ᠋ᠠᠨᠴᠠᠪ ᠬᠣᠲᠠ ᠵᠢᠨ ᠵᠦᠸᠧᠽᠢ ᠰᠢᠶᠠᠨ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠤᠤ ᠴᠠᠩ ᠴᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
     13᠎ᠤ ᠦᠳᠡ ᠵᠢᠨ ᠡᠮᠦᠨ᠎ᠡ᠂ ᠬᠤᠷᠠᠯ᠎ᠳᠤ ᠣᠷᠣᠯᠴᠠᠭᠰᠠᠳ ᠤᠷᠢᠳ ᠬᠣᠵᠢᠳ ᠵᠦᠸᠧᠽᠢ ᠰᠢᠶᠠᠨ᠎ᠤ ᠵᠤᠰᠤᠳᠤ ᠵᠢᠨ ᠠᠭᠤᠯᠠ ᠪᠠᠯᠭ᠋ᠠᠰᠤᠨ᠎ᠤ ᠱᠠᠨ ᠳ᠋ᠢᠩ ᠲᠣᠰᠬᠣᠨ᠂ ᠵᠤᠰᠤᠳᠤ ᠵᠢᠨ ᠠᠭᠤᠯᠠ ᠪᠠᠯᠭ᠋ᠠᠰᠤᠨ᠎ᠤ ᠵᠢᠷᠭᠤᠳᠤᠭ᠋ᠠᠷ ᠰᠤᠮᠤ ᠲᠣᠰᠬᠣᠨ᠂ ᠰᠢᠪᠠᠷᠲᠠᠢ ᠪᠠᠯᠭ᠋ᠠᠰᠤᠨ᠎ᠤ ᠰᠢ ᠯᠢᠶᠠᠩ ᠲᠣᠰᠬᠣᠨ᠎ᠳᠤ ᠬᠦᠷᠴᠦ ᠵᠦᠸᠧᠽᠢ ᠰᠢᠶᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠢ ᠲᠣᠭᠣᠷᠢᠨ ᠦᠵᠡᠪᠡ᠃ ᠬᠦᠷᠦᠭᠰᠡᠨ ᠭᠠᠵᠠᠷ ᠪᠣᠯᠭ᠋ᠠᠨ᠎ᠳᠤ᠂ ᠤᠯᠠᠨ ᠵᠶ᠋ᠠᠷ ᠵᠶ᠋ᠠᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠲᠤᠬᠠᠢ ᠵᠢᠨ ᠭᠠᠵᠠᠷ᠎ᠤᠨ ᠲᠣᠰᠬᠣᠨ᠎ᠤ ᠠᠷᠠᠳ᠎ᠤᠨ ᠵᠥᠪᠯᠡᠯ ᠪᠣᠯᠤᠨ ᠶᠠᠳᠠᠭᠤ ᠬᠦᠴᠢᠷᠳᠡᠯᠲᠡᠢ ᠡᠷᠦᠬᠡ᠎ᠲᠠᠢ ᠭᠦᠨᠵᠡᠭᠡᠢ ᠶᠠᠷᠢᠯᠴᠠᠵᠤ᠂ ᠪᠠᠷᠢᠯᠭ᠎ᠠ ᠵᠢᠨ ᠠᠵᠢᠯᠯᠠᠭ᠎ᠠ᠂ ᠪᠠᠷᠢᠯᠭ᠎ᠠ ᠵᠢᠨ ᠪᠦᠳᠦᠭᠡᠨ ᠪᠠᠢ᠌ᠭᠤᠯᠤᠯᠳᠠ ᠵᠢᠨ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ᠂ ᠤᠰᠤᠨ᠎ᠤ ᠰᠦᠢ᠍ᠳᠬᠡᠯ᠎ᠢ ᠬᠤᠷᠢᠶᠠᠭᠰᠠᠨ ᠵᠢᠴᠢ ᠮᠠᠯᠴᠢᠨ ᠲᠠᠷᠢᠶᠠᠴᠢᠨ᠎ᠤ ᠮᠡᠳᠡᠷᠡᠮᠵᠢ ᠵᠢᠨ ᠬᠡᠮᠵᠢᠶ᠎ᠡ ᠵᠡᠷᠭᠡ ᠵᠢ ᠣᠶ᠋ᠢᠯᠠᠭ᠋ᠠᠪᠠ᠃ ᠦᠳᠡ ᠵᠢᠨ ᠬᠣᠶ᠋ᠢᠨ᠎ᠠ᠂ ᠳ᠋ᠦᠩᠨᠡᠨ ᠰᠣᠯᠢᠯᠴᠠᠬᠤ ᠬᠤᠷᠠᠯ ᠬᠤᠷᠠᠯᠳᠤᠭᠤᠯᠵᠤ᠂ ᠬᠡᠰᠡᠭ ᠠᠶ᠋ᠢᠮᠠᠭ ᠬᠤᠳᠠ ᠪᠣᠯᠤᠨ ᠬᠣᠰᠢᠭᠤ ᠰᠢᠶᠠᠨ᠎ᠤ ᠤᠰᠤᠨ ᠠᠰᠢᠭᠯᠠᠯᠲᠠ ᠵᠢᠨ ᠳᠤᠪᠴᠢᠶ᠎ᠠ ᠵᠢᠨ ᠲᠦᠯᠦᠭᠡᠯᠡᠭᠴᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ᠎ᠤᠨ ᠲᠤᠬᠠᠢ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃
      ᠤᠯᠠᠨ᠎ᠤ ᠶᠠᠷᠢᠶ᠎ᠠ ᠵᠢ ᠰᠣᠨᠣᠰᠤᠭᠰᠠᠨ᠎ᠤ ᠲᠠᠷᠠᠭ᠎ᠠ᠂ ᠵᠤᠤ ᠴᠠᠩ ᠴᠢᠩ ᠡᠯ᠎ᠡ ᠭᠠᠵᠠᠷ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ᠎ᠤᠨ ᠲᠠᠯ᠎ᠠ᠎ᠪᠠᠷ ᠣᠯᠤᠭᠰᠠᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠡᠨᠡ ᠵᠢᠯ᠎ᠠᠴᠠ ᠨᠠᠭ᠋ᠠᠰᠢᠬᠢ ᠪᠦᠬᠦ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ᠎ᠢ ᠳ᠋ᠦᠩᠨᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠣᠳᠣᠬᠠᠨ᠎ᠤ ᠪᠠᠶ᠋ᠢᠳᠠᠯ᠎ᠢ ᠵᠠᠳᠠᠯᠵᠤ᠂ ᠪᠡᠬᠢᠵᠢᠭᠦᠯᠦᠨ ᠴᠢᠩᠭ᠋ᠠᠳᠬᠠᠬᠤ ᠴᠢᠬᠤᠯᠠᠲᠠᠢ ᠭᠣᠭᠴᠣᠭ᠎ᠠ ᠵᠢ ᠵᠢᠭ᠋ᠠᠵᠤ ᠭᠠᠷᠭ᠋ᠠᠭᠰᠠᠨ ᠪᠥᠭᠡᠳ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠠᠢ᠃ ᠲᠡᠷᠡ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢᠨ ᠴᠢᠬᠤᠯᠠ ᠴᠢᠨᠠᠷ ᠪᠣᠯᠤᠨ ᠲᠤᠯᠭ᠋ᠠᠮ ᠴᠢᠨᠠᠷ᠎ᠢ ᠭᠦᠨᠵᠡᠭᠡᠢ ᠲᠠᠨᠢᠵᠤ᠂ ᠤᠯᠠᠨ ᠡᠭᠦᠰᠬᠦ ᠠᠮᠠᠷᠬᠠᠨ ᠡᠭᠦᠰᠬᠦ ᠠᠰᠠᠭᠤᠳᠠᠯ᠎ᠳᠤ ᠴᠢᠭᠯᠡᠭᠦᠯᠦᠨ᠂ ᠵᠢᠭᠰᠠᠭ᠋ᠠᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠴᠡᠭᠴᠡᠯᠡᠨ ᠰᠠᠶ᠋ᠢᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠤᠭᠤᠬᠤ ᠤᠰᠤᠨ᠎ᠤ ᠠᠮᠤᠷ ᠲᠦᠪᠰᠢᠨ᠎ᠤ   ᠪᠠᠳᠤᠯᠠᠭ᠎ᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠦᠲᠦᠭᠡᠨ ᠪᠠᠶ᠋ᠢᠭᠤᠯᠤᠭᠰᠠᠨ᠎ᠤ ᠳᠠᠷᠠᠭ᠋ᠠᠬᠢ ᠬᠠᠮᠢᠶᠠᠷᠴᠤ ᠬᠠᠮᠠᠭ᠋ᠠᠯᠠᠬᠤ᠂ ᠤᠰᠤᠨ᠎ᠤ ᠰᠦᠢ᠍ᠳᠬᠡᠯ᠎ᠢ ᠬᠤᠷᠢᠶᠠᠬᠤ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ 2020 ᠣᠨ᠎ᠤ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠤᠷᠢᠳᠴᠢᠯᠠᠨ ᠰᠠᠶ᠋ᠢᠲᠤᠷ ᠲᠥᠯᠥᠪᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠡᠯ᠎ᠡ   ᠵᠦᠢ᠍ᠯ᠎ᠤᠨ ᠤᠤᠭᠤᠬᠤ ᠤᠰᠤᠨ᠎ᠤ ᠠᠮᠤᠷ ᠲᠦᠪᠰᠢᠨ᠎ᠤ ᠰᠢᠢ᠍ᠳᠪᠦᠷᠢᠲᠦ ᠢᠯᠠᠯᠲᠠ ᠵᠢ ᠤᠯᠬᠤ᠎ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃
      ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠡᠭᠦᠷᠭᠡ ᠨᠡᠯᠢᠶᠡᠳ ᠬᠦᠨᠳᠦ ᠪᠠᠶ᠋ᠢᠭ᠎ᠠ ᠤᠯᠠᠭ᠋ᠠᠨᠬᠠᠳᠠ ᠬᠤᠳᠠ᠂ ᠰᠢᠯᠢ ᠵᠢᠨ ᠭᠣᠣᠯ ᠠᠶ᠋ᠢᠮᠠᠭ᠂ ᠤᠯᠠᠭ᠋ᠠᠨᠴᠠᠪ ᠬᠤᠳᠠ ᠵᠡᠷᠭᠡ 3 ᠠᠶ᠋ᠢᠮᠠᠭ ᠬᠤᠳᠠ ᠵᠢᠴᠢ ᠠᠤᠬᠠᠨ ᠬᠣᠰᠢᠭᠤ᠂ ᠬᠥᠪᠡᠭᠡᠲᠦ ᠰᠢᠷ᠎ᠠ ᠬᠣᠰᠢᠭᠤ᠂ ᠵᠦᠸᠧᠽᠢ ᠰᠢᠶᠠᠨ ᠵᠡᠷᠭᠡ ᠤᠯᠤᠰ᠎ᠤᠨ ᠲᠡᠰ᠎ᠤᠨ 6 ᠶᠠᠳᠠᠭᠤ ᠬᠦᠴᠢᠷᠳᠡᠯᠲᠡᠢ ᠬᠣᠰᠢᠭᠤ ᠰᠢᠶᠠᠨ᠎ᠤ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠪᠣᠯᠤᠨ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠤᠰᠤᠨ ᠠᠰᠢᠭᠯᠠᠯᠳᠠ ᠵᠢᠨ ᠲᠢᠩᠬᠢᠮ᠎ᠤᠨ ᠲᠠᠷᠢᠶᠠᠯᠠᠩ ᠮᠠᠯ ᠠᠵᠤ ᠠᠬᠤᠢ ᠵᠢᠨ ᠭᠠᠵᠠᠷ᠂ ᠡᠳ᠋᠎ᠤᠨ ᠶᠠᠪᠤᠳᠠᠯ᠎ᠤᠨ ᠭᠠᠵᠠᠷ᠂ ᠤᠰᠤᠯᠠᠯᠲᠠ ᠤᠰᠤ ᠲᠠᠳᠠᠷᠠᠭᠤᠯᠬᠤ ᠲᠥᠪ ᠵᠡᠷᠭᠡ ᠵᠢᠨ ᠬᠠᠮᠢᠶ᠎ᠠ ᠪᠦᠬᠦᠢ 20 ᠭᠠᠷᠤᠢ ᠬᠥᠮᠦᠨ ᠲᠤᠰ ᠤᠳᠠᠭ᠎ᠠ ᠵᠢᠨ ᠲᠤᠬᠠᠢ ᠵᠢᠨ ᠲᠠᠯᠠᠪᠠᠢ ᠵᠢᠨ ᠬᠤᠷᠠᠯ᠎ᠳᠤ ᠣᠷᠣᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠪᠦᠷ ᠮᠤᠨᠭ᠌ᠭᠤᠯ᠎ᠤᠨ ᠲᠡᠦᠬᠡᠨ᠎ᠳᠠᠬᠢ ᠤᠰᠤᠨ ᠠᠰᠢᠭᠯᠠᠯᠲᠠ ᠵᠢᠨ ᠤᠰᠤ ᠠᠷᠪᠢᠯᠠᠬᠤ ᠤᠰᠤ ᠬᠠᠩᠭ᠋ᠠᠬᠤ ᠬᠠᠮᠤᠭ᠎ᠤᠨ ᠶᠡᠭᠡ ᠲᠦᠷᠦᠯ ᠵᠦᠢ᠍ᠯ — ᠴᠤᠤᠯ ᠭᠣᠣᠯ᠎ᠢ ᠲᠠᠲᠠᠵᠤ ᠯᠢᠶᠣᠤ ᠾᠧ ᠭᠤᠤᠯ᠎ᠳᠤ ᠤᠷᠤᠭᠤᠯᠬᠤ ᠢᠨᠵᠧᠨᠧᠷᠢᠩ᠎ᠤᠨ ᠠᠩᠬᠠᠳᠠᠭᠴᠢ TBM ᠮᠠᠰᠢᠨ ᠬᠢᠩᠭ᠋ᠠᠨ ᠠᠶ᠋ᠢᠮᠠᠭ᠎ᠲᠤ ᠡᠬᠢᠯᠡᠨ ᠠᠵᠢᠯᠯᠠᠪᠠ
ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠪᠤᠯᠪᠡᠰᠦᠷᠡᠯ᠎ᠤᠨ ᠠᠡᠭᠬᠢ ᠠᠮᠵᠢᠯᠲᠠ᠎ᠲᠠᠢ ᠶᠠᠪᠤᠭᠳᠠᠪᠠ
ᠦᠪᠦᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠶ᠋ᠢᠭᠡᠮᠯᠢᠭ᠎ᠤᠨ ᠭᠤᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠭᠡᠰᠢᠭᠦᠨ᠎ᠤ ᠲᠥᠯᠦᠭᠡᠯᠡᠭᠴᠢᠳ᠎ᠤᠨ ᠭᠤᠷᠪᠠᠳᠤᠭ᠋ᠠᠷ ᠬᠤᠷᠠᠯ ᠵᠢᠴᠢ 2018 — 2019 ᠣᠨ᠎ᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠯᠢᠳᠡᠭ ᠱᠠᠩᠨᠠᠯ ᠣᠯᠭᠣᠬᠤ ᠶᠡᠬᠡ ᠬᠤᠷᠠᠯ ᠠᠮᠵᠢᠯᠲᠠ᠎ᠲᠠᠢ ᠬᠤᠷᠠᠯᠳᠤᠪᠠ
ᠤᠰᠤᠨ ᠠᠰᠢᠭᠯᠠᠯᠳᠠ ᠵᠢᠨ ᠲᠢᠩᠬᠢᠮ ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ
ᠤᠰᠤᠨ ᠠᠰᠢᠭᠯᠠᠯᠳᠠ ᠵᠢᠨ ᠲᠢᠩᠬᠢᠮ ᠤᠰᠤᠨ ᠠᠰᠢᠭᠯᠠᠯᠲᠠ ᠵᠢᠨ ᠦᠢᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠵᠢᠯ ᠵᠶ᠋ᠠᠨ ᠰᠡᠷᠭᠦᠭᠡᠵᠦ ᠦᠢᠯᠡᠳᠪᠦᠷᠢᠯᠡᠯ ᠵᠶ᠋ᠠᠨ ᠰᠡᠷᠭᠦᠭᠡᠬᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠵᠢᠯ᠎ᠢ ᠴᠢᠨᠭ᠌ᠭ᠋ᠠᠳᠬᠠᠪᠠ
 
            