ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠦᠷ ᠮᠤᠨᠭ᠌ᠭᠤᠯ᠎ᠤᠨ ᠲᠡᠦᠬᠡᠨ᠎ᠳᠠᠬᠢ ᠤᠰᠤᠨ ᠠᠰᠢᠭᠯᠠᠯᠲᠠ ᠵᠢᠨ ᠤᠰᠤ ᠠᠷᠪᠢᠯᠠᠬᠤ ᠤᠰᠤ ᠬᠠᠩᠭ᠋ᠠᠬᠤ ᠬᠠᠮᠤᠭ᠎ᠤᠨ ᠶᠡᠭᠡ ᠲᠦᠷᠦᠯ ᠵᠦᠢ᠍ᠯ — ᠴᠤᠤᠯ ᠭᠣᠣᠯ᠎ᠢ ᠲᠠᠲᠠᠵᠤ ᠯᠢᠶᠣᠤ ᠾᠧ ᠭᠤᠤᠯ᠎ᠳᠤ ᠤᠷᠤᠭᠤᠯᠬᠤ ᠢᠨᠵᠧᠨᠧᠷᠢᠩ᠎ᠤᠨ ᠠᠩᠬᠠᠳᠠᠭᠴᠢ TBM ᠮᠠᠰᠢᠨ ᠬᠢᠩᠭ᠋ᠠᠨ ᠠᠶ᠋ᠢᠮᠠᠭ᠎ᠲᠤ ᠡᠬᠢᠯᠡᠨ ᠠᠵᠢᠯᠯᠠᠪᠠ
ᠨᠡᠶ᠋ᠢᠲᠡᠯᠡᠭᠰᠡᠨ ᠴᠠᠭ᠄ 2021-01-27

      ᠲᠢᠩᠬᠢᠮ᠎ᠤᠨ ᠳᠡᠳ᠋ ᠳᠠᠷᠤᠭ᠎ᠠ ᠢᠦᠶ ᠴᠠᠩ ᠵᠢᠶᠠᠨ ᠪᠠᠷᠢᠯᠭ᠎ᠠ ᠵᠢᠨ ᠨᠦᠬᠡᠨ ᠵᠠᠮ᠎ᠢ ᠪᠠᠶ᠋ᠢᠴᠠᠭ᠋ᠠᠵᠤ ᠦᠵᠡᠨ᠎ᠡ
      ᠲᠢᠩᠬᠢᠮ᠎ᠤᠨ ᠳᠡᠳ᠋ ᠳᠠᠷᠤᠭ᠎ᠠ ᠢᠦᠢ ᠴᠠᠩ ᠵᠢᠶᠠᠨ ᠶᠠᠷᠢᠶ᠎ᠠ ᠲᠠᠯᠪᠢᠨ᠎ᠡ
      ᠲᠢᠩᠬᠢᠮ᠎ᠤᠨ ᠳᠡᠳ᠋ ᠳᠠᠷᠤᠭ᠎ᠠ ᠢᠦᠢ ᠴᠠᠩ ᠵᠢᠶᠠᠨ ᠪᠠᠷᠢᠯᠭ᠎ᠠ ᠵᠢᠨ   ᠭᠤᠤᠷᠰᠤ ᠬᠣᠭᠣᠯᠠᠶ ᠵᠢᠨ ᠦᠢ᠍ᠯᠡᠳᠪᠦᠷᠢᠯᠡᠯ᠎ᠤᠨ ᠲᠥᠬᠥᠭᠡᠷᠦᠮᠵᠢ ᠵᠢ ᠪᠠᠶ᠋ᠢᠴᠠᠭ᠋ᠠᠨ᠎ᠡ
      ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ (ᠰᠤᠷᠪᠤᠯᠵᠢᠯᠠᠭᠴᠢ ᠯᠢ ᠵᠢᠶᠠᠨ ᠭᠦᠸᠧ) ᠦᠪᠦᠷ ᠮᠤᠨᠭ᠌ᠭᠤᠯ᠎ᠤᠨ ᠤᠰᠤᠨ ᠠᠰᠢᠭᠯᠠᠯᠲᠠ ᠵᠢᠨ ᠲᠡᠦᠬᠡᠨ ᠳᠡᠭᠡᠷᠡᠬᠢ ᠤᠰᠤ ᠠᠷᠪᠢᠯᠠᠵᠤ ᠤᠰᠤ ᠬᠠᠩᠭ᠋ᠠᠬᠤ ᠬᠡᠪᠴᠢᠶ᠎ᠡ᠎ᠪᠠᠷ ᠬᠠᠮᠤᠭ᠎ᠤᠨ ᠶᠡᠬᠡ ᠲᠦᠷᠦᠯ ᠵᠦᠢ᠍ᠯ — ᠴᠤᠤᠯ ᠭᠣᠣᠯ᠎ᠢ ᠲᠠᠲᠠᠵᠤ ᠯᠢᠶᠣᠤ ᠾᠸ ᠭᠤᠤᠯ᠎ᠳᠤ ᠤᠷᠤᠭᠤᠯᠬᠤ ᠢᠨᠵᠧᠨᠧᠷᠢᠩ 11 ᠰᠠᠷ᠎ᠠ ᠵᠢᠨ 25᠎ᠤ ᠡᠳᠦᠷ ᠬᠢᠩᠭ᠋ᠠᠨ ᠠᠶ᠋ᠢᠮᠠᠭ᠎ᠤᠨ ᠲᠦᠴᠢᠦᠸᠠᠨ ᠰᠢᠶᠠᠨ᠎ᠤ ᠶᠦᠩ ᠠᠨ ᠪᠠᠯᠭ᠋ᠠᠰᠤᠨ᠎ᠤ ᠪᠠᠷᠢᠯᠭ᠎ᠠ ᠵᠢᠨ ᠲᠤᠬᠠᠢ ᠵᠢᠨ ᠲᠠᠯᠠᠪᠠᠢ᠎ᠨᠢ ᠡᠨᠳᠡ ᠨᠤᠲᠤᠭᠰᠢᠭᠰᠠᠨ ᠠᠩᠬᠠᠳᠠᠭᠴᠢ TBM (ᠪᠦᠬᠦ ᠣᠭᠲᠣᠯᠤᠭ᠋ᠠᠰᠤ ᠵᠢᠨ ᠬᠠᠲᠠᠭᠤ ᠴᠢᠯᠠᠭᠤᠯᠢᠭ᠎ᠤᠨ ᠨᠦᠬᠡᠨ ᠵᠠᠮ᠎ᠤᠨ ᠡᠷᠦᠬᠦᠷ ᠮᠠᠰᠢᠨ) 《ᠲᠠᠯ᠎ᠠ ᠨᠤᠲᠤᠭ᠎ᠤᠨ ᠥᠯᠵᠡᠶ᠋ᠢᠲᠦ ᠲᠡᠮᠳᠡᠭᠳᠦ》 ᠡᠬᠢᠯᠡᠨ ᠠᠵᠢᠯᠯᠠᠭᠰᠠᠨ ᠪᠠᠢ᠌ᠨ᠎ᠠ᠃ ᠡᠨᠡ᠎ᠨᠢ ᠪᠠᠷᠢᠯᠭ᠎ᠠ ᠵᠢᠨ ᠠᠵᠢᠯ᠎ᠨᠢ ᠬᠠᠲᠠᠭᠤ ᠴᠢᠯᠠᠭᠤᠯᠢᠭ᠂ ᠬᠥᠯᠳᠡᠭᠦᠦ ᠰᠢᠷᠣᠶ ᠵᠡᠷᠭᠡ ᠨᠠᠷᠢᠨ ᠪᠤᠳᠤᠯᠢᠶᠠᠨᠲᠠᠶ ᠭᠠᠵᠠᠷ᠎ᠤᠨ ᠭᠠᠳᠠᠷᠭᠤ ᠵᠢ ᠮᠠᠯᠲᠠᠵᠤ ᠡᠬᠢᠯᠡᠭᠰᠡᠨ᠎ᠢ ᠬᠠᠷᠠᠭᠤᠯᠵᠤ ᠪᠠᠶ᠋ᠢᠬᠤ ᠪᠥᠭᠡᠳ ᠴᠤᠤᠯ ᠭᠣᠣᠯ᠎ᠢ ᠲᠠᠲᠠᠵᠤ ᠯᠢᠶᠣᠤ ᠾᠸ ᠭᠤᠤᠯ᠎ᠳᠤ ᠤᠷᠤᠭᠤᠯᠬᠤ ᠢᠨᠵᠧᠨᠧᠷᠢᠩ᠎ᠢ ᠪᠦᠬᠦᠯᠢ ᠴᠣᠭᠴᠠ᠎ᠪᠠᠷ᠎ᠨᠢ ᠢᠳᠡᠪᠬᠢᠲᠡᠶ ᠠᠬᠢᠭᠤᠯᠵᠤ ᠪᠠᠶ᠋ᠢᠬᠤ ᠵᠢ ᠬᠠᠷᠠᠭᠤᠯᠵᠤ ᠪᠠᠶ᠋ᠢᠨ᠎ᠠ᠃
      ᠲᠤᠬᠠᠶ ᠵᠢᠨ ᠲᠠᠯᠠᠪᠠᠶ ᠵᠢᠨ ᠪᠠᠶᠠᠷ᠎ᠤᠨ ᠫᠤᠤᠵᠢᠩ᠎ᠤᠨ ᠲᠠᠭᠤᠨ᠎ᠤ ᠳᠠᠭ᠋ᠠᠤ᠎ᠳᠤ᠂ 《ᠲᠠᠯ᠎ᠠ ᠨᠤᠲᠤᠭ᠎ᠤᠨ ᠥᠯᠵᠡᠶ᠋ᠢᠲᠦ ᠲᠡᠮᠳᠡᠭᠲᠦ》 TBM ᠡᠷᠦᠬᠦᠷ ᠮᠠᠰᠢᠨ᠎ᠨᠢ ᠶᠠᠭ ᠨᠢᠭᠡᠨ ᠠᠪᠤᠷᠭᠤ ᠯᠣᠤ᠎ᠲᠠᠢ ᠠᠳᠠᠯᠢ᠂ ᠮᠡᠷᠭᠡᠵᠢᠯ᠎ᠤᠨ ᠠᠵᠢᠯᠲᠠᠨ᠎ᠤ ᠵᠢᠯᠤᠭᠤᠳᠤᠯᠭ᠎ᠠ᠎ᠪᠠᠷ ᠠᠯᠭᠤᠷ ᠠᠭ᠋ᠠᠵᠢᠮ ᠵᠶ᠋ᠠᠷ ᠤᠷᠤᠭᠰᠢᠯᠠᠨ᠎ᠠ᠃
      ᠦᠪᠦᠷ ᠮᠤᠨᠭ᠌ᠭᠤᠯ᠎ᠤᠨ   ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠳᠠ ᠵᠢᠨ ᠲᠢᠩᠬᠢᠮ᠎ᠤᠨ ᠳᠡᠳ᠋ ᠳᠠᠷᠤᠭ᠎ᠠ ᠢᠦᠶ ᠴᠠᠩ ᠵᠢᠶᠠᠨ᠂ ᠬᠢᠩᠭ᠋ᠠᠨ ᠠᠶ᠋ᠢᠮᠠᠭ᠎ᠤᠨ ᠵᠠᠬᠢᠷᠭ᠎ᠠ ᠵᠢᠨ ᠳᠡᠳ᠋ ᠠᠶ᠋ᠢᠮᠠᠭ᠎ᠤᠨ ᠳᠠᠷᠤᠭ᠎ᠠ ᠵᠠᠩ ᠪᠢᠩ       ᠢᠦᠢ᠂ ᠦᠪᠦᠷ ᠮᠤᠨᠭ᠌ᠭᠤᠯ᠎ᠤᠨ ᠤᠰᠤᠨ᠎ᠤ ᠶᠠᠪᠤᠳᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠬᠢᠭᠡᠳ ᠦᠪᠦᠷ ᠮᠤᠨᠭ᠌ᠭᠤᠯ᠎ᠤᠨ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠸ ᠭᠤᠤᠯ᠎ᠳᠤ ᠤᠷᠤᠭᠤᠯᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠠᠷᠰᠯᠠᠨ᠂ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ   ᠳᠤᠪᠴᠢᠶ᠎ᠠ᠂ ᠲᠦᠴᠢᠦᠸᠠᠨ ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠤᠳᠤᠷᠢᠳᠤᠯᠭ᠎ᠠ᠂ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠸ ᠭᠤᠤᠯ᠎ᠳᠤ ᠤᠷᠤᠭᠤᠯᠬᠤ ᠢᠨᠵᠧᠨᠧᠷᠢᠩ᠎ᠤᠨ ᠡᠯ᠎ᠡ ᠪᠠᠶ᠋ᠢᠭᠤᠯᠤᠯᠲᠠ᠎ᠳᠤ ᠣᠷᠣᠯᠴᠠᠭᠰᠠᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠨᠥᠬᠥᠳ ᠵᠢᠴᠢ ᠡᠯ᠎ᠡ ᠰᠣᠨᠢᠨ ᠮᠡᠳᠡᠭᠡᠨ᠎ᠤ ᠨᠢᠭᠡᠴᠢ ᠵᠢᠨ ᠰᠤᠷᠪᠤᠯᠵᠢᠯᠠᠭᠴᠢ ᠨᠠᠷ ᠲᠤᠬᠠᠢ ᠵᠢᠨ ᠲᠠᠯᠠᠪᠠᠢ᠎ᠳᠤ ᠢᠷᠡᠵᠦ ᠪᠠᠶᠠᠷ ᠬᠦᠷᠭᠡᠪᠡ᠃
      ᠢᠦᠢ ᠴᠠᠩ ᠵᠢᠶᠠᠨ   ᠡᠬᠢᠯᠡᠯᠳᠡ ᠵᠢᠨ ᠶᠣᠰᠣᠯᠠᠯ ᠳᠡᠭᠡᠷ᠎ᠡ᠂ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠭᠰᠠᠨ ᠤᠷᠢᠲᠠᠯ ᠳᠣᠣᠷ᠎ᠠ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠵᠤ᠂   ᠠᠶᠤᠯᠬᠦᠢ ᠦᠢ᠍ᠯᠡᠳᠪᠦᠷᠢᠯᠡᠯ ᠭᠡᠬᠦ ᠡᠨᠡᠬᠦ ᠬᠥᠪᠴᠢ ᠵᠢ ᠢᠮᠠᠭᠲᠠ ᠴᠢᠩᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠪᠠᠷᠢᠯᠭ᠎ᠠ ᠵᠢᠨ ᠠᠵᠢᠯ᠎ᠤᠨ ᠳᠤᠮᠳᠠᠬᠢ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠡᠯ᠎ᠡ ᠵᠦᠢ᠍ᠯ᠎ᠤᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠶ᠃ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠣᠪᠣᠷ ᠵᠶ᠋ᠠᠷ ᠭᠣᠭᠴᠣᠭ᠎ᠠ ᠨᠢᠭᠡᠪᠦᠷᠢ᠂ ᠠᠵᠢᠯ᠎ᠤᠨ ᠳᠠᠷᠠᠭ᠋ᠠᠯᠠᠯ ᠨᠢᠭᠡᠪᠦᠷᠢ ᠵᠢ ᠰᠠᠶ᠋ᠢᠲᠤᠷ ᠪᠡᠶᠡᠯᠡᠭᠦᠯᠬᠦ ᠬᠡᠷᠡᠭᠲᠡᠶ ᠭᠡᠵᠤ ᠴᠢᠬᠤᠴᠢᠯᠠᠭᠰᠠᠨ ᠪᠠᠢ᠌ᠨ᠎ᠠ᠃
      ᠵᠠᠩ ᠪᠢᠩ ᠢᠦᠢ᠂ ᠠᠷᠰᠯᠠᠨ ᠨᠠᠷ ᠤᠷᠢᠳ ᠬᠣᠵᠢᠳ ᠶᠠᠷᠢᠶ᠎ᠠ ᠲᠠᠯᠪᠢᠵᠤ᠂ ᠪᠠᠶᠠᠷ᠎ᠤᠨ ᠦᠭᠡ ᠬᠡᠯᠡᠪᠡ᠃
      ᠤᠰᠤ ᠳᠠᠮᠵᠢᠭᠤᠯᠬᠤ ᠨᠦᠭᠡᠨ ᠵᠡᠮ᠎ᠤᠨ ᠬᠡᠰᠡᠭ᠎ᠢ ᠥᠷᠥᠮᠳᠡᠵᠦ ᠳᠡᠯᠪᠡᠴᠢᠬᠦ ᠠᠷᠭ᠎ᠠ +TBM ᠮᠠᠰᠢᠨ ᠬᠠᠮᠲᠤᠷᠠᠨ ᠠᠵᠢᠯᠯᠠᠵᠤ᠂ ᠨᠡᠢ᠌ᠳᠠ 5 ᠰᠠᠤᠷᠢ TBM ᠮᠠᠰᠢᠨ᠎ᠢ ᠠᠰᠢᠭᠯᠠᠯᠲᠠ᠎ᠳᠤ ᠣᠷᠣᠭᠤᠯᠪᠠ᠃ ᠲᠣᠰ ᠤᠳᠠᠭ᠎ᠠ ᠵᠢᠨ ᠡᠬᠢᠯᠡᠨ ᠠᠵᠢᠯᠯᠠᠭᠤᠯᠤᠭᠰᠠᠨ 《ᠲᠠᠯ᠎ᠠ ᠨᠤᠲᠤᠭ᠎ᠤᠨ ᠥᠯᠵᠡᠶ᠋ᠢᠲᠦ ᠲᠡᠮᠳᠡᠭᠲᠦ》 TBM ᠮᠠᠰᠢᠨ᠎ᠢ ᠳᠤᠮᠳᠠᠳᠤ ᠤᠯᠤᠰ᠎ᠤᠨ ᠲᠡᠮᠦᠷ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠬᠦᠨᠳᠦ ᠠᠵᠤ ᠦᠢᠯᠡᠳᠪᠦᠷᠢ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠎ᠠᠴᠠ ᠦᠢᠯᠡᠳᠪᠦᠷᠢᠯᠡᠵᠦ᠂ ᠭᠣᠤᠯᠳᠠᠭᠤ ᠣᠷᠳᠣ᠂ ᠲᠣᠮᠣ ᠬᠠᠲᠠᠭᠤ ᠴᠢᠯᠠᠭᠤᠯᠢᠭ᠎ᠤᠨ ᠨᠦᠬᠡᠨ ᠵᠠᠮ᠎ᠤᠨ ᠪᠠᠷᠢᠯᠭ᠎ᠠ᠎ᠳᠤ ᠬᠡᠷᠡᠭᠯᠡᠵᠦ᠂ ᠨᠦᠬᠡᠨ ᠵᠠᠮ ᠵᠢᠴᠢ ᠨᠦᠬᠡᠨ ᠵᠠᠮ᠎ᠤᠨ ᠣᠭᠲᠣᠯᠤᠭ᠋ᠠᠰᠤ ᠵᠢ ᠨᠢᠭᠡ ᠯᠡ ᠤᠳᠠᠭ᠎ᠠ᠎ᠳᠤ ᠬᠡᠯᠪᠡᠷᠢᠵᠢᠭᠦᠯᠵᠦ᠂ ᠮᠠᠯᠲᠠᠬᠤ᠂ ᠲᠤᠯᠭ᠋ᠠᠭᠤᠷᠢᠯᠠᠨ ᠬᠠᠮᠠᠭ᠋ᠠᠯᠠᠬᠤ᠂ ᠰᠢᠭ᠋ᠠᠷᠤ ᠭᠠᠷᠭ᠋ᠠᠬᠤ ᠵᠢ ᠨᠢᠭᠡ ᠴᠤᠭᠴᠠᠵᠢᠭᠤᠯᠵᠤ᠂ ᠮᠧᠬᠠᠨᠢᠭ᠂ ᠡᠯᠧᠺᠲᠷᠣᠨ᠂ ᠰᠢᠩᠭᠡᠨ ᠳᠠᠷᠤᠴᠠ᠂ ᠯᠠᠶ᠋ᠢᠰᠧᠷ᠂ ᠡᠵᠡᠮᠰᠢᠯ ᠵᠡᠷᠭᠡ ᠮᠡᠷᠭᠡᠵᠢᠯ᠎ᠢ ᠨᠢᠭᠡ ᠴᠣᠭᠴᠠ ᠪᠣᠯᠭ᠋ᠠᠵᠤ᠂ ᠠᠮᠤᠷ ᠲᠦᠪᠰᠢᠨ᠂ ᠥᠨᠳᠥᠷ ᠪᠦᠲᠦᠮᠵᠢᠲᠡᠶ ᠴᠢᠳᠠᠮᠵᠢ ᠵᠢᠨ ᠳᠠᠪᠠᠭᠤᠯᠢᠭ᠎ᠲᠠᠢ ᠶᠤᠮ᠃ ᠮᠠᠯᠳᠠᠬᠤ ᠳ᠋ᠢᠶᠠᠮᠧᠲᠷ᠎ᠨᠢ 4.75 ᠮᠧᠲᠷ᠂ ᠪᠦᠬᠦᠯᠢ ᠮᠠᠰᠢᠨ᠎ᠤ ᠤᠷᠳᠤ᠎ᠨᠢ ᠪᠠᠷᠤᠭ 295 ᠮᠧᠲᠷ᠂ ᠪᠦᠬᠦᠯᠢ ᠮᠠᠰᠢᠨ᠎ᠤ ᠬᠦᠨᠳᠦ᠎ᠨᠢ ᠪᠠᠷᠤᠭ 1000 ᠲᠣᠨ᠂ ᠶᠡᠷᠦᠩᠬᠡᠢ ᠮᠠᠰᠢᠨ ᠴᠣᠭᠴᠠᠯᠠᠪᠤᠷᠢ ᠵᠢᠨ ᠴᠢᠳᠠᠯ᠎ᠨᠢ ᠪᠠᠷᠤᠭ 3300 ᠺᠢᠯᠣᠸᠠᠲ ᠪᠠᠶ᠋ᠢᠵᠤ᠂ 2019 ᠣᠨ᠎ᠤ 10 ᠰᠠᠷ᠎ᠠ ᠵᠢᠨ 1᠎ᠤ ᠡᠳᠦᠷ᠎ᠠᠴᠠ 4᠎ᠤ ᠡᠳᠦᠷ ᠪᠣᠯᠲᠠᠯ᠎ᠠ ᠵᠠᠯᠭ᠋ᠠᠪᠡᠷ ᠲᠤᠬᠠᠢ ᠵᠢᠨ ᠲᠠᠯᠠᠪᠠᠢ᠎ᠳᠤ ᠣᠷᠣᠵᠤ ᠢᠷᠡᠬᠦ ᠵᠢᠨ ᠬᠠᠮᠲᠤ ᠪᠠᠷᠢᠯᠭ᠎ᠠ ᠵᠢᠨ ᠨᠢᠭᠡᠴᠢ ᠪᠤᠯᠬᠤ ᠳᠤᠮᠳᠠᠳᠤ ᠤᠯᠤᠰ᠎ᠤᠨ ᠲᠡᠮᠤᠷ ᠵᠠᠮ᠎ᠤᠨ ᠠᠷᠪᠠᠨ ᠨᠠᠢ᠌ᠮᠠᠳᠤᠭ᠋ᠠᠷ ᠳᠤᠪᠴᠢᠶ᠎ᠠ᠎ᠳᠤ ᠲᠤᠰᠢᠶᠠᠵᠤ ᠤᠭᠰᠠᠷᠠᠭᠤᠯᠤᠨ ᠲᠤᠷᠰᠢᠭᠤᠯᠬᠤ᠎ᠪᠠᠷ ᠪᠤᠢ᠃ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠵᠢᠱ᠌ᠢᠯᠲᠡ᠎ᠪᠠᠷ ᠰᠠᠷ᠎ᠠ ᠵᠢᠨ ᠳᠤᠮᠳᠠᠴᠢ ᠮᠠᠯᠲᠠᠯᠲᠠ ᠵᠢᠨ ᠬᠤᠷᠳᠤᠴᠠ᠎ᠨᠢ 600 ᠮᠧᠲᠷ᠎ᠲᠤ ᠬᠥᠷᠬᠥ ᠪᠣᠯᠤᠨ᠎ᠠ᠃ ᠪᠤᠰᠤᠳ 4 ᠰᠠᠤᠷᠢ TBM ᠮᠠᠰᠢᠨ᠎ᠢ 2020 ᠣᠨ᠎ᠳᠤ ᠵᠠᠯᠭ᠋ᠠᠭ᠎ᠠ᠎ᠪᠠᠷ ᠣᠷᠣᠭᠤᠯᠤᠨ ᠠᠪᠴᠢᠷᠠᠵᠤ ᠠᠰᠢᠭᠯᠠᠯᠲᠠ᠎ᠳᠤ ᠣᠷᠣᠭᠤᠯᠵᠤ᠂ 3 ᠵᠢᠯ᠎ᠤᠨ ᠬᠤᠭᠤᠴᠠᠭ᠋ᠠᠨ᠎ᠳᠤ 46 ᠺᠢᠯᠣᠮᠧᠲᠷ ᠣᠷᠳᠣ ᠤᠰᠤ ᠳᠠᠮᠵᠢᠭᠤᠯᠬᠤ ᠨᠦᠬᠡᠨ ᠵᠠᠮ᠎ᠢ ᠨᠡᠪᠲᠡᠷᠡᠭᠦᠯᠬᠦ᠎ᠪᠠᠷ ᠲᠥᠯᠥᠪᠯᠡᠵᠦ᠂ ᠪᠥᠬᠥ ᠱᠤᠭᠤᠮ᠎ᠢ ᠲᠥᠯᠥᠪᠯᠡᠭᠡ ᠶᠣᠰᠣᠭ᠋ᠠᠷ ᠪᠠᠶ᠋ᠢᠭᠤᠯᠯᠤᠨ ᠳᠠᠭᠤᠰᠬᠠᠵᠤ ᠤᠰᠤ ᠨᠡᠪᠲᠡᠷᠡᠭᠦᠯᠬᠦ ᠵᠢ ᠦᠨᠡᠨ ᠬᠦ᠌ ᠪᠠᠲᠤᠯᠠᠨ᠎ᠠ᠃
      ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠤᠷᠤᠭᠤᠯᠬᠤ ᠢᠨᠵᠧᠨᠧᠷᠢᠩ ᠪᠣᠯ ᠤᠯᠤᠰ᠎ᠤᠨ 《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠡᠷᠡᠭᠵᠢᠭᠦᠯᠦᠭᠰᠡᠨ 172 ᠵᠦᠢ᠍ᠯ᠎ᠤᠨ ᠤᠰᠤ ᠠᠷᠪᠢᠯᠠᠵᠤ ᠤᠰᠤ ᠬᠠᠩᠭ᠋ᠠᠬᠤ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠢᠭᠡ       ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠨᠣᠮᠧᠷᠲᠤ ᠤᠰᠤᠨ ᠠᠰᠢᠭᠯᠠᠯᠲᠠ ᠵᠢᠨ ᠢᠨᠵᠧᠨᠧᠷᠢᠩ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠤᠷᠢᠶ᠎ᠠ᠂ ᠵᠠᠰᠠᠭ᠎ᠤᠨ ᠣᠷᠳᠣᠨ᠎ᠠᠴᠠ ᠮᠠᠰᠢ ᠴᠢᠬᠤᠯᠠᠴᠢᠯᠠᠨ ᠦᠵᠡᠵᠦ ᠪᠤᠢ᠃ ᠪᠠᠷᠢᠯᠭ᠎ᠠ ᠵᠢᠨ ᠶᠡᠷᠦᠩᠬᠡᠢ ᠪᠡᠯᠡ ᠣᠷᠤᠭᠤᠯᠤᠯᠲᠠ 252.16 ᠳ᠋ᠦᠩᠰᠢᠭᠤᠷ ᠲᠥᠭᠥᠷᠢᠭ᠎ᠲᠤ ᠬᠦᠷᠴᠦ᠂ ᠪᠠᠷᠢᠯᠭ᠎ᠠ ᠵᠢᠨ ᠶᠡᠷᠦᠩᠬᠡᠶ ᠬᠤᠭᠤᠴᠠᠭ᠎ᠠ᠎ᠨᠢ 56 ᠰᠠᠷ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳᠦᠭᠡ ᠪᠣᠯᠲᠠᠯᠠᠬᠢ ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ᠂ ᠪᠠᠷᠢᠯᠭ᠎ᠠ ᠵᠢᠨ ᠬᠡᠪᠴᠢᠶ᠎ᠡ᠎ᠪᠠᠷ ᠨᠡᠯᠢᠶᠡᠳ ᠶᠡᠬᠡ᠂ ᠠᠰᠢᠭ ᠬᠦᠷᠳᠡᠬᠦ ᠭᠠᠵᠠᠷ ᠣᠷᠣᠨ ᠵᠶ᠋ᠠᠷ ᠨᠡᠯᠢᠶᠡᠳ ᠥᠷᠭᠡᠨ᠂ ᠪᠠᠷᠢᠯᠭ᠎ᠠ ᠵᠢᠨ ᠬᠤᠭᠤᠴᠠᠭ᠎ᠠ᠎ᠪᠠᠷ ᠨᠡᠯᠢᠶᠡᠳ ᠤᠷᠳᠤ ᠤᠰᠤᠨ ᠠᠰᠢᠭᠯᠠᠯᠲᠠ ᠵᠢᠨ ᠢᠨᠵᠧᠨᠧᠷᠢᠩ ᠪᠣᠯᠤᠨ᠎ᠠ᠃ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠤᠷᠤᠭᠤᠯᠬᠤ ᠢᠨᠵᠧᠨᠧᠷᠢᠩ ᠪᠣᠯ ᠶᠡᠬᠡ (1) ᠬᠡᠯᠪᠡᠷᠢ ᠵᠢᠨ I ᠲᠡᠰ᠎ᠤᠨ ᠢᠨᠵᠧᠨᠧᠷᠢᠩ ᠪᠣᠯᠤᠨ᠎ᠠ᠂ ᠡᠭᠦᠨ᠎ᠳᠤ ᠭᠣᠣᠯᠳᠠᠭᠤ ᠴᠤᠤᠯ ᠭᠣᠣᠯ᠎ᠠᠴᠠ ᠤᠰᠤ ᠲᠠᠲᠠᠵᠤ ᠪᠠᠷᠠᠭᠤᠨ ᠯᠢᠶᠣᠤ ᠾᠧ ᠭᠣᠣᠯ᠎ᠳᠤ ᠬᠦᠷᠭᠡᠬᠦ᠂ ᠵᠠᠮ ᠳᠠᠭ᠋ᠠᠤ ᠵᠢᠨ ᠬᠤᠳᠠ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠤᠰᠤ ᠬᠠᠩᠭ᠋ᠠᠬᠤ᠂ ᠤᠰᠤᠯᠠᠯᠲᠠ᠎ᠲᠠᠢ ᠤᠶᠠᠯᠳᠤᠭᠤᠯᠬᠤ᠂ ᠴᠠᠬᠢᠯᠭ᠋ᠠᠨ ᠭᠠᠷᠭ᠋ᠠᠬᠤ ᠵᠢ ᠬᠠᠮᠲᠤ᠎ᠳᠤᠨᠢ ᠬᠠᠷᠠᠭ᠋ᠠᠯᠵᠠᠬᠤ ᠵᠡᠷᠭᠡ ᠶᠡᠷᠦᠩᠬᠡᠶ᠋ᠢᠯᠡᠨ ᠠᠰᠢᠭᠯᠠᠬᠤ ᠵᠢ ᠪᠠᠭᠲᠠᠭ᠋ᠠᠨ᠎ᠠ᠃ ᠢᠨᠵᠧᠨᠧᠷᠢᠩ᠎ᠨᠢ ᠦᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠪᠣᠯᠤᠨ ᠤᠰᠤ ᠳᠠᠮᠵᠢᠭᠤᠯᠬᠤ ᠢᠨᠵᠧᠨᠧᠷᠢᠩ ᠭᠡᠬᠦ ᠬᠣᠶᠠᠷ ᠬᠡᠰᠡᠭ᠎ᠠᠴᠠ ᠪᠦᠷᠢᠯᠳᠦᠵᠦ᠂ ᠤᠰᠤ ᠳᠠᠮᠵᠢᠭᠤᠯᠬᠤ ᠱᠤᠭᠤᠮ᠎ᠤᠨ ᠪᠦᠬᠦ ᠤᠷᠳᠤ᠎ᠨᠢ 390.3   ᠺᠢᠯᠦᠮᠧᠲᠷ ᠪᠠᠶ᠋ᠢᠵᠤ᠂ ᠬᠣᠶ᠋ᠢᠨ᠎ᠠ᠎ᠠᠴᠠ ᠡᠮᠦᠨᠡᠰᠢ ᠲᠤᠭᠤᠷ ᠭᠣᠣᠯ᠂ ᠬᠤᠤᠯᠢᠨ ᠭᠤᠤᠯ ᠵᠶ᠋ᠠᠷ       ᠥᠩᠭᠡᠷᠡᠵᠦ᠂ ᠠᠶᠠᠨᠳᠠᠭ᠋ᠠᠨ ᠤᠷᠤᠰᠬᠠᠨ ᠤᠰᠤ ᠳᠠᠮᠵᠢᠭᠤᠯᠬᠤ ᠠᠷᠭ᠎ᠠ ᠵᠢ ᠠᠪᠴᠤ᠂ ᠬᠢᠩᠭ᠋ᠠᠨ ᠠᠶ᠋ᠢᠮᠠᠭ᠂ ᠲᠦᠩᠯᠢᠶᠣᠤ ᠬᠤᠳᠠ ᠵᠢ ᠬᠠᠮᠤᠷᠴᠤ᠂ ᠬᠠᠮᠤᠭ᠎ᠤᠨ ᠡᠴᠦᠰ᠎ᠲᠤ ᠪᠠᠷᠠᠭᠤᠨ ᠯᠢᠶᠣᠤ ᠾᠧ ᠭᠣᠣᠯ᠎ᠤᠨ ᠭᠣᠣᠯ ᠤᠷᠤᠰᠬᠠᠯ᠎ᠤᠨ ᠮᠤᠷᠢᠨ ᠰᠦᠮ᠎ᠡ ᠵᠢᠨ ᠤᠰᠤᠨ ᠴᠥᠭᠥᠷᠥᠮ᠎ᠳᠤ ᠬᠦᠷᠴᠡᠢ᠃ ᠡᠭᠦᠨ᠎ᠳᠤ᠂ ᠨᠦᠬᠡᠨ ᠵᠠᠮ᠎ᠤᠨ ᠣᠷᠳᠣ᠎ᠨᠢ 183 ᠺᠢᠯᠣᠮᠧᠲᠷ᠂ PCCP ᠬᠣᠭᠣᠯᠠᠶ ᠵᠢᠨ ᠣᠷᠳᠣ᠎ᠨᠢ 203.83 ᠺᠢᠯᠣᠮᠧᠲᠷ ᠪᠣᠯᠤᠨ᠎ᠠ᠃ ᠲᠤᠰ ᠢᠨᠵᠧᠨᠧᠷᠢᠩ᠎ᠤᠨ ᠲᠦᠰᠦᠪᠯᠡᠭᠰᠡᠨ ᠵᠢᠯ᠎ᠤᠨ ᠳᠤᠮᠳᠠᠴᠢ ᠲᠤᠬᠢᠷᠠᠭᠤᠯᠬᠤ ᠤᠰᠤ᠎ᠨᠢ 4.54 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠢ᠌ᠵᠤ᠂ ᠵᠢᠯ ᠪᠦᠷᠢ ᠵᠠᠮ ᠳᠠᠭ᠋ᠠᠤ ᠵᠢᠨ ᠤᠰᠤᠯᠠᠯᠲᠠ ᠵᠢᠨ ᠣᠷᠣᠨ᠎ᠳᠤ ᠤᠰᠤᠯᠠᠯᠲᠠ ᠵᠢᠨ ᠤᠰᠤ 2833 ᠲᠦᠮᠡᠨ ᠪᠣᠰᠣᠭ᠎ᠠ ᠳᠥᠷᠪᠡᠯᠵᠢᠨ ᠮᠧᠲᠷ ᠬᠠᠩᠭ᠋ᠠᠵᠤ᠂ ᠪᠠᠷᠤᠭ 112.79   ᠲᠦᠮᠡᠨ ᠬᠥᠮᠦᠨ ᠠᠮᠠ ᠰᠢᠭᠤᠳ ᠠᠰᠢᠭ ᠬᠥᠷᠳᠡᠵᠤ᠂ ᠦᠪᠦᠷ ᠮᠤᠨᠭ᠌ᠭᠤᠯ᠎ᠤᠨ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ ᠤᠰᠤ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠪᠠᠶ᠋ᠢᠳᠠᠯ᠎ᠢ ᠨᠠᠮᠳᠠᠭᠤᠯᠬᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ 《ᠤᠰᠤ ᠨᠡᠭᠦᠷᠡᠰᠦ ᠵᠢ ᠬᠤᠷᠰᠢᠭᠤᠯᠬᠤ》 ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠎ᠳᠤ ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ ᠬᠠᠩᠭ᠋ᠠᠵᠤ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠲᠤᠬᠠᠶ ᠵᠢᠨ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠦᠷᠭᠦᠯᠵᠢᠯᠡᠨ ᠬᠥᠭᠵᠢᠬᠦ ᠵᠢ       ᠠᠬᠢᠭᠤᠯᠤᠨ᠎ᠠ᠃ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠤᠷᠤᠭᠤᠯᠬᠤ ᠢᠨᠵᠧᠨᠧᠷᠢᠩ᠎ᠤᠨ ᠤᠰᠤ ᠬᠦᠷᠲᠡᠬᠦ ᠬᠡᠪᠴᠢᠶ᠎ᠡ᠎ᠨᠢ ᠲᠦᠩᠯᠢᠶᠣᠤ ᠬᠤᠳᠠ᠂ ᠬᠢᠩᠭ᠋ᠠᠨ ᠠᠶ᠋ᠢᠮᠠᠭ᠎ᠤᠨ ᠠᠶ᠋ᠢᠮᠠᠭ᠎ᠤᠨ ᠣᠷᠳᠣᠨ᠎ᠤ ᠪᠠᠶ᠋ᠢᠭ᠎ᠠ ᠭᠠᠵᠠᠷ ᠪᠤᠯᠬᠤ ᠬᠣᠷᠴᠢᠨ ᠲᠣᠭᠣᠷᠢᠭ᠂ ᠤᠯᠠᠭ᠋ᠠᠨᠬᠣᠲᠠ᠂ ᠬᠣᠶᠠᠷ ᠠᠶ᠋ᠢᠮᠠᠭ ᠬᠤᠳᠠ᠎ᠳᠤ ᠬᠠᠷᠢᠶᠠᠯᠠᠭᠳᠠᠬᠤ ᠺᠠᠶ᠋ᠢᠯᠦ ᠰᠢᠶᠠᠨ᠂ ᠵᠠᠷᠤᠳ ᠬᠣᠰᠢᠭᠤ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠂ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠣᠷᠴᠢᠨ ᠪᠠᠷᠠᠭᠤᠨ ᠭᠠᠷᠤᠨ ᠳᠤᠮᠳᠠᠳᠤ       ᠬᠣᠰᠢᠭᠤ᠂ ᠲᠦᠴᠢᠦᠸᠠᠨ ᠰᠢᠶᠠᠨ ᠵᠡᠷᠭᠡ 7 ᠬᠣᠰᠢᠭᠤ (ᠰᠢᠶᠠᠨ) ᠵᠢᠨ ᠬᠤᠳᠠ ᠲᠣᠭᠣᠷᠢᠭ ᠵᠢᠴᠢ ᠲᠦᠩᠯᠢᠶᠣᠤ ᠵᠢᠨ ᠠᠵᠤ ᠠᠬᠤᠶ ᠵᠢᠨ ᠨᠡᠭᠡᠭᠡᠯᠳᠠ ᠵᠢᠨ ᠤᠷᠦᠠ᠂ ᠤᠯᠠᠭ᠋ᠠᠨᠬᠣᠲᠠ ᠵᠢᠨ ᠠᠵᠤ ᠦᠢ᠍ᠯᠡᠳᠪᠦᠷᠢ ᠵᠢᠨ ᠨᠡᠭᠡᠭᠡᠯᠳᠠ ᠵᠢᠨ ᠤᠷᠦᠠ ᠵᠡᠷᠭᠡ 11 ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠤᠨ᠎ᠠ᠃
      ᠣᠶ᠋ᠢᠯᠠᠭ᠋ᠠᠭᠰᠠᠨ ᠵᠶ᠋ᠠᠷ᠂ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠤᠷᠤᠭᠤᠯᠬᠤ ᠢᠨᠵᠧᠨᠧᠷᠢᠩ᠎ᠢ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠶᠡᠬᠡ ᠦᠢ᠍ᠯᠡᠳᠦᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠪᠠᠷᠠᠭᠤᠨ ᠯᠢᠶᠣᠤ ᠾᠧ ᠭᠣᠤᠯ᠎ᠤᠨ ᠰᠠᠪᠠ ᠭᠠᠵᠠᠷ᠎ᠤᠨ ᠤᠰᠤ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠪᠠᠶ᠋ᠢᠳᠠᠯ᠎ᠢ ᠪᠦᠲᠦᠮᠵᠢᠲᠡᠶ ᠨᠠᠮᠳᠠᠭᠤᠯᠵᠤ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ ᠵᠢᠨ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠳᠣᠭᠢᠷᠠᠭᠤᠯᠬᠤ ᠵᠢ ᠠᠬᠢᠭᠤᠯᠬᠤ᠂ ᠤᠰᠤᠨ᠎ᠤ ᠡᠬᠢ ᠪᠠᠶᠠᠯᠢᠭ᠎ᠤᠨ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠵᠢ ᠰᠠᠶ᠋ᠢᠵᠢᠷᠠᠭᠤᠯᠤᠨ ᠳᠡᠭᠡᠭᠰᠢᠯᠡᠭᠦᠯᠬᠦ᠂ ᠬᠢᠯᠢ ᠬᠢᠵᠠᠭ᠋ᠠᠷ᠎ᠤᠨ ᠴᠥᠭᠡᠨ ᠲᠣᠭ᠋ᠠᠲᠤ ᠦᠨᠳᠦᠰᠦᠲᠡᠨ᠎ᠤ ᠣᠷᠣᠨ᠎ᠤ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠂ ᠤᠮᠠᠷᠠᠲᠤ ᠬᠢᠯᠢ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠪᠠ ᠠᠮᠤᠷ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ᠎ᠳᠤ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠤᠨ ᠪᠤᠯᠪᠡᠰᠦᠷᠡᠯ᠎ᠤᠨ ᠠᠡᠭᠬᠢ ᠠᠮᠵᠢᠯᠲᠠ᠎ᠲᠠᠢ ᠶᠠᠪᠤᠭᠳᠠᠪᠠ
ᠦᠪᠦᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠶ᠋ᠢᠭᠡᠮᠯᠢᠭ᠎ᠤᠨ ᠭᠤᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠭᠡᠰᠢᠭᠦᠨ᠎ᠤ ᠲᠥᠯᠦᠭᠡᠯᠡᠭᠴᠢᠳ᠎ᠤᠨ ᠭᠤᠷᠪᠠᠳᠤᠭ᠋ᠠᠷ ᠬᠤᠷᠠᠯ ᠵᠢᠴᠢ 2018 — 2019 ᠣᠨ᠎ᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠯᠢᠳᠡᠭ ᠱᠠᠩᠨᠠᠯ ᠣᠯᠭᠣᠬᠤ ᠶᠡᠬᠡ ᠬᠤᠷᠠᠯ ᠠᠮᠵᠢᠯᠲᠠ᠎ᠲᠠᠢ ᠬᠤᠷᠠᠯᠳᠤᠪᠠ
ᠤᠰᠤᠨ ᠠᠰᠢᠭᠯᠠᠯᠳᠠ ᠵᠢᠨ ᠲᠢᠩᠬᠢᠮ ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ
ᠤᠰᠤᠨ ᠠᠰᠢᠭᠯᠠᠯᠳᠠ ᠵᠢᠨ ᠲᠢᠩᠬᠢᠮ ᠤᠰᠤᠨ ᠠᠰᠢᠭᠯᠠᠯᠲᠠ ᠵᠢᠨ ᠦᠢᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠵᠢᠯ ᠵᠶ᠋ᠠᠨ ᠰᠡᠷᠭᠦᠭᠡᠵᠦ ᠦᠢᠯᠡᠳᠪᠦᠷᠢᠯᠡᠯ ᠵᠶ᠋ᠠᠨ ᠰᠡᠷᠭᠦᠭᠡᠬᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠵᠢᠯ᠎ᠢ ᠴᠢᠨᠭ᠌ᠭ᠋ᠠᠳᠬᠠᠪᠠ
ᠤᠰᠤᠨ ᠠ᠋ᠠᠰᠢᠭᠯᠠᠯᠳᠠ ᠵᠢᠨ ᠲᠢᠩᠬᠢᠮ 2020 ᠣᠨ᠎ᠤ ᠠᠩᠬᠠᠳᠤᠭ᠋ᠠᠷ ᠤᠳᠠᠭ᠎ᠠ ᠵᠢᠨ ᠲᠥᠪ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠰᠠᠷ᠎ᠠ ᠵᠢᠨ ᠲᠤᠬᠢᠷᠠᠭᠤᠯᠭ᠎ᠠ ᠵᠢᠨ ᠬᠤᠷᠠᠯ ᠬᠢᠪᠡ
 
            