ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠳᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠢᠦ ᠸᠠᠨ ᠬᠤᠸᠠ
ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠦ᠂ ᠠᠯᠢ ᠤᠯᠠᠨ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠤᠭᠳᠠᠭ᠋ᠠᠵᠠᠢ᠃ ᠶᠡᠷᠦᠩᠬᠡᠶ ᠱᠦᠵᠢ ᠰᠢ ᠵᠢᠨ ᠫᠢᠩ᠂ ᠠᠮᠢ ᠨᠠᠰᠤ ᠲᠠᠶ᠋ᠢᠱ᠌ᠠᠨ ᠠᠭᠤᠯᠠᠨ᠎ᠠᠴᠠ ᠬᠦᠨᠳᠦ ᠪᠠᠶ᠋ᠢᠳᠠᠭ ᠪᠣᠯᠬᠣᠷ ᠠᠶᠤᠯᠬᠦᠢ ᠦᠢ᠍ᠯᠡᠳᠪᠦᠷᠢᠯᠡᠯ᠎ᠢ ᠡᠷᠬᠡᠪᠰᠢ ᠴᠢᠬᠤᠯᠠ ᠪᠠᠶ᠋ᠢᠷᠢᠨ᠎ᠳᠤ ᠲᠠᠯᠪᠢᠵᠤ᠂ ᠠᠶᠤᠯᠬᠦᠢ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠴᠤᠭᠴᠠᠯᠠᠵᠤ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠤᠨ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ᠂ ᠡᠨᠳᠡᠯ᠎ᠤᠨ ᠳᠠᠯᠳᠠ ᠬᠡᠮ᠎ᠢ ᠦᠨᠳᠦᠰᠦᠨ᠎ᠠᠴᠠ᠎ᠨᠢ ᠠᠷᠢᠯᠭ᠋ᠠᠵᠤ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ ᠵᠢ ᠪᠦᠲᠦᠮᠵᠢᠲᠡᠶ᠎ᠪᠠᠷ ᠬᠣᠷᠢᠭᠯᠠᠬᠤ ᠬᠡᠷᠡᠭᠲᠡᠶ ᠭᠡᠵᠤ ᠴᠢᠬᠤᠴᠢᠯᠠᠭᠰᠠᠨ ᠪᠠᠢ᠌ᠨ᠎ᠠ᠃ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠶᠡᠷᠦᠩᠬᠡᠶ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ 《ᠢᠨᠵᠧᠨᠧᠷᠢᠩ ᠵᠶ᠋ᠠᠷ ᠳᠤᠲᠠᠭᠤᠳᠠᠯ᠎ᠢ ᠨᠥᠬᠥᠪᠥᠷᠢᠯᠡᠵᠦ᠂ ᠠᠵᠢᠯ ᠲᠥᠷᠥᠯ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠬᠢᠨᠠᠮᠠᠭ᠋ᠠᠶ ᠳᠤᠭᠤᠰᠢᠯᠠᠭᠤᠯᠤᠨ᠂ 《ᠪᠥᠲᠥᠭᠡᠨ ᠪᠠᠶ᠋ᠢᠭᠤᠯᠬᠤ ᠪᠠ ᠬᠠᠮᠢᠶᠠᠷᠬᠤ ᠵᠢ ᠵᠡᠷᠭᠡ᠎ᠪᠡᠷ ᠴᠢᠬᠤᠯᠠᠴᠢᠯᠠᠬᠤ》 ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠦᠨᠡᠨᠬᠦ ᠴᠢᠩᠭ᠋ᠠᠷᠠᠭᠤᠯᠤᠨ᠂ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠴᠢᠷᠮᠠᠶ᠋ᠢᠨ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢᠯᠡᠰ᠎ᠤᠨ ᠴᠢᠨᠠᠷ ᠰᠠᠶ᠋ᠢᠲᠠᠶ ᠬᠥᠭᠵᠢᠬᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
2019 ᠣᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠤᠨ ᠵᠥᠷᠢᠶ᠎ᠡ ᠪᠣᠯᠤᠨ ᠬᠦᠷᠦᠯᠴᠡᠬᠦ ᠥᠭᠡᠢ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠭᠤᠷᠠᠶ ᠭᠣᠭᠴᠣᠭ᠎ᠠ ᠵᠢ ᠬᠦᠴᠦᠯᠡᠨ ᠴᠢᠩᠭ᠋ᠠᠷᠠᠭᠤᠯᠵᠤ᠂ ᠠᠶᠤᠯᠬᠦᠢ ᠦᠢ᠍ᠯᠡᠳᠪᠦᠷᠢᠯᠡᠯ᠎ᠤᠨ ᠲᠣᠭᠣᠷᠢᠨ ᠪᠠᠶ᠋ᠢᠴᠠᠭ᠋ᠠᠵᠤ ᠬᠢᠨᠠᠨ ᠬᠠᠮᠢᠶᠠᠷᠬᠤ ᠡᠷᠴᠢᠮ᠎ᠢ ᠨᠡᠮᠡᠭᠳᠡᠭᠦᠯᠦᠨ᠂ ᠮᠡᠳᠡᠭᠡ ᠵᠠᠩᠬᠢᠵᠢᠯᠳᠠ ᠵᠢᠨ ᠠᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠨ᠂ ᠠᠶᠤᠯᠬᠦᠢ ᠦᠢ᠍ᠯᠡᠳᠪᠦᠷᠢᠯᠡᠯ᠎ᠤᠨ ᠰᠠᠭᠤᠷᠢ ᠵᠢ ᠲᠠᠰᠤᠷᠠᠯᠳᠠ ᠥᠭᠡᠢ ᠪᠡᠬᠢᠵᠢᠭᠦᠯᠵᠦ᠂ ᠠᠶᠤᠯᠬᠦᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠦᠨᠡᠨᠬᠦ ᠳᠡᠭᠡᠭᠰᠢᠯᠡᠭᠦᠯᠵᠦ᠂ ᠦᠢ᠍ᠯᠡᠳᠪᠦᠷᠢᠯᠡᠯ᠎ᠤᠨ ᠠᠶᠤᠯᠬᠦᠢ ᠵᠢᠨ ᠡ᠊ᠨᠳᠡᠯ᠎ᠢ ᠪᠦᠲᠦᠮᠵᠢᠲᠡᠶ ᠰᠡᠷᠭᠡᠶ᠋ᠢᠯᠡᠵᠦ᠂ ᠠᠷᠠᠳ ᠲᠦᠮᠡᠨ᠎ᠤ ᠠᠮᠢ ᠨᠠᠰᠤ ᠡᠳ᠋ ᠬᠥᠷᠦᠩᠭᠡ᠎ᠤᠨ ᠠᠮᠤᠷ ᠲᠦᠪᠰᠢᠨ᠎ᠢ ᠬᠦᠴᠦᠲᠡᠶ ᠪᠠᠲᠤᠯᠠᠵᠤ᠂ ᠨᠡᠶ᠋ᠢᠭᠡᠮ᠎ᠤᠨ ᠡᠶ᠎ᠡ ᠵᠤᠬᠢᠴᠠᠩᠭᠤᠢ ᠲᠣᠭᠲᠠᠭᠤᠨ ᠪᠠᠢ᠌ᠬᠤ ᠵᠢ ᠬᠠᠮᠠᠭ᠋ᠠᠯᠠᠪᠠ᠃
ᠨᠢᠭᠡ᠎ᠳᠤ ᠠᠶᠤᠯᠬᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠠᠶᠤᠯᠬᠦᠢ ᠦᠢ᠍ᠯᠡᠳᠪᠦᠷᠢᠯᠡᠯ᠎ᠤᠨ ᠤᠯᠠᠭ᠋ᠠᠨ ᠱᠤᠭᠤᠮ᠎ᠤᠨ ᠤᠬᠠᠮᠰᠠᠷ ᠪᠣᠯᠤᠨ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠂ ᠶᠡᠷᠦᠩᠬᠡᠢ ᠰᠠᠶ᠋ᠢᠳ ᠯᠢ ᠺᠧ ᠴᠢᠶᠠᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠪᠣᠯᠤᠨ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ᠂ ᠤᠰᠤᠨ ᠠᠰᠢᠭᠯᠠᠯᠳᠠ ᠵᠢᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠲᠡᠷᠡ ᠳᠠᠷᠤᠢ᠎ᠳᠤ᠎ᠨᠢ ᠤᠯᠠᠮᠵᠢᠯᠠᠨ ᠰᠤᠷᠤᠯᠴᠠᠵᠤ᠂ ᠰᠤᠳᠤᠯᠤᠨ ᠳᠤᠭᠤᠰᠢᠯᠠᠭᠤᠯᠤᠨ ᠨᠠᠶ᠋ᠢᠳᠠᠪᠤᠷᠢᠵᠢᠭᠤᠯᠪᠠ; ᠦᠢ᠍ᠷ᠎ᠠ ᠵᠢᠨ ᠵᠢᠯ᠎ᠳᠤ ᠪᠦᠬᠦ ᠤᠯᠤᠰ᠎ᠲᠤ ᠭᠠᠷᠤᠭᠰᠠᠨ ᠬᠦᠨᠳᠦ ᠣᠨᠴᠠ ᠶᠡᠬᠡ ᠡ᠊ᠨᠳᠡᠯ᠂ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠮᠡᠳᠡᠭᠳᠡᠭᠰᠡᠨ ᠠᠶᠤᠯᠬᠦᠢ ᠦᠢ᠍ᠯᠡᠳᠪᠦᠷᠢᠯᠡᠯ᠎ᠤᠨ ᠡᠯ᠎ᠡ ᠵᠦᠢ᠍ᠯ᠎ᠤᠨ ᠡ᠊ᠨᠳᠡᠯ᠎ᠠᠴᠠ ᠭᠦᠨᠵᠡᠭᠡᠶ ᠰᠤᠷᠭ᠋ᠠᠮᠵᠢ ᠠᠪᠴᠤ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠤ᠂ ᠡᠯ᠎ᠡ ᠲᠠᠯ᠎ᠠ ᠵᠢᠨ᠎ᠬᠢᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠪᠠᠭᠤᠷᠠᠶ ᠭᠤᠭᠴᠤᠭ᠎ᠠ ᠵᠢ ᠰᠠᠶ᠋ᠢᠵᠢᠷᠠᠭᠤᠯᠵᠤ᠂ ᠠᠶᠤᠯᠬᠦᠢ ᠦᠢ᠍ᠯᠡᠳᠪᠦᠷᠢᠯᠡᠯ᠎ᠤᠨ ᠡᠯ᠎ᠡ ᠵᠦᠢ᠍ᠯ᠎ᠤᠨ ᠠᠵᠢᠯ᠎ᠢ ᠪᠣᠳᠠᠲᠠᠶ ᠪᠥᠭᠡᠳ ᠨᠠᠷᠢᠯᠢᠭ ᠠᠳᠬᠤᠪᠠ᠃ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠡᠷᠬᠡ ᠵᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠰᠤᠳᠤᠯᠤᠨ ᠲᠣᠭᠲᠠᠭ᠋ᠠᠵᠤ᠂ ᠤᠰᠤᠨ ᠠᠰᠢᠭᠯᠠᠯᠲᠠ ᠵᠢᠨ ᠦᠢᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢᠴᠢ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠳᠤᠳᠤᠷᠬᠠᠢ᠌ᠯᠠᠵᠠᠢ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ᠎ᠤᠨ ᠠᠶᠤᠯᠬᠦᠢ ᠦᠢ᠍ᠯᠡᠳᠪᠦᠷᠢᠯᠡᠯ᠎ᠤᠨ ᠵᠥᠪᠯᠡᠯ᠎ᠳᠤ ᠴᠠᠭ ᠲᠤᠬᠠᠶ᠎ᠳᠤᠨᠢ ᠲᠤᠬᠢᠷᠠᠭᠤᠯᠤᠯᠳᠠ ᠬᠢᠵᠦ᠂ ᠠᠶᠤᠯᠬᠦᠢ ᠦᠢ᠍ᠯᠡᠳᠪᠦᠷᠢᠯᠡᠯ᠎ᠤᠨ ᠭᠣᠣᠯ ᠬᠠᠷᠢᠭᠤᠴᠠᠯᠭ᠋ᠠᠲᠠᠨ ᠵᠢᠴᠢ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠤ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠠᠶᠤᠯᠬᠦᠢ ᠦᠢ᠍ᠯᠡᠳᠪᠦᠷᠢᠯᠡᠯ᠎ᠤᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠵᠤ᠂ ᠠᠶᠤᠯᠬᠦᠢ ᠦᠢ᠍ᠯᠡᠳᠪᠦᠷᠢᠯᠡᠯ᠎ᠤᠨ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠭᠰᠡᠨ ᠪᠠᠢ᠌ᠨ᠎ᠠ᠃ ᠲᠣᠭᠣᠷᠢᠨ ᠪᠠᠶ᠋ᠢᠴᠠᠭ᠋ᠠᠬᠤ ᠠᠷᠭ᠎ᠠ ᠬᠡᠯᠪᠡᠷᠢ ᠵᠢ ᠬᠡᠷᠡᠭᠵᠢᠭᠦᠯᠦᠨ᠂ ᠠᠶᠤᠯᠬᠦᠢ ᠵᠢᠨ ᠲᠦᠭᠰᠢᠭᠦᠷᠢ ᠵᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠶᠠᠪᠤᠴᠠ᠎ᠳᠠᠬᠢ ᠬᠣᠯᠪᠣᠭᠳᠠᠯ ᠪᠥᠬᠥᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠭᠣᠣᠯᠳᠠᠯᠭ᠎ᠠ᠎ᠲᠠᠢ ᠲᠥᠯᠬᠢᠨ ᠠᠬᠢᠭᠤᠯᠵᠤ᠂ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠠᠶᠤᠯᠬᠦᠢ ᠦᠢ᠍ᠯᠡᠳᠪᠦᠷᠢᠯᠡᠯ᠎ᠢ ᠬᠢᠨᠠᠨ ᠬᠠᠮᠢᠶᠠᠷᠬᠤ ᠬᠠᠷᠢᠭᠤᠴᠠᠯᠭ᠋ᠠᠳᠤ ᠰᠠᠯᠠᠭ᠎ᠠ ᠮᠥᠴᠢᠷ ᠬᠢᠭᠡᠳ ᠠᠶᠤᠯᠬᠦᠢ ᠦᠢ᠍ᠯᠡᠳᠪᠦᠷᠢᠯᠡᠯ᠎ᠢ ᠬᠢᠨᠠᠨ ᠬᠠᠮᠢᠶᠠᠷᠬᠤ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃ ᠡᠨᠳᠡᠯ᠎ᠤᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠪᠠ ᠲᠤᠰᠬᠠᠶ ᠵᠦᠢᠯ ᠵᠶ᠋ᠠᠷ ᠴᠡᠭᠴᠡᠯᠡᠨ ᠵᠠᠰᠠᠬᠤ ᠠᠵᠢᠯ᠎ᠢ ᠪᠠᠶ᠋ᠢᠩᠭᠤᠵᠢᠭᠤᠯᠤᠨ ᠠᠬᠢᠭᠤᠯᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠭᠰᠠᠨ ᠥᠬᠡᠶ᠂ ᠳᠠᠯᠳᠠ ᠬᠡᠮ᠎ᠤᠨ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠭᠰᠠᠨ᠎ᠨᠢ ᠪᠥᠬᠥ ᠲᠠᠯ᠎ᠠ ᠵᠢᠨ ᠪᠤᠰᠤ᠂ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠴᠣᠬᠢᠯᠲᠠ ᠥᠭᠭᠦᠭᠰᠡᠨ᠎ᠨᠢ ᠭᠦᠨᠵᠡᠭᠡᠶ ᠪᠤᠰᠤ ᠵᠡᠷᠭᠡ ᠬᠡᠯᠪᠡᠷᠢᠴᠢ ᠦᠵᠡᠯ ᠪᠠ ᠨᠤᠶᠠᠨᠴᠢ ᠰᠤᠷᠳᠠᠯ ᠲᠣᠪᠣᠶ᠋ᠢᠮ᠎ᠠ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠢᠩᠭ᠎ᠠ ᠵᠠᠯᠬᠠᠭ᠋ᠠᠨ ᠰᠢᠳᠬᠡᠪᠠ᠃
ᠬᠣᠶᠠᠷ᠎ᠲᠤ 《ᠰᠦᠯᠵᠢᠶᠡᠨ ᠳᠡᠭᠡᠷᠡᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠭᠠᠳᠠᠨᠠᠬᠢ ᠭᠣᠤᠯᠳᠠᠯᠭ᠎ᠠ᠎ᠲᠠᠢ ᠲᠣᠭᠣᠷᠢᠨ ᠪᠠᠶ᠋ᠢᠴᠠᠭ᠋ᠠᠯᠲᠠ》 ᠵᠢᠨ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠰᠢᠰᠲ᠋ᠧᠮ᠎ᠢ ᠬᠦᠴᠦᠯᠡᠨ ᠪᠠᠶ᠋ᠢᠭᠤᠯᠪᠠ᠃ 2019 ᠣᠨ᠎ᠠᠴᠠ ᠡᠬᠢᠯᠡᠨ᠂ ᠪᠢᠳᠡ ᠤᠰᠤᠨ ᠠᠰᠢᠭᠯᠠᠯᠳᠠ ᠵᠢᠨ ᠶᠠᠮᠤᠨ᠎ᠤ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠢᠨᠵᠧᠨᠧᠷᠢᠩ (ᠨᠢᠭᠡᠳᠦᠭᠡᠷ ᠬᠤᠭᠤᠴᠠᠭ᠎ᠠ)᠎ᠤᠨ ᠲᠥᠷᠥᠯ ᠵᠦᠢ᠍ᠯ᠎ᠳᠤ ᠲᠦᠰᠢᠭᠯᠡᠨ᠂ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠳᠤ 《ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ + ᠮᠡᠳᠡᠭᠡ ᠵᠠᠩᠭᠢᠵᠢᠯᠲᠠ》 ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠬᠥᠳᠡᠯᠦᠩᠭᠦᠶ ᠮᠡᠳᠡᠭᠡ ᠵᠠᠩᠭᠢ ᠴᠤᠭᠯᠠᠭᠤᠯᠬᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠶᠡᠷᠦᠩᠬᠡᠶ᠋ᠢᠯᠡᠨ ᠰᠢᠯᠭ᠋ᠠᠨ ᠦᠨᠡᠯᠡᠬᠦ ᠵᠢ ᠠᠯᠬᠤᠮ ᠠᠯᠬᠤᠮ ᠵᠶ᠋ᠠᠷ ᠬᠡᠷᠡᠭᠵᠢᠭᠦᠯᠵᠦ᠂ ᠰᠦᠯᠵᠢᠶᠡᠨ ᠭᠠᠳᠠᠨ᠎ᠠ ᠲᠣᠭᠣᠷᠢᠨ ᠪᠠᠶ᠋ᠢᠴᠠᠭ᠋ᠠᠬᠤ ᠵᠢ ᠴᠢᠩᠭ᠋ᠠᠳᠬᠠᠬᠤ ᠪᠠ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠬᠢᠨᠠᠨ ᠬᠠᠮᠢᠶᠠᠷᠴᠤ ᠳᠣᠭᠢᠷᠠᠭᠤᠯᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠦᠴᠦᠯᠡᠴᠡ ᠵᠢ ᠨᠡᠮᠡᠭᠳᠡᠬᠦᠯᠵᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠳᠠᠢ᠌ᠴᠢᠯᠠᠭᠰᠠᠨ ᠪᠠᠢ᠌ᠨ᠎ᠠ᠃ ᠡᠳᠦᠷ ᠲᠤᠲᠤᠮ᠎ᠤᠨ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠴᠢᠩᠭ᠋ᠠᠳᠬᠠᠪᠠ᠃ ᠪᠦᠬᠦ ᠣᠷᠣᠨ᠎ᠤ ᠠᠶᠤᠯᠬᠦᠢ ᠦᠢ᠍ᠯᠡᠳᠪᠦᠷᠢᠯᠡᠯ᠎ᠤᠨ ᠲᠤᠰᠬᠠᠶ ᠵᠦᠢ᠍ᠯ ᠵᠶ᠋ᠠᠷ ᠴᠡᠭᠴᠡᠯᠡᠨ ᠵᠠᠰᠠᠬᠤ ᠵᠢ ᠥᠷᠨᠢᠭᠦᠯᠬᠦ ᠵᠢᠨ ᠬᠠᠮᠳᠤ᠂ ᠡᠯ᠎ᠡ ᠭᠠᠵᠠᠷ ᠡᠯ᠎ᠡ ᠨᠢᠭᠡᠴᠢ ᠵᠢ ᠱᠠᠯᠠᠪᠳᠠᠭᠤᠯᠵᠤ ᠪᠠᠶ᠋ᠢᠭ᠋ᠠᠳ ᠬᠠᠷᠢᠶ᠎ᠠ ᠣᠷᠣᠨ᠎ᠳᠠᠬᠢ ᠬᠡᠪᠴᠢᠶᠡᠵᠢᠯ᠎ᠠᠴᠠ ᠳᠡᠭᠡᠭᠰᠢᠬᠢ ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠡᠳᠦᠷ ᠲᠤᠳᠤᠮ᠎ᠤᠨ ᠠᠶᠤᠯᠬᠦᠢ ᠵᠢᠨ ᠲᠠᠯᠳᠠ ᠭᠡᠮ᠎ᠤᠨ ᠥᠪᠡᠷ᠎ᠤᠨ ᠪᠠᠶ᠋ᠢᠴᠠᠭ᠋ᠠᠯᠳᠠ ᠵᠢ ᠥᠷᠨᠢᠭᠦᠯᠵᠦ᠂ ᠮᠡᠳᠡᠭᠡ ᠵᠠᠩᠭᠢ ᠵᠢᠨ ᠰᠢᠰᠲ᠋ᠧᠮ ᠵᠶ᠋ᠠᠷ ᠳᠠᠮᠵᠢᠭᠤᠯᠤᠨ ᠲᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠭᠰᠠᠨ ᠠᠰᠠᠭᠤᠳᠠᠯ ᠪᠣᠯᠤᠨ ᠲᠠᠯᠳᠠ ᠭᠡᠮ᠎ᠢ ᠰᠢᠢᠳᠪᠦᠷᠢᠯᠡᠭᠰᠡᠨ ᠦᠷ᠎ᠡ ᠳ᠋ᠦᠩ᠎ᠢ ᠰᠠᠷ᠎ᠠ ᠪᠦᠷᠢ ᠮᠡᠳᠡᠭᠦᠯᠦᠨ ᠬᠦᠷᠭᠡᠵᠦ᠂ ᠠᠯᠤᠰ᠎ᠠᠴᠠ ᠬᠢᠨᠠᠯᠲᠠ ᠲᠠᠯᠪᠢᠬᠤ᠂ ᠲᠣᠬᠢᠷᠠᠭᠤᠯᠤᠨ ᠵᠢᠯᠣᠭᠣᠳᠬᠤ ᠵᠢ ᠪᠡᠶᠡᠯᠡᠭᠦᠯᠬᠦ᠎ᠳᠤ ᠪᠠᠲᠤᠯᠠᠭ᠎ᠠ ᠬᠠᠩᠭ᠋ᠠᠵᠠᠢ᠃ ᠤᠰᠤᠨ ᠠᠰᠢᠭᠯᠠᠯᠲᠠ ᠵᠢᠨ ᠦᠢᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢ ᠱᠠᠯᠠᠪᠳᠠᠭᠤᠯᠵᠤ ᠪᠠᠶ᠋ᠢᠭ᠋ᠠᠳ ᠡᠳᠦᠷ ᠲᠤᠲᠤᠮ᠎ᠤᠨ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠥᠷᠨᠢᠭᠦᠯᠵᠦ᠂ ᠪᠥᠬᠥ ᠣᠷᠣᠨ᠎ᠤ 2047 ᠬᠠᠮᠢᠶᠠᠷᠤᠯᠲᠠ ᠵᠢᠨ ᠬᠡᠷᠡᠭᠯᠡᠭᠴᠢ᠎ᠳᠤ ᠨᠠᠷᠢᠨ ᠬᠠᠭᠤᠳᠠᠰᠤ ᠭᠠᠷᠭ᠋ᠠᠨ ᠥᠭᠴᠦ᠂ ᠥᠨᠴᠥᠭ ᠪᠤᠯᠤᠩ ᠦᠯᠡᠳᠡᠭᠡᠯ ᠥᠬᠡᠶ ᠨᠢᠭᠡ ᠨᠢᠭᠡ᠎ᠪᠠᠷ ᠵᠢᠭᠰᠠᠭ᠋ᠠᠨ ᠪᠠᠶ᠋ᠢᠴᠠᠭ᠋ᠠᠵᠤ ᠨᠠᠢ᠌ᠳᠠᠪᠤᠷᠢᠵᠢᠭᠤᠯᠤᠭᠰᠠᠨ ᠪᠠᠢ᠌ᠨ᠎ᠠ᠃ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠤᠨ ᠲᠣᠭᠣᠷᠢᠨ ᠪᠠᠶ᠋ᠢᠴᠠᠭ᠋ᠠᠯᠲᠠ ᠵᠢ ᠥᠷᠨᠢᠭᠦᠯᠪᠠ᠃ ᠰᠦᠯᠵᠢᠶᠡᠨ ᠳᠡᠭᠡᠷ᠎ᠡ ᠣᠷᠳᠣ ᠬᠤᠭᠤᠴᠠᠭ᠎ᠠ᠎ᠪᠠᠷ 《ᠳᠠᠯᠳᠠ ᠬᠡᠮ᠎ᠤᠨ ᠪᠠᠢ᠌ᠳᠠᠯ》᠎ᠢ ᠳᠡᠭᠡᠭᠰᠢ ᠮᠡᠳᠡᠬᠦᠯᠬᠦ ᠭᠠᠵᠠᠷ ᠣᠷᠣᠨ ᠵᠶ᠋ᠠᠷ ᠭᠣᠤᠯᠳᠠᠯᠭ᠎ᠠ ᠪᠣᠯᠭ᠋ᠠᠨ ᠰᠦᠯᠵᠢᠶᠡᠨ ᠭᠠᠳᠠᠨᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《 ᠲᠦᠷᠪᠡ ᠦᠭᠡᠢ ᠬᠣᠶᠠᠷ ᠰᠢᠭᠤᠳ》 ᠠᠷᠭ᠎ᠠ ᠮᠠᠶᠢᠭ᠎ᠢ ᠬᠡᠷᠡᠭᠯᠡᠨ ᠲᠤᠰᠬᠠᠶ ᠵᠦᠢᠯ ᠵᠶ᠋ᠠᠷ ᠲᠣᠭᠣᠷᠢᠨ ᠪᠠᠶ᠋ᠢᠴᠠᠭ᠋ᠠᠬᠤ ᠵᠢ ᠥᠷᠨᠢᠭᠦᠯᠬᠦ ᠵᠢᠨ ᠬᠠᠮᠲᠤ᠂ ᠴᠤᠤᠯ ᠭᠣᠤᠯ᠎ᠢ ᠲᠠᠲᠠᠵᠤ ᠯᠢᠶᠣᠤ ᠾᠧ ᠭᠣᠤᠯ᠎ᠳᠤ ᠤᠷᠤᠭᠤᠯᠬᠤ᠂ ᠳ᠋ᠦᠩ᠎ᠲᠠᠢ ᠽᠢ ᠤᠰᠤᠨ ᠴᠥᠭᠥᠷᠥᠮ ᠵᠡᠷᠭᠡ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠠᠶᠤᠯᠬᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠢ ᠴᠢᠩᠭ᠎ᠠ ᠠᠩᠬᠠᠷᠴᠤ᠂ ᠪᠥᠬᠥ ᠶᠠᠪᠤᠴᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠷᠠᠭᠤᠯᠤᠨ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠪᠠ᠃ 2019 ᠣᠨ᠎ᠠᠴᠠ ᠨᠠᠭ᠋ᠠᠰᠢ᠂ ᠴᠤᠤᠯ ᠭᠣᠤᠯ᠎ᠤᠨ ᠤᠰᠤ ᠵᠢ ᠲᠠᠲᠠᠵᠤ ᠯᠢᠶᠣᠤ ᠾᠧ ᠭᠣᠤᠯ᠎ᠳᠤ ᠤᠷᠤᠭᠤᠯᠬᠤ ᠢᠨᠵᠧᠨᠧᠷᠢᠩ᠎ᠢ 3 ᠤᠳᠠᠭ᠎ᠠ᠂ ᠳ᠋ᠦᠩ᠎ᠲᠠᠢ ᠽᠢ ᠤᠰᠤᠨ ᠴᠥᠭᠥᠷᠥᠮ᠎ᠢ 4 ᠤᠳᠠᠭ᠎ᠠ ᠬᠢᠨᠠᠨ ᠪᠠᠶ᠋ᠢᠴᠠᠭ᠋ᠠᠵᠤ᠂ ᠪᠤᠷᠤᠭᠤ ᠦᠢᠯᠡ ᠠᠵᠢᠯᠯᠠᠭ᠎ᠠ ᠵᠢ ᠣᠯᠵᠤ ᠮᠡᠳᠡᠪᠡᠯ ᠴᠠᠭ ᠲᠤᠬᠠᠶ᠎ᠳᠤᠨᠢ ᠵᠠᠯᠠᠷᠠᠭᠤᠯᠵᠤ᠂ ᠣᠯᠵᠤ ᠮᠡᠳᠡᠭᠰᠡᠨ ᠠᠰᠠᠭᠤᠳᠠᠯ᠎ᠳᠤ ᠴᠠᠭ ᠲᠤᠬᠠᠶ᠎ᠳᠤᠨᠢ ᠰᠠᠨᠠᠯ ᠵᠶ᠋ᠠᠨ ᠰᠣᠯᠢᠯᠴᠠᠬᠤ ᠵᠢᠨ ᠬᠠᠮᠲᠤ ᠬᠢᠨᠠᠯᠲᠠ ᠲᠠᠯᠪᠢᠵᠤ ᠴᠡᠭᠴᠡᠯᠡᠨ ᠰᠠᠶ᠋ᠢᠵᠢᠷᠠᠭᠤᠯᠬᠤ ᠮᠡᠳᠡᠭᠳᠡᠯ᠎ᠤᠨ ᠪᠢᠴᠢᠭ ᠪᠠᠭᠤᠯᠭ᠋ᠠᠪᠠ᠃ ᠲᠠᠪᠴᠠᠩ᠎ᠢ ᠢᠳᠡᠪᠬᠢᠲᠡᠶ᠎ᠪᠠᠷ ᠪᠠᠶ᠋ᠢᠭᠤᠯᠵᠤ᠂ ᠮᠡᠳᠡᠭᠡ ᠵᠠᠩᠭᠢ ᠵᠢᠨ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠪᠠ᠃ ᠡᠯ᠎ᠡ ᠠᠶ᠋ᠢᠮᠠᠭ ᠬᠤᠳᠠ᠂ ᠡᠯ᠎ᠡ ᠬᠣᠰᠢᠭᠤ ᠰᠢᠶᠠᠨ (ᠬᠤᠳᠠ᠂ ᠲᠣᠭᠣᠷᠢᠭ)᠂ ᠡᠯ᠎ᠡ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠲᠤᠰᠬᠠᠶ ᠬᠥᠮᠦᠨ ᠲᠣᠮᠢᠯᠠᠨ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢ ᠬᠠᠷᠢᠭᠤᠴᠠᠭᠤᠯᠵᠤ᠂ ᠠᠵᠢᠯ᠎ᠤᠨ ᠰᠣᠯᠢᠯᠴᠠᠭ᠎ᠠ ᠵᠢᠨ ᠪᠦᠯᠦᠭᠯᠡᠯ᠎ᠢ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ᠂ ᠡᠯ᠎ᠡ ᠱᠠᠲᠤᠨ᠎ᠤ ᠲᠠᠪᠴᠠᠩ᠎ᠤᠨ ᠰᠢᠰᠲ᠋ᠧᠮ᠎ᠤᠨ ᠠᠵᠢᠯᠯᠠᠭ᠎ᠠ ᠵᠢ ᠰᠠᠶ᠋ᠢᠲᠤᠷ ᠠᠳᠬᠤᠬᠤ ᠵᠢ ᠵᠢᠯᠣᠭᠣᠳᠴᠤ᠂ ᠦᠨᠳᠦᠰᠦᠨ ᠱᠠᠲᠤᠨ᠎ᠤ ᠮᠡᠷᠭᠡᠵᠢᠯ᠎ᠤᠨ ᠬᠦᠴᠦᠨ ᠪᠠᠭᠤᠷᠠᠶ ᠪᠠᠶ᠋ᠢᠭ᠎ᠠ ᠠᠰᠠᠭᠤᠳᠠᠯ᠎ᠢ ᠰᠢᠢᠳᠪᠦᠷᠢᠯᠡᠵᠦ᠂ ᠮᠡᠳᠡᠭᠡ ᠵᠠᠩᠭᠢ ᠵᠢᠨ ᠰᠢᠰᠲ᠋ᠧᠮ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠲᠠᠢ ᠤᠶᠠᠯᠳᠤᠭᠤᠯᠤᠨ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠪᠣᠯᠪᠠᠰᠤᠷᠠᠯ᠎ᠢ ᠢᠳᠡᠪᠬᠢᠲᠡᠶ ᠥᠷᠨᠢᠭᠦᠯᠵᠦ᠂ ᠡᠯ᠎ᠡ ᠱᠠᠲᠤᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠭᠤᠷᠪᠠ᠎ᠳᠤ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠪᠠ᠃ ᠪᠢᠳᠡ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠴᠢᠩᠭ᠎ᠠ ᠬᠢᠨᠠᠯᠲᠠ ᠬᠠᠮᠢᠶᠠᠷᠤᠯᠲᠠ ᠵᠢ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠴᠢᠩᠭ᠎ᠠ ᠬᠢᠨᠠᠯᠲᠠ ᠬᠠᠮᠢᠶᠠᠷᠤᠯᠲᠠ ᠵᠢ ᠠᠬᠢᠭᠤᠯᠬᠤ ᠵᠢᠨ ᠬᠣᠷᠢᠭ᠎ᠠ ᠱᠤᠭᠤᠮ ᠪᠠ ᠰᠠᠭᠤᠷᠢ ᠪᠣᠯᠭ᠋ᠠᠬᠤ ᠵᠢ ᠪᠠᠷᠢᠮᠲᠠᠯᠠᠵᠤ᠂ ᠪᠦᠬᠦ ᠣᠷᠣᠨ᠎ᠤ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠪᠠᠭᠤᠷᠠᠢ ᠭᠣᠭᠴᠣᠭ᠎ᠠ ᠵᠢ ᠴᠢᠩᠭ᠎ᠠ ᠠᠩᠬᠠᠷᠴᠤ᠂ ᠤᠰᠤᠨ ᠠᠰᠢᠭᠯᠠᠯᠲᠠ᠎ᠪᠠᠷ ᠶᠠᠳᠠᠭᠤ ᠵᠢ ᠲᠡᠳᠬᠦᠬᠦ᠂ ᠭᠣᠣᠯ ᠮᠥᠷᠡᠨ ᠨᠠᠭᠤᠷ ᠪᠦᠷᠢ᠎ᠳᠤ ᠵᠢᠨ ᠬᠠᠮᠢᠶᠠᠷᠤᠯᠲᠠ᠂ 《ᠭᠤᠷᠪᠠᠨ ᠤᠰᠤ》 ᠵᠢᠨ ᠠᠰᠠᠭᠤᠳᠠᠯ᠎ᠢ ᠴᠡᠭᠴᠡᠯᠡᠨ ᠵᠠᠰᠠᠬᠤ ᠵᠡᠷᠭᠡ ᠠᠵᠢᠯ᠎ᠯᠤᠭ᠎ᠠ ᠨᠢᠭᠡ ᠴᠤᠭᠴᠠᠵᠢᠭᠤᠯᠤᠨ ᠠᠬᠢᠭᠤᠯᠵᠤ᠂ ᠲᠤᠰᠬᠠᠢ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠠᠬᠢᠭᠤᠯᠤᠭᠰᠠᠨ ᠪᠠᠢ᠌ᠨ᠎ᠠ᠃ ᠨᠢᠭᠡ ᠲᠠᠯ᠎ᠠ᠎ᠪᠠᠷ᠂ ᠤᠰᠤᠨ ᠴᠥᠭᠥᠷᠥᠮ᠎ᠤᠨ ᠠᠶᠤᠯᠭᠦᠶ ᠠᠵᠢᠯᠯᠠᠭ᠋ᠠᠨ᠎ᠤ ᠲᠤᠰᠬᠠᠶ ᠠᠵᠢᠯᠯᠠᠭ᠎ᠠ ᠵᠢ ᠬᠦᠴᠦᠯᠡᠨ ᠰᠠᠶ᠋ᠢᠲᠤᠷ ᠠᠳᠬᠤᠪᠠ᠃ ᠽᠧᠩ ᠯᠦᠩ ᠴᠠᠩ ᠤᠰᠤᠨ ᠴᠥᠭᠥᠷᠥᠮ᠎ᠤᠨ ᠳᠡᠳ᠋ ᠬᠠᠰᠢᠯᠭ᠎ᠠ ᠵᠢᠨ ᠬᠠᠰᠢᠯᠭ᠎ᠠ ᠵᠢ ᠰᠡᠲᠡᠯᠦᠭᠰᠡᠨ ᠡᠨᠳᠡᠯ᠎ᠠᠴᠠ ᠬᠦᠨᠵᠡᠭᠡᠢ ᠰᠤᠷᠭ᠋ᠠᠮᠵᠢ ᠠᠪᠴᠤ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠳᠠᠯᠳᠠᠭᠤᠷ ᠰᠤᠷᠪᠤᠯᠵᠢᠯᠠᠬᠤ ᠵᠢ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠢ ᠲᠣᠮᠢᠯᠠᠵᠤ᠂ ᠪᠡᠢ᠌ᠴᠡᠭ᠋ᠠᠬᠤ ᠲᠤᠭᠤᠢ᠌ᠯᠡᠡᠭ ᠠᠶ᠋ᠢᠮᠠᠭ ᠬᠣᠲᠠ᠎ᠳᠤ ᠭᠦᠨᠵᠡᠭᠡᠶ᠋ᠢᠷᠡᠨ ᠦᠶᠡᠷ᠎ᠠᠴᠠ ᠡᠮᠦᠨ᠎ᠡ ᠳᠠᠯᠳᠠᠭᠤᠷ ᠰᠤᠷᠪᠤᠯᠵᠢᠯᠠᠬᠤ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠤᠨ ᠪᠣᠳᠠᠲᠠᠶ ᠭᠠᠵᠠᠷ᠎ᠲᠤᠨᠢ ᠨᠠᠶ᠋ᠢᠳᠠᠪᠤᠷᠢᠵᠢᠭᠤᠯᠤᠭᠰᠠᠨ ᠪᠠᠢ᠌ᠨ᠎ᠠ᠃ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠵᠢᠯᠯᠠᠭ᠋ᠠᠨ᠎ᠢ ᠪᠠᠶ᠋ᠢᠩᠭᠤᠵᠢᠭᠤᠯᠤᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ 《ᠭᠤᠷᠪᠠᠨ ᠬᠠᠷᠢᠭᠤᠴᠠᠯᠭ᠋ᠠᠲᠠᠨ》᠂ 《ᠭᠤᠷᠪᠠᠨ ᠭᠣᠤᠯᠳᠠᠯᠭ᠎ᠠ᠎ᠲᠠᠢ ᠭᠣᠭᠴᠣᠭ᠎ᠠ》 ᠵᠢ ᠱᠠᠯᠠᠪᠳᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠣᠷᠣᠨ᠎ᠤ ᠤᠰᠤᠨ ᠴᠥᠭᠥᠷᠥᠮ᠎ᠤᠨ ᠠᠮᠤᠷ ᠲᠦᠪᠰᠢᠨ᠎ᠤ ᠬᠠᠷᠢᠭᠤᠴᠠᠯᠭ᠋ᠠᠲᠠᠨ᠎ᠤ ᠨᠡᠷᠡᠰ᠎ᠢ ᠨᠡᠶ᠋ᠢᠲᠡᠯᠡᠪᠡ᠃ ᠤᠰᠤᠨ᠎ᠤ ᠪᠠᠶ᠋ᠢᠳᠠᠯ᠎ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠵᠤ᠂ ᠴᠥᠭᠥᠷᠥᠮ᠎ᠤᠨ ᠪᠠᠶ᠋ᠢᠳᠠᠯ᠎ᠳᠤᠨᠢ ᠵᠤᠬᠢᠴᠠᠭᠤᠯᠤᠨ ᠳᠣᠭᠢᠷᠠᠭᠤᠯᠬᠤ ᠠᠵᠢᠯᠯᠠᠭ᠋ᠠᠨ᠎ᠤ ᠲᠥᠰᠦᠯ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠵᠢᠨ ᠬᠠᠮᠲᠤ ᠤᠷᠢᠳᠴᠢᠯᠠᠨ ᠰᠣᠷᠢᠯᠲᠠ ᠬᠢᠵᠦ᠂ ᠤᠰᠤᠨ ᠴᠥᠭᠥᠷᠥᠮ᠎ᠤᠨ ᠦᠶᠡᠷ᠎ᠤᠨ ᠬᠢᠵᠠᠭ᠋ᠠᠷ᠎ᠤᠨ ᠤᠰᠤᠨ ᠲᠦᠪᠰᠢᠨ᠎ᠤ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠦᠨᠡᠨᠬᠦ ᠪᠠᠳᠤᠯᠠᠵᠠᠢ᠃ ᠥᠪᠡᠷᠲᠡᠭᠡᠨ ᠵᠠᠰᠠᠬᠤ ᠣᠷᠣᠨ ᠲᠤᠰᠠᠯᠠᠮᠵᠢ ᠵᠢᠨ ᠪᠠᠯᠠ ᠮᠥᠩᠭᠥ ᠵᠢ ᠳᠣᠭᠢᠷᠠᠭᠤᠯᠤᠨ᠂ ᠤᠰᠤᠨ ᠴᠥᠭᠥᠷᠥᠮ᠎ᠤᠨ ᠬᠠᠰᠢᠯᠭ᠎ᠠ ᠵᠢᠨ ᠠᠶᠤᠯᠭᠦᠶ ᠵᠢᠨ ᠬᠢᠨᠠᠨ ᠲᠣᠭᠲᠠᠭ᠋ᠠᠯᠲᠠ ᠵᠢ ᠥᠷᠨᠢᠭᠦᠯᠵᠦ᠂ ᠠᠮᠤᠷ ᠲᠦᠪᠰᠢᠨ᠎ᠤ ᠳᠠᠯᠳᠠ ᠬᠡᠮ᠎ᠢ ᠣᠯᠵᠤ ᠮᠡᠳᠡᠪᠡᠯ ᠲᠥᠷᠥᠯ ᠬᠤᠪᠢᠶᠠᠨ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠪᠠ ᠲᠡᠰ ᠪᠠᠭᠤᠷᠠᠭᠤᠯᠤᠨ ᠬᠡᠷᠡᠭᠯᠡᠭᠡᠨ᠎ᠠᠴᠠ ᠭᠠᠷᠭ᠋ᠠᠬᠤ ᠵᠡᠷᠭᠡ ᠵᠢ ᠬᠡᠷᠡᠭᠵᠢᠭᠦᠯᠪᠠ᠃ ᠡᠨᠡ ᠵᠢᠯ ᠪᠠᠰᠠ 210 ᠤᠰᠤᠨ ᠴᠥᠭᠥᠷᠥᠮ᠎ᠤᠨ ᠬᠠᠰᠢᠯᠭ᠎ᠠ᠎ᠳᠤ ᠠᠶᠤᠯᠭᠦᠶ ᠵᠢᠨ ᠰᠢᠯᠭ᠋ᠠᠨ ᠲᠤᠭᠳᠠᠭ᠋ᠠᠯᠳᠠ ᠬᠢᠵᠦ᠂ 39 ᠤᠰᠤᠨ ᠴᠦᠬᠦᠷᠦᠮ᠎ᠢ ᠬᠡᠷᠡᠭᠯᠡᠭᠡᠨ᠎ᠠᠴᠠ ᠭᠠᠷᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠶᠤᠯᠭᠦᠶ ᠠᠵᠢᠯᠯᠠᠭ᠋ᠠᠨ᠎ᠢ ᠴᠢᠩᠭ᠋ᠠᠳᠬᠠᠪᠠ᠃ ᠨᠥᠭᠥᠭᠡ ᠲᠠᠯ᠎ᠠ᠎ᠪᠠᠷ᠂ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠵᠢ ᠴᠢᠩᠭ᠎ᠠ ᠠᠳᠬᠤᠨ ᠪᠣᠳᠠᠲᠠᠶ᠎ᠪᠠᠷ ᠠᠳᠬᠤᠪᠠ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠬᠢᠷᠢ ᠬᠡᠮᠵᠢᠶ᠎ᠡ ᠵᠢ ᠲᠠᠰ ᠳᠡᠪᠰᠢᠭᠦᠯᠬᠦ ᠵᠢ ᠴᠢᠩᠭ᠎ᠠ ᠠᠳᠬᠤᠵᠤ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠥᠬᠥ ᠶᠠᠪᠤᠴᠠ ᠵᠢᠨ ᠶᠠᠰᠤ ᠴᠢᠨᠠᠷ᠎ᠤᠨ ᠪᠠᠶ᠋ᠢᠴᠠᠭ᠋ᠠᠬᠤ᠂ ᠲᠣᠭᠣᠷᠢᠨ ᠪᠠᠶ᠋ᠢᠴᠠᠭ᠋ᠠᠬᠤ᠂ ᠳᠠᠯᠳᠠᠭᠤᠷ ᠰᠤᠷᠪᠤᠯᠵᠢᠯᠠᠬᠤ ᠵᠢ ᠪᠠᠶ᠋ᠢᠩᠭᠤᠵᠢᠭᠤᠯᠤᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠬᠤ ᠡᠷᠴᠢᠮ᠎ᠢ ᠴᠢᠩᠭ᠋ᠠᠷᠠᠭᠤᠯᠤᠨ᠂ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠨᠢᠭᠡᠴᠢ ᠵᠢ ᠱᠠᠯᠠᠪᠳᠠᠭᠤᠯᠵᠤ ᠪᠠᠶ᠋ᠢᠭ᠋ᠠᠳ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠪᠠ ᠭᠡᠷ᠎ᠡ ᠵᠢᠨ ᠱᠠᠭ᠋ᠠᠷᠳᠠᠯᠭ᠎ᠠ ᠶᠣᠰᠣᠭ᠋ᠠᠷ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠤᠰᠤᠨ ᠠᠰᠢᠭᠯᠠᠯᠲᠠ ᠵᠢᠨ ᠪᠠᠶ᠋ᠢᠴᠠᠭ᠋ᠠᠯᠲᠠ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ᠂ ᠠᠶᠤᠯᠬᠦᠢ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ᠂ ᠱᠠᠯᠠᠪᠳᠠᠭᠤᠯᠤᠨ ᠪᠠᠶ᠋ᠢᠴᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ ᠭᠤᠷᠪᠠᠨ ᠬᠥᠮᠥᠷᠭᠡ ᠵᠢ ᠨᠡᠢ᠌ᠳᠭᠡᠵᠤ᠂ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠬᠦ᠎ᠪᠠᠷ ᠪᠤᠢ᠃ ᠶᠠᠰᠤ ᠴᠢᠨᠠᠷ ᠵᠶ᠋ᠠᠷ ᠰᠢᠯᠢᠳᠡᠭ᠎ᠢ ᠡᠭᠦᠳᠬᠦ ᠵᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠮᠡᠳᠡᠭᠡ ᠵᠠᠩᠭᠢ ᠪᠠ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠢ ᠰᠢᠨᠡᠳᠬᠡᠨ ᠥᠭᠡᠷᠡᠴᠢᠯᠡᠵᠦ᠂ ᠬᠠᠮᠢᠶᠠᠷᠤᠯᠲᠠ ᠵᠢᠨ ᠰᠢᠰᠲ᠋ᠧᠮ᠎ᠤᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠦᠨ᠂ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠮᠥᠨ ᠴᠢᠨᠠᠷ᠎ᠤᠨ ᠠᠶᠤᠯᠬᠦᠢ ᠵᠢ ᠲᠦᠯᠬᠢᠨ ᠠᠬᠢᠭᠤᠯᠪᠠ᠃
ᠲᠦᠷᠪᠡ᠎ᠳᠤ ᠦᠨᠳᠦᠰᠦᠨ ᠱᠠᠲᠤᠨ᠎ᠤ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠪᠠ᠃ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠢ ᠬᠦᠯᠢᠶᠡᠰᠦᠯᠡᠵᠤ ᠪᠠᠶ᠋ᠢᠭ᠎ᠠ ᠰᠠᠭᠤᠷᠢ ᠴᠢᠨᠠᠷᠲᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠦᠷᠢᠮ ᠲᠣᠭᠲᠠᠴᠠ᠂ ᠬᠥᠮᠦᠵᠢᠯ ᠪᠣᠯᠪᠠᠰᠤᠷᠠᠯ ᠵᠡᠷᠭᠡ ᠣᠯᠠᠨ ᠲᠠᠯ᠎ᠠ᠎ᠠᠴᠠ ᠭᠠᠷᠳᠠᠬᠤ ᠵᠢ ᠪᠠᠷᠢᠮᠲᠠᠯᠠᠵᠤ᠂ ᠠᠶᠤᠯᠬᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠠᠶᠤᠯᠬᠦᠢ ᠦᠢ᠍ᠯᠡᠳᠪᠦᠷᠢᠯᠡᠯ᠎ᠤᠨ ᠰᠠᠭᠤᠷᠢ ᠵᠢ ᠪᠠᠲᠤᠳᠬᠠᠪᠠ᠃ 《ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠤᠯᠠᠭ᠋ᠠᠨ ᠬᠠᠷ᠎ᠠ ᠳᠠᠩᠰᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠬᠦᠯᠦᠨ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠪᠠ ᠬᠢᠨᠠᠯᠲᠠ ᠬᠠᠮᠢᠶᠠᠷᠤᠯᠲᠠ ᠵᠢᠨ ᠠᠭᠤᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠪᠥᠬᠥ ᠣᠷᠣᠨ᠎ᠤ ᠬᠡᠪᠴᠢᠶᠡᠨ᠎ᠳᠤ ᠪᠠᠶ᠋ᠢᠭᠤᠯᠵᠤ ᠪᠠᠶ᠋ᠢᠭ᠎ᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠭᠡᠷ᠎ᠡ᠎ᠪᠠᠨ ᠭᠦᠢᠴᠡᠳᠬᠡᠭᠰᠡᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠢ ᠦᠷᠭᠦᠯᠵᠢᠯᠡᠨ ᠲᠥᠯᠬᠢᠨ ᠠᠬᠢᠭᠤᠯᠵᠤ᠂ ᠠᠶᠤᠯᠬᠦᠢ ᠦᠢ᠍ᠯᠡᠳᠪᠦᠷᠢᠯᠡᠯ᠎ᠤᠨ ᠡ᠊ᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠂ ᠠᠶᠤᠯᠬᠦᠢ ᠵᠢᠨ ᠬᠠᠮᠢᠶᠠᠷᠤᠯᠲᠠ (ᠦᠶᠡᠷ ᠰᠡᠷᠭᠡᠶ᠋ᠢᠯᠡᠬᠦ) ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠨᠠᠶ᠋ᠢᠷᠠᠭᠤᠯᠤᠨ ᠵᠣᠬᠢᠶᠠᠬᠤ ᠵᠦᠭᠯᠡᠭᠦᠷ᠎ᠲᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠪᠣᠢ ᠪᠥᠬᠥᠢ ᠤᠰᠤᠨ ᠴᠥᠭᠥᠷᠥᠮ᠎ᠤᠨ ᠠᠶᠤᠯᠬᠦᠢ ᠵᠢᠨ ᠬᠠᠮᠢᠶᠠᠷᠤᠯᠲᠠ (ᠦᠶᠡᠷ ᠰᠡᠷᠭᠡᠶ᠋ᠢᠯᠡᠬᠦ) ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠨᠠᠶ᠋ᠢᠷᠠᠭᠤᠯᠤᠨ ᠵᠣᠬᠢᠶᠠᠬᠤ ᠵᠢ ᠦᠨᠡᠨᠬᠦ ᠪᠠᠲᠤᠯᠠᠨ᠎ᠠ᠃ ᠴᠤᠤᠯ ᠭᠣᠣᠯ᠎ᠤᠨ ᠤᠰᠤ ᠵᠢ ᠯᠢᠶᠣᠤ ᠾᠧ ᠭᠣᠣᠯ᠎ᠳᠤ ᠣᠷᠣᠭᠤᠯᠬᠤ᠂ ᠳ᠋ᠦᠩ᠎ᠲᠠᠢ ᠽᠢ ᠢᠨᠵᠧᠨᠧᠷᠢᠩ ᠵᠡᠷᠭᠡ ᠴᠢᠬᠤᠯᠠ ᠶᠡᠬᠡ ᠲᠦᠷᠦᠯ ᠵᠦᠢ᠍ᠯ᠎ᠢ ᠱᠠᠯᠠᠪᠳᠠᠭᠤᠯᠵᠤ᠂ ᠡᠯ᠎ᠡ ᠢᠨᠵᠧᠨᠧᠷᠢᠩ᠎ᠤᠨ ᠣᠨᠴᠠᠯᠢᠭ᠎ᠲᠠᠢ ᠤᠶᠠᠯᠳᠤᠭᠤᠯᠵᠤ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂ ᠭᠠᠯ ᠰᠡᠷᠭᠡᠶ᠋ᠢᠯᠡᠬᠦ ᠠᠮᠤᠷ ᠲᠦᠪᠰᠢᠨ ᠪᠣᠯᠤᠨ ᠨᠦᠬᠡᠨ ᠵᠠᠮ᠎ᠤᠨ ᠨᠤᠷᠠᠬᠤ ᠵᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠥᠷᠨᠢᠭᠦᠯᠪᠠ᠃ 《ᠠᠶᠤᠯᠬᠦᠢ ᠦᠢ᠍ᠯᠡᠳᠪᠦᠷᠢᠯᠡᠯ᠎ᠤᠨ ᠬᠠᠤᠯᠢ》 《ᠤᠰᠤᠨ ᠴᠥᠭᠥᠷᠥᠮ᠎ᠤᠨ ᠬᠠᠰᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠳᠤᠭᠤᠰᠢᠯᠠᠭᠤᠯᠬᠤ ᠵᠢᠨ ᠲᠣᠭᠣᠷᠢᠨ᠎ᠳᠤ᠂ 《 ᠠᠶᠤᠯᠬᠦᠢ ᠦᠢ᠍ᠯᠡᠳᠪᠦᠷᠢᠯᠡᠯ᠎ᠤᠨ ᠰᠠᠷ᠎ᠠ》 《ᠠᠶᠤᠯᠬᠦᠢ ᠦᠢ᠍ᠯᠡᠳᠪᠦᠷᠢᠯᠡᠯ᠎ᠤᠨ ᠲᠦᠮᠡᠨ ᠭᠠᠵᠠᠷ᠎ᠤᠨ ᠠᠶᠠᠯᠠᠯ》 《ᠠᠶᠤᠯᠬᠦᠢ ᠦᠢ᠍ᠯᠡᠳᠪᠦᠷᠢᠯᠡᠯ᠎ᠤᠨ ᠬᠠᠤᠯᠢ ᠵᠢᠨ ᠤᠬᠠᠭᠤᠯᠭ᠎ᠠ ᠵᠢᠨ ᠭᠠᠷᠠᠭ》 ᠵᠡᠷᠭᠡ ᠭᠣᠤᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠣᠨᠢᠨ᠂ ᠰᠦᠯᠵᠢᠶ᠎ᠡ᠂ ᠸᠢᠴᠠᠲ ᠵᠡᠷᠭᠡ ᠵᠠᠭᠤᠴᠢᠯᠠᠭᠤᠷ᠎ᠢ ᠭᠦᠢᠴᠡᠳ ᠠᠰᠢᠭᠯᠠᠨ ᠤᠬᠠᠭᠤᠯᠭ᠎ᠠ ᠬᠥᠮᠦᠵᠢᠯ᠎ᠢ ᠰᠠᠶ᠋ᠢᠲᠤᠷ ᠬᠢᠵᠦ᠂ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠦᠯᠵᠢᠶ᠎ᠡ ᠵᠢᠨ ᠤᠷᠤᠯᠳᠤᠭ᠋ᠠᠨ᠎ᠢ ᠦᠷᠨᠢᠭᠦᠯᠦᠭᠰᠡᠨ ᠪᠠᠢ᠌ᠨ᠎ᠠ᠃ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠪᠠ ᠰᠢᠯᠭ᠋ᠠᠨ ᠬᠢᠨᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠳᠤ᠂ 2019 ᠣᠨ᠎ᠠᠴᠠ ᠨᠠᠭ᠋ᠠᠰᠢ᠂ ᠪᠥᠬᠥ ᠣᠷᠣᠨ᠎ᠤ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠣᠯᠪᠠᠰᠤᠷᠠᠯ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠤᠨ ᠪᠣᠯᠪᠠᠰᠤᠷᠠᠯ᠂ ᠲᠢᠩᠬᠢᠮ ᠪᠠᠶ᠋ᠢᠭᠤᠯᠭ᠎ᠠ ᠵᠢᠴᠢ ᠠᠰᠠᠷ᠎ᠲᠤ ᠰᠠᠭᠤᠭ᠎ᠠ ᠨᠢᠭᠡᠴᠢ ᠵᠢᠨ ᠭᠠᠯ ᠤᠨᠲᠠᠷᠠᠭ᠋ᠠᠬᠤ ᠮᠡᠳᠡᠯᠭᠡ ᠵᠢᠨ ᠲᠤᠰᠬᠠᠶ ᠰᠡᠳᠦᠪᠲᠦ ᠪᠣᠯᠪᠠᠰᠤᠷᠠᠯ ᠵᠡᠷᠭᠡ ᠣᠯᠠᠨ ᠬᠤᠭᠤᠴᠠᠭ᠋ᠠᠨ᠎ᠤ ᠪᠤᠯᠪᠡᠰᠦᠷᠡᠯ᠎ᠤᠨ ᠠᠡᠭᠬᠢ ᠵᠢ ᠤᠷᠢᠳ ᠬᠣᠵᠢᠳ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠡᠷᠭᠡᠵᠢᠯ᠎ᠤᠨ ᠭᠤᠤᠯ ᠬᠦᠴᠦᠨ᠎ᠢ 500 ᠰᠢᠬᠠᠮ ᠬᠥᠮᠦᠨ ᠤᠳᠠᠭ᠎ᠠ ᠪᠣᠯᠪᠠᠰᠤᠷᠠᠭᠤᠯᠪᠠ᠃ ᠪᠣᠯᠪᠠᠰᠤᠷᠠᠯ ᠬᠦᠮᠦᠵᠢᠯ᠎ᠤᠨ ᠳᠤᠮᠳᠠ ᠲᠤᠷᠰᠢᠯᠭ᠎ᠠ᠎ᠪᠠᠨ ᠰᠣᠯᠢᠯᠴᠠᠨ ᠳ᠋ᠦᠩᠨᠡᠬᠦ ᠵᠢ ᠴᠢᠬᠤᠯᠠᠴᠢᠯᠠᠵᠤ᠂ ᠪᠠᠶ᠋ᠢᠩᠭᠤ ᠬᠠᠮᠢᠶᠠᠷᠴᠤ ᠪᠠᠶ᠋ᠢᠩᠭᠤ ᠰᠢᠨ᠎ᠡ ᠵᠢ ᠡᠭᠦᠳᠬᠦ ᠵᠢ ᠪᠡᠶᠡᠯᠡᠭᠦᠯᠵᠡᠢ; ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠲᠤᠰᠢᠶᠠᠯᠲᠤ ᠠᠶᠤᠯᠬᠦᠢ ᠦᠢ᠍ᠯᠡᠳᠪᠦᠷᠢᠯᠡᠯ᠎ᠤᠨ ᠬᠠᠮᠢᠶᠠᠷᠤᠭᠴᠢ; ᠬᠠᠮᠢᠶᠠᠷᠬᠤ ᠠᠵᠢᠯᠲᠠᠳ ᠵᠡᠷᠭᠡ 《ᠭᠤᠷᠪᠠᠨ ᠲᠥᠷᠥᠯ᠎ᠤᠨ ᠠᠵᠢᠯᠲᠠᠨ》᠎ᠤ ᠠᠶᠤᠯᠬᠦᠢ ᠦᠢ᠍ᠯᠡᠳᠪᠦᠷᠢᠯᠡᠯ᠎ᠢ ᠰᠢᠯᠭ᠋ᠠᠨ ᠬᠢᠨᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠪᠠ᠃ ᠡᠭᠦᠨ᠎ᠤ ᠬᠠᠮᠲᠤ᠂ ᠪᠠᠯᠠ ᠮᠥᠩᠭᠥ᠂ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠡᠷᠭᠡ ᠲᠠᠯ᠎ᠠ᠎ᠪᠠᠷ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠤᠨ ᠥᠷᠨᠢᠯᠲᠡ ᠵᠢ ᠪᠠᠲᠤᠯᠠᠬᠤ ᠵᠢ ᠴᠢᠬᠤᠯᠠᠴᠢᠯᠠᠵᠤ᠂ ᠭᠦᠢᠴᠡᠳ ᠲᠣᠭ᠋ᠠᠨ᠎ᠤ ᠵᠠᠷᠤᠳᠠᠯ᠎ᠢ ᠨᠠᠶ᠋ᠢᠳᠠᠪᠤᠷᠢᠵᠢᠭᠤᠯᠤᠨ᠂ ᠬᠠᠮᠢᠶ᠎ᠠ ᠪᠥᠬᠥᠶ ᠭᠠᠵᠠᠷ ᠳᠠᠰᠤᠭ᠂ ᠨᠢᠭᠡᠴᠢ᠎ᠳᠤ ᠠᠵᠢᠯ᠎ᠤᠨ ᠬᠡᠷᠡᠭᠴᠡᠭᠡ ᠵᠢ ᠬᠠᠩᠭ᠋ᠠᠬᠤ ᠠᠵᠢᠯᠲᠠᠨ᠎ᠢ ᠪᠦᠷᠢᠨ ᠳᠣᠭᠢᠷᠠᠭᠤᠯᠵᠤ ᠦᠭᠭᠦᠭᠰᠡᠨ ᠪᠠᠢ᠌ᠨ᠎ᠠ᠃
ᠶᠡᠷᠦᠩᠬᠡᠶ᠎ᠳᠤᠨᠢ ᠠᠪᠴᠤ ᠦᠵᠡᠪᠡᠯ᠂ ᠣᠶ᠋ᠢᠷ᠎ᠠ ᠵᠢᠨ ᠬᠣᠶᠠᠷ ᠵᠢᠯ᠎ᠳᠤ ᠦᠪᠦᠷ ᠮᠤᠨᠭ᠌ᠭᠤᠯ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠬᠤ᠎ᠪᠠᠷ ᠭᠣᠤᠯ ᠬᠦᠭ ᠠᠶᠠᠰ ᠪᠤᠯᠭ᠋ᠠᠵᠤ᠂ ᠤᠰᠤᠨ ᠠᠰᠢᠭᠯᠠᠯᠲᠠ ᠵᠢᠨ ᠦᠢᠯᠡᠳᠪᠦᠷᠢᠯᠡᠯ᠎ᠤᠨ ᠠᠶᠤᠯᠬᠦᠢ ᠵᠢᠨ ᠡᠯ᠎ᠡ ᠵᠦᠢᠯ᠎ᠤᠨ ᠠᠵᠢᠯ᠎ᠢ ᠦᠷᠭᠦᠯᠵᠢᠯᠡᠨ ᠬᠦᠴᠦᠯᠡᠨ ᠠᠬᠢᠭᠤᠯᠵᠤ᠂ ᠵᠣᠬᠢᠬᠤ ᠦᠷ᠎ᠡ ᠪᠦᠲᠦᠮᠵᠢ ᠣᠯᠤᠭᠰᠠᠨ ᠪᠠᠢ᠌ᠨ᠎ᠠ᠃ ᠭᠡᠪᠡᠴᠦ ᠡᠭᠦᠨ᠎ᠤ ᠬᠠᠮᠳᠤ᠂ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ᠂ ᠦᠨᠳᠦᠰᠦᠨ ᠱᠠᠲᠤᠨ᠎ᠤ ᠬᠠᠮᠢᠶᠠᠷᠤᠯᠲᠠ ᠵᠢᠨ ᠴᠢᠳᠠᠪᠤᠷᠢ ᠵᠡᠷᠭᠡ ᠲᠠᠯ᠎ᠠ᠎ᠪᠠᠷ ᠮᠥᠨ ᠴᠥᠭᠡᠨ ᠪᠤᠰᠤ ᠳᠤᠲᠠᠭᠤᠳᠠᠯ ᠣᠷᠣᠰᠢᠵᠤ᠂ ᠵᠠᠷᠢᠮ ᠣᠮᠲᠣᠭ᠋ᠠᠶ᠋ᠢᠯᠠᠵᠤ ᠪᠣᠯᠤᠰᠢ ᠥᠬᠡᠶ ᠠᠰᠠᠭᠤᠳᠠᠯ ᠣᠷᠣᠰᠢᠵᠤ ᠪᠠᠶ᠋ᠢᠭ᠎ᠠ ᠪᠣᠯᠬᠣᠷ ᠡᠷᠬᠡᠪᠰᠢ ᠣᠷᠳᠣ ᠬᠤᠭᠤᠴᠠᠭ᠎ᠠ᠎ᠪᠠᠷ ᠴᠢᠷᠮᠠᠶ᠋ᠢᠨ ᠰᠠᠶ᠋ᠢᠵᠢᠷᠠᠭᠤᠯᠬᠤ ᠪᠠ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ ᠠᠵᠢᠯ᠎ᠢ ᠣᠷᠳᠣ ᠬᠤᠭᠤᠴᠠᠭ᠎ᠠ᠎ᠪᠠᠷ ᠰᠠᠶ᠋ᠢᠲᠤᠷ ᠠᠳᠬᠤᠬᠤ ᠴᠢᠬᠤᠯᠠᠳᠠᠢ᠃ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠬᠤ ᠪᠠ ᠳᠡᠯᠡᠬᠡᠶ ᠵᠢᠨ ᠣᠨᠴᠠᠭ᠋ᠠᠶ ᠪᠠᠶ᠋ᠢᠳᠠᠯ᠎ᠤᠨ ᠳᠣᠣᠷ᠎ᠠ᠂ ᠤᠰᠤᠨ ᠠᠰᠢᠭᠯᠠᠯᠲᠠ ᠵᠢᠨ ᠠᠶᠤᠯᠭᠦᠶ ᠵᠢᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠡᠶ᠎ᠡ ᠵᠤᠬᠢᠴᠠᠩᠭᠤᠢ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠨᠢ ᠶᠡᠷᠦ ᠪᠤᠰᠤ ᠵᠢᠨ ᠠᠴᠢ ᠬᠣᠯᠪᠣᠭᠳᠠᠯ᠎ᠲᠠᠢ ᠶᠤᠮ᠃ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠ᠋ᠠᠰᠢᠭᠯᠠᠯᠳᠠ ᠵᠢᠨ ᠲᠢᠩᠬᠢᠮ ᠤᠰᠤᠨ ᠠᠰᠢᠭᠯᠠᠯᠳᠠ ᠵᠢᠨ ᠶᠠᠮᠤᠨ᠎ᠤ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠳᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ ᠠᠶᠤᠯᠬᠦᠢ ᠦᠢ᠍ᠯᠡᠳᠪᠦᠷᠢᠯᠡᠯ ᠭᠡᠬᠦ ᠡᠨᠡᠬᠦ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠪᠠᠭᠤᠷᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠤᠨ ᠰᠢᠨ᠎ᠡ ᠳᠡᠭᠲᠡᠷ᠎ᠲᠤ ᠭᠠᠷᠴᠤ ᠰᠢᠨ᠎ᠡ ᠲᠦᠪᠰᠢᠨ᠎ᠳᠤ ᠬᠦᠷᠬᠦ ᠵᠢ ᠠᠬᠢᠭᠤᠯᠵᠤ᠂ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠤᠨ ᠪᠠᠶ᠋ᠢᠳᠠᠯ᠎ᠤᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠳᠤᠯᠠᠭᠰᠠᠨ ᠪᠠᠢ᠌ᠨ᠎ᠠ᠃