ᠤᠰᠤᠨ ᠠᠰᠢᠭᠯᠠᠯᠳᠠ ᠵᠢᠨ ᠶᠠᠮᠤᠨ᠎ᠤ 《ᠤᠰᠤᠨ ᠠᠰᠢᠭᠯᠠᠯᠲᠠ ᠵᠢᠨ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠨᠠᠷᠢᠨ ᠬᠠᠭᠤᠳᠠᠰᠤ ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠠᠯᠪᠠᠨ ᠭᠡᠷ ᠬᠢᠨᠠᠯᠲᠠ [2019] 211 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠳᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯᠲᠠᠳ᠎ᠤᠨ ᠶᠡᠷᠦᠩᠬᠡᠶ᠋ᠢᠯᠡᠭᠰᠡᠨ ᠬᠡᠪ ᠴᠢᠨᠠᠷ ᠪᠣᠯᠤᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠬᠢᠷᠢ ᠬᠡᠮᠵᠢᠶ᠎ᠡ ᠵᠢ ᠲᠠᠰᠤᠷᠠᠯᠳᠠ ᠥᠭᠡᠢ ᠳᠡᠭᠡᠭᠰᠢᠯᠡᠭᠦᠯᠬᠦ ᠵᠢᠨ ᠲᠤᠰᠠᠳᠠ᠂ 2019 ᠣᠨ᠎ᠤ 11 ᠰᠠᠷ᠎ᠠ ᠵᠢᠨ 29᠎ᠤ ᠡᠳᠦᠷ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠤᠬᠡᠨ ᠪᠠᠶ᠋ᠢᠭᠤᠯᠤᠯᠲᠠ ᠵᠢᠨ ᠶᠠᠰᠤ ᠴᠢᠨᠠᠷ ᠪᠣᠯᠤᠨ ᠠᠮᠤᠷ ᠲᠦᠪᠰᠢᠨ᠎ᠤ ᠬᠢᠨᠠᠯᠲᠠ ᠲᠠᠯᠪᠢᠬᠤ ᠲᠥᠪ ᠦᠷᠳᠡᠬᠡ ᠬᠦᠬᠡᠬᠤᠳᠠ᠎ᠳᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠪᠤᠯᠪᠠᠰᠤᠷᠠᠯ᠎ᠤᠨ ᠠᠨᠭ᠌ᠬᠢ ᠵᠢ ᠠᠮᠵᠢᠯᠳᠠ᠎ᠲᠠᠢ ᠡᠷᠬᠢᠯᠡᠪᠡ᠃
ᠪᠣᠯᠪᠠᠰᠤᠷᠠᠯ᠎ᠨᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠨᠠᠷᠢᠨ ᠬᠠᠭᠤᠳᠠᠰᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠪᠣᠳᠠᠲᠤ ᠶᠠᠪᠤᠳᠠᠯ᠂ 《ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠭᠠᠷ ᠳᠡᠪᠲᠡᠷ》᠎ᠤᠨ ᠲᠠᠶ᠋ᠢᠯᠤᠮᠵᠢ᠎ᠪᠠᠷ ᠭᠣᠤᠯ ᠠᠭᠤᠯᠭ᠎ᠠ ᠪᠣᠯᠭ᠋ᠠᠪᠠ᠃ ᠤᠰᠤᠨ ᠠᠰᠢᠭᠯᠠᠯᠳᠠ ᠵᠢᠨ ᠶᠠᠮᠤᠨ᠎ᠤ ᠪᠥᠳᠥᠭᠡᠨ ᠪᠠᠶ᠋ᠢᠭᠤᠯᠤᠯᠲᠠ᠂ ᠶᠠᠰᠤ ᠴᠢᠨᠠᠷ᠂ ᠬᠢᠨᠠᠯᠲᠠ ᠲᠠᠯᠪᠢᠬᠤ ᠵᠡᠷᠭᠡ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠤᠨ ᠨᠠᠶ᠋ᠢᠷᠠᠭᠤᠯᠬᠤ᠎ᠳᠤ ᠤᠯᠠᠨ ᠤᠳᠠᠭ᠎ᠠ ᠣᠷᠣᠯᠴᠠᠭᠰᠠᠨ ᠾᠧᠨᠠᠨ ᠮᠤᠵᠢ ᠵᠢᠨ ᠤᠰᠤᠨ ᠠᠰᠢᠭᠯᠠᠯᠲᠠ ᠤᠰᠤ᠎ᠪᠠᠷ ᠴᠠᠬᠢᠯᠭ᠋ᠠᠨ ᠭᠠᠷᠭ᠋ᠠᠬᠤ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠬᠢᠨᠠᠨ ᠬᠡᠮᠵᠢᠬᠦ ᠥᠷᠲᠡᠭᠡᠨ᠎ᠤ ᠤᠳᠤᠷᠢᠳᠤᠯᠭ᠎ᠠ ᠪᠠ ᠲᠤᠰᠬᠠᠶ ᠮᠡᠷᠭᠡᠵᠢᠯᠲᠡᠨ᠎ᠢ ᠤᠷᠢᠵᠤ ᠬᠢᠴᠢᠶᠡᠯᠯᠡᠭᠦᠯᠪᠡ᠃
ᠪᠥᠬᠥ ᠣᠷᠣᠨ᠎ᠤ ᠡᠯ᠎ᠡ ᠠᠶ᠋ᠢᠮᠠᠭ ᠬᠣᠲᠠ᠂ ᠡᠯ᠎ᠡ ᠬᠣᠰᠢᠭᠤ ᠰᠢᠶᠠᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯᠲᠠᠨ 240 ᠰᠢᠬᠠᠮ ᠰᠣᠷᠣᠭᠴᠢ ᠪᠣᠯᠪᠠᠰᠤᠷᠠᠯ᠎ᠳᠤ ᠣᠷᠣᠯᠴᠠᠵᠠᠶ᠃ ᠲᠣᠰ ᠤᠳᠠᠭ᠋ᠠᠨ᠎ᠤ ᠪᠣᠯᠪᠠᠰᠤᠷᠠᠯ᠎ᠨᠢ ᠬᠤᠷᠠᠯ᠎ᠳᠤ ᠣᠷᠣᠯᠴᠠᠭᠰᠠᠨ ᠡᠯ᠎ᠡ ᠲᠠᠯ᠎ᠠ ᠵᠢᠨ᠎ᠬᠢᠨ ᠪᠠ ᠥᠷᠭᠡᠨ ᠣᠯᠠᠨ ᠰᠤᠷᠤᠭᠴᠢᠳ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ ᠪᠥᠬᠥ ᠪᠣᠯᠪᠠᠰᠤᠷᠠᠯ᠎ᠤᠨ ᠠᠭᠤᠯᠭ᠎ᠠ ᠵᠢ ᠲᠥᠯᠥᠪᠯᠡᠭᠡ ᠶᠣᠰᠣᠭ᠋ᠠᠷ ᠪᠡᠶᠡᠯᠡᠭᠦᠯᠵᠦ᠂ ᠵᠢᠱ᠌ᠢᠭᠰᠡᠨ ᠦᠷ᠎ᠡ ᠪᠦᠲᠦᠮᠵᠢ᠎ᠳᠤ ᠬᠥᠷᠪᠡ᠃