ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠦᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠶ᠋ᠢᠭᠡᠮᠯᠢᠭ᠎ᠤᠨ ᠭᠤᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠭᠡᠰᠢᠭᠦᠨ᠎ᠤ ᠲᠥᠯᠦᠭᠡᠯᠡᠭᠴᠢᠳ᠎ᠤᠨ ᠭᠤᠷᠪᠠᠳᠤᠭ᠋ᠠᠷ ᠬᠤᠷᠠᠯ ᠵᠢᠴᠢ 2018 — 2019 ᠣᠨ᠎ᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠯᠢᠳᠡᠭ ᠱᠠᠩᠨᠠᠯ ᠣᠯᠭᠣᠬᠤ ᠶᠡᠬᠡ ᠬᠤᠷᠠᠯ ᠠᠮᠵᠢᠯᠲᠠ᠎ᠲᠠᠢ ᠬᠤᠷᠠᠯᠳᠤᠪᠠ
ᠨᠡᠶ᠋ᠢᠲᠡᠯᠡᠭᠰᠡᠨ ᠴᠠᠭ᠄ 2021-01-27

     12 ᠰᠠᠷ᠎ᠠ ᠵᠢᠨ 20᠎ᠤ ᠡᠳᠦᠷ᠂ ᠦᠪᠦᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠶ᠋ᠢᠭᠡᠮᠯᠢᠭ ᠬᠦᠬᠡᠬᠤᠳᠠ᠎ᠳᠤ ᠭᠤᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠭᠡᠰᠢᠭᠦᠨ᠎ᠤ ᠲᠥᠯᠦᠭᠡᠯᠡᠭᠴᠢᠳ᠎ᠤᠨ ᠭᠤᠷᠪᠠᠳᠤᠭ᠋ᠠᠷ ᠬᠤᠷᠠᠯ ᠵᠢᠴᠢ 2018 — 2019 ᠣᠨ᠎ᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠯᠢᠳᠡᠭ ᠱᠠᠩᠨᠠᠯ ᠣᠯᠭᠣᠬᠤ ᠶᠡᠬᠡ ᠬᠤᠷᠠᠯ ᠬᠤᠷᠠᠯᠳᠤᠭᠤᠯᠪᠠ᠃
      ᠨᠡᠶ᠋ᠢᠭᠡᠮᠯᠢᠭ᠎ᠤᠨ ᠨᠠᠷᠢᠨ ᠪᠢᠴᠢᠭ᠎ᠤᠨ ᠭᠠᠵᠠᠷ ᠭᠤᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ 《2019 ᠣᠨ᠎ᠤ ᠠᠵᠢᠯ᠎ᠤᠨ ᠬᠠᠷᠢᠭᠤ ᠮᠡᠳᠡᠭᠦᠯᠦᠯᠲᠡ》 ᠵᠢᠴᠢ 《2019 ᠣᠨ᠎ᠤ ᠡᠳ᠋᠎ᠤᠨ ᠶᠠᠪᠤᠳᠠᠯ᠎ᠤᠨ ᠮᠡᠳᠡᠭᠦᠯᠦᠯᠲᠡ》 ᠬᠢᠪᠠ᠃ ᠶᠡᠬᠡ ᠬᠤᠷᠠᠯ᠎ᠠᠴᠠ ᠨᠢᠭᠤᠴᠠ ᠰᠣᠩᠭᠣᠭᠤᠯᠢ ᠵᠢᠨ ᠠᠷᠭ᠎ᠠ᠎ᠪᠠᠷ 《〈ᠦᠪᠦᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠶ᠋ᠢᠭᠡᠮᠯᠢᠭ᠎ᠤᠨ ᠰᠦᠢ᠍ᠳᠬᠡᠯ᠎ᠤᠨ ᠬᠠᠮᠢᠶᠠᠷᠤᠯᠲᠠ ᠵᠢᠨ ᠠᠷᠭ᠎ᠠ〉 ᠵᠢᠨ ᠬᠡᠰᠡᠭ ᠵᠦᠢ᠍ᠯ ᠵᠤᠷᠪᠤᠰ᠎ᠲᠤ ᠵᠠᠰᠠᠪᠤᠷᠢ ᠣᠷᠣᠭᠤᠯᠬᠤ ᠲᠤᠬᠠᠢ ᠵᠥᠪᠯᠡᠯᠭᠡ》 ᠵᠢ ᠬᠢᠨᠠᠨ ᠵᠥᠪᠯᠡᠭᠰᠡᠨ ᠪᠥᠭᠡᠳ ᠪᠦᠷᠢᠨ ᠪᠢᠯᠧᠲ ᠵᠶ᠋ᠠᠷ ᠪᠠᠲᠤᠯᠠᠪᠠ᠃
      ᠶᠡᠬᠡ ᠬᠤᠷᠠᠯ᠎ᠠᠴᠠ 2018 — 2019 ᠣᠨ᠎ᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠯᠢᠳᠡᠭ ᠱᠠᠩᠨᠠᠯ᠎ᠢ ᠭᠠᠷᠳᠠᠭᠤᠯᠵᠠᠢ᠃ ᠭᠤᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠠᠴᠠ ᠠᠵᠢᠯ᠎ᠤᠨ ᠬᠠᠷᠢᠭᠤ ᠮᠡᠳᠡᠭᠦᠯᠦᠯᠲᠡ ᠬᠢᠪᠡ᠃
      ᠤᠰᠤᠨ ᠠᠰᠢᠭᠯᠠᠯᠳᠠ ᠵᠢᠨ ᠲᠢᠩᠬᠢᠮ᠎ᠤᠨ ᠪᠦᠳᠤᠬᠡᠨ ᠪᠠᠶ᠋ᠢᠭᠤᠯᠤᠯᠲᠠ ᠵᠢᠨ ᠭᠠᠵᠠᠷ ᠪᠣᠯᠤᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠦᠷᠳᠡᠭᠡ ᠵᠢᠨ ᠬᠠᠷᠢᠭᠤᠴᠠᠯᠭ᠋ᠠᠲᠠᠨ ᠲᠤᠰ ᠲᠤᠰ ᠣᠳᠣᠬᠠᠨ᠎ᠤ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠲᠦᠷᠦ ᠵᠢᠨ ᠪᠤᠲᠤᠯᠭ᠎ᠠ ᠵᠢᠨ ᠣᠷᠴᠢᠨ ᠲᠣᠭᠣᠷᠢᠨ ᠵᠢᠴᠢ ᠣᠳᠣᠬᠢ ᠪᠠᠶ᠋ᠢᠳᠠᠯ᠎ᠤᠨ ᠲᠤᠬᠠᠢ ᠶᠠᠷᠢᠶ᠎ᠠ ᠲᠠᠯᠪᠢᠵᠠᠢ᠃ 2020 ᠣᠨ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠢ ᠪᠦᠬᠦ ᠲᠠᠯ᠎ᠠ᠎ᠪᠠᠷ ᠴᠡᠭᠴᠡᠯᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠤᠯᠠᠭ᠋ᠠᠨ ᠬᠠᠷ᠎ᠠ ᠳᠠᠩᠰᠠ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ; ᠡᠭᠦᠨ᠎ᠤ ᠬᠠᠮᠲᠤ ᠤᠰᠤᠨ ᠠᠰᠢᠭᠯᠠᠯᠲᠠ ᠵᠢᠨ ᠪᠥᠳᠥᠭᠡᠨ ᠪᠠᠶ᠋ᠢᠭᠤᠯᠤᠯᠲᠠ ᠵᠢᠨ ᠪᠥᠳᠥᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠡᠯ᠎ᠡ ᠨᠢᠭᠡᠴᠢ᠎ᠨᠦᠭᠦᠳ ᠶᠠᠰᠤ ᠴᠢᠨᠠᠷ᠎ᠤᠨ ᠠᠶᠤᠯᠬᠦᠢ ᠵᠢᠨ ᠭᠡᠮ ᠰᠣᠭᠣᠭ᠎ᠢ ᠬᠢᠨᠠᠮᠠᠭ᠋ᠠᠶ ᠵᠢᠭᠰᠠᠭ᠋ᠠᠨ ᠪᠠᠶ᠋ᠢᠴᠠᠭ᠋ᠠᠵᠤ᠂ ᠠᠵᠢᠯ ᠵᠶ᠋ᠠᠨ ᠵᠢᠷᠤᠮᠵᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠭᠰᠠᠨ ᠪᠠᠢ᠌ᠨ᠎ᠠ᠃
      ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ᠎ᠠᠴᠠ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠣᠳᠣᠬᠠᠨ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ᠎ᠤᠨ ᠲᠣᠭᠣᠷᠢᠨ᠎ᠳᠤ᠂ ᠭᠡᠰᠢᠭᠦᠨ ᠨᠢᠭᠡᠴᠢ᠎ᠳᠤ ᠰᠢᠨ᠎ᠡ ᠨᠢᠭᠡ ᠵᠢᠯ᠎ᠤᠨ ᠰᠠᠨᠠᠭ᠋ᠠᠴᠢᠯᠠᠭ᠎ᠠ ᠪᠠ ᠰᠠᠨᠠᠭᠤᠯᠭ᠎ᠠ ᠳᠤᠷᠠᠳᠴᠤ᠂ ᠬᠤᠷᠠᠯ᠎ᠳᠤ ᠣᠷᠣᠯᠴᠠᠭᠰᠠᠨ ᠭᠡᠰᠢᠭᠦᠨ ᠨᠢᠭᠡᠴᠢ ᠵᠢᠨ ᠵᠢᠯ᠎ᠤᠨ ᠡᠴᠦᠰ᠎ᠤᠨ ᠠᠵᠢᠯ ᠵᠶ᠋ᠠᠨ ᠰᠠᠶ᠋ᠢᠲᠤᠷ ᠬᠢᠵᠦ᠂ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠭᠠᠷᠭ᠋ᠠᠬᠤ ᠵᠢ ᠬᠦᠰᠡᠪᠡ᠃
      ᠦᠪᠦᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠶ᠋ᠢᠭᠡᠮᠯᠢᠭ᠎ᠤᠨ ᠭᠡᠰᠢᠭᠦᠨ ᠨᠢᠭᠡᠴᠢ ᠵᠢᠨ ᠲᠦᠯᠦᠭᠡᠯᠡᠭᠴᠢ ᠵᠢᠴᠢ ᠱᠠᠩᠨᠠᠯ ᠣᠯᠤᠭᠰᠠᠨ ᠨᠢᠭᠡᠴᠢ ᠵᠢᠨ ᠲᠥᠯᠦᠭᠡᠯᠡᠭᠴᠢᠳ ᠬᠤᠷᠠᠯ᠎ᠳᠤ ᠣᠷᠣᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠳᠠ ᠵᠢᠨ ᠲᠢᠩᠬᠢᠮ ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ
ᠤᠰᠤᠨ ᠠᠰᠢᠭᠯᠠᠯᠳᠠ ᠵᠢᠨ ᠲᠢᠩᠬᠢᠮ ᠤᠰᠤᠨ ᠠᠰᠢᠭᠯᠠᠯᠲᠠ ᠵᠢᠨ ᠦᠢᠯᠡᠳᠪᠦᠷᠢᠯᠡᠯ ᠡᠵᠡᠩᠨᠡᠯᠲᠡ ᠵᠢᠨ ᠨᠢᠭᠡᠴᠡ ᠵᠢᠨ ᠠᠵᠢᠯ ᠵᠶ᠋ᠠᠨ ᠰᠡᠷᠭᠦᠭᠡᠵᠦ ᠦᠢᠯᠡᠳᠪᠦᠷᠢᠯᠡᠯ ᠵᠶ᠋ᠠᠨ ᠰᠡᠷᠭᠦᠭᠡᠬᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠵᠢᠯ᠎ᠢ ᠴᠢᠨᠭ᠌ᠭ᠋ᠠᠳᠬᠠᠪᠠ
ᠤᠰᠤᠨ ᠠ᠋ᠠᠰᠢᠭᠯᠠᠯᠳᠠ ᠵᠢᠨ ᠲᠢᠩᠬᠢᠮ 2020 ᠣᠨ᠎ᠤ ᠠᠩᠬᠠᠳᠤᠭ᠋ᠠᠷ ᠤᠳᠠᠭ᠎ᠠ ᠵᠢᠨ ᠲᠥᠪ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠰᠠᠷ᠎ᠠ ᠵᠢᠨ ᠲᠤᠬᠢᠷᠠᠭᠤᠯᠭ᠎ᠠ ᠵᠢᠨ ᠬᠤᠷᠠᠯ ᠬᠢᠪᠡ
ᠤᠰᠤᠨ ᠠᠰᠢᠭᠯᠠᠯᠳᠠ ᠵᠢᠨ ᠶᠠᠮᠤᠨ᠎ᠤ ᠰᠤᠩᠭ᠋ᠠᠷᠢ ᠮᠥᠷᠡᠨ ᠯᠢᠶᠣᠤ ᠾᠧ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠬᠥᠷᠥᠰᠥ ᠰᠢᠷᠤᠢ ᠵᠢ ᠬᠠᠮᠠᠭ᠋ᠠᠯᠠᠬᠤ ᠠᠵᠢᠯ᠎ᠢ ᠪᠠᠢ᠍ᠢ᠍ᠴᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠳᠠᠷᠤᠭ᠎ᠠ ᠯᠢᠦ ᠸᠠᠨ ᠬᠤᠸᠠ ᠴᠤᠤᠯ ᠭᠣᠣᠯ᠎ᠢ ᠲᠠᠲᠠᠵᠤ ᠯᠢᠶᠣᠤ ᠾᠧ ᠭᠤᠤᠯ᠎ᠳᠤ ᠲᠤᠰᠠᠯᠠᠬᠤ ᠢᠨᠵᠧᠨᠧᠷᠢᠩ᠎ᠤᠨ ᠦᠢ᠍ᠯᠡᠳᠪᠦᠷᠢᠯᠡᠯ᠎ᠢ ᠰᠡᠷᠭᠦᠭᠡᠬᠦ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
 
            