4 ᠳ᠋ᠤᠭᠡᠷ ᠰᠠᠷ᠎ᠠ ᠵᠢᠨ 13᠎ᠤ ᠡᠳᠦᠷ᠎ᠠᠴᠠ 14᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠢᠦ ᠸᠠᠨ ᠬᠤᠸᠠ ᠴᠤᠤᠯ ᠭᠣᠤᠯ᠎ᠢ ᠲᠠᠲᠠᠵᠤ ᠯᠢᠶᠣᠤ ᠾᠧ ᠭᠤᠤᠯ᠎ᠳᠤ ᠲᠤᠰᠠᠯᠠᠬᠤ ᠢᠨᠵᠧᠨᠧᠷᠢᠩ᠎ᠤᠨ ᠲᠤᠬᠠᠶ ᠵᠢᠨ ᠲᠠᠯᠠᠪᠠᠶ᠎ᠳᠤ ᠬᠦᠷᠴᠦ᠂ ᠢᠨᠵᠧᠨᠧᠷᠢᠩ᠎ᠤᠨ ᠠᠵᠢᠯ ᠵᠶ᠋ᠠᠨ ᠰᠡᠷᠭᠦᠭᠡᠵᠦ ᠦᠢᠯᠡᠳᠪᠦᠷᠢᠯᠡᠯ ᠵᠶ᠋ᠠᠨ ᠰᠡᠷᠭᠦᠭᠡᠬᠦ ᠪᠠ ᠪᠥᠲᠥᠭᠡᠨ ᠪᠠᠶ᠋ᠢᠭᠤᠯᠤᠯᠳᠠ ᠵᠢᠨ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ᠃
ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠲᠤᠰᠠᠯᠠᠬᠤ ᠢᠨᠵᠧᠨᠧᠷᠢᠩ᠎ᠤᠨ ᠨᠦᠬᠡᠨ ᠵᠠᠮ᠎ᠤᠨ ᠬᠡᠰᠡᠭ᠎ᠤᠨ 5 — 7 ᠰᠠᠯᠪᠤᠷᠢ ᠠᠭᠤᠢ᠎ᠳᠤ᠂ ᠯᠢᠦ ᠸᠠᠨ ᠬᠤᠸᠠ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠲᠤᠰᠠᠯᠠᠬᠤ ᠺᠣᠮᠫᠠᠨᠢ ᠪᠣᠯᠤᠨ ᠳᠤᠮᠳᠠᠳᠤ ᠤᠯᠤᠰ᠎ᠤᠨ ᠲᠡᠮᠦᠷ ᠵᠠᠮ᠎ᠤᠨ ᠠᠷᠪᠠᠨ ᠨᠠᠢ᠍ᠮᠠᠳᠤᠭ᠋ᠠᠷ ᠲᠣᠪᠴᠢᠶᠠᠨ᠎ᠤ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠲᠤᠰ ᠬᠡᠰᠡᠭ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ᠂ ᠪᠠᠷᠢᠯᠭ᠎ᠠ ᠵᠢᠨ ᠠᠵᠢᠯ᠎ᠤᠨ ᠠᠬᠢᠴᠠ ᠵᠢᠴᠢ ᠣᠷᠣᠰᠢᠵᠤ ᠪᠠᠶ᠋ᠢᠭ᠎ᠠ ᠠᠰᠠᠭᠤᠳᠠᠯ᠎ᠢ ᠨᠠᠷᠢᠨ ᠣᠶ᠋ᠢᠯᠠᠭ᠋ᠠᠪᠠ᠃ ᠳᠠᠷᠠᠭ᠎ᠠ᠎ᠳᠤ᠎ᠨᠢ᠂ ᠯᠢᠦ ᠸᠠᠨ ᠬᠤᠸᠠ 100 ᠮᠧᠲᠷ᠎ᠤᠨ ᠨᠦᠬᠡᠨ ᠵᠠᠮ᠎ᠳᠤ 《ᠲᠠᠯ᠎ᠠ ᠨᠤᠲᠤᠭ᠎ᠤᠨ ᠥᠯᠵᠡᠶ᠋ᠢᠲᠦ ᠨᠡᠷᠡᠮᠵᠢᠲᠦ》 TBM ᠪᠠᠷᠢᠯᠭ᠎ᠠ ᠵᠢᠨ ᠲᠤᠬᠠᠢ ᠵᠢᠨ ᠲᠠᠯᠠᠪᠠᠢ ᠵᠢ ᠪᠠᠶ᠋ᠢᠴᠠᠭ᠋ᠠᠨ ᠦᠵᠡᠪᠡ᠃ ᠨᠦᠬᠡᠨ ᠵᠠᠮ᠎ᠤᠨ ᠵᠠᠷᠢᠮ ᠬᠠᠳᠠᠨ᠎ᠤ ᠲᠠᠭ᠋ᠠᠭ᠋ᠠᠴᠠ ᠨᠡᠯᠢᠶᠡᠳ ᠳᠣᠤᠷ᠎ᠠ ᠪᠠᠶ᠋ᠢᠬᠤ ᠵᠢ ᠣᠶ᠋ᠢᠯᠠᠭ᠋ᠠᠭᠰᠠᠨ᠎ᠤ ᠳᠠᠷᠠᠭ᠎ᠠ᠂ ᠲᠡᠷᠡ ᠠᠵᠢᠯᠲᠠᠳ᠎ᠲᠤ ᠵᠠᠪᠠᠯ ᠪᠠᠷᠢᠯᠭ᠎ᠠ ᠵᠢᠨ ᠠᠮᠤᠷ ᠲᠦᠪᠰᠢᠨ᠎ᠢ ᠠᠩᠬᠠᠷᠴᠤ᠂ ᠠᠮᠤᠷ ᠲᠦᠪᠰᠢᠨ᠎ᠤ ᠠᠷᠭ᠎ᠠ ᠬᠡᠮᠵᠢᠶ᠎ᠡ᠎ᠪᠠᠨ ᠴᠢᠩᠭ᠋ᠠᠳᠬᠠᠨ᠂ ᠡᠵᠡᠮᠳᠡᠯ᠎ᠤᠨ ᠲᠥᠬᠥᠭᠡᠷᠦᠮᠵᠢ᠎ᠪᠠᠨ ᠣᠨᠣᠪᠴᠢᠲᠠᠶ ᠪᠠᠶ᠋ᠢᠯᠭ᠋ᠠᠵᠤ᠂ ᠨᠦᠬᠡᠨ ᠵᠠᠮ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠵᠠᠬᠢᠭᠰᠠᠨ ᠪᠠᠶ᠋ᠢᠨ᠎ᠠ᠃
ᠸᠧᠨ ᠳ᠋ᠧ ᠭᠧᠨ ᠤᠰᠤᠨ ᠠᠰᠢᠭᠯᠠᠯᠲᠠ ᠵᠢᠨ ᠬᠦᠢ᠍ᠰᠦ ᠵᠢᠨ ᠪᠠᠷᠢᠯᠭ᠎ᠠ ᠵᠢᠨ ᠲᠤᠬᠠᠢ ᠵᠢᠨ ᠲᠠᠯᠠᠪᠠᠢ᠎ᠳᠤ᠂ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠺᠣᠮᠫᠠᠨᠢ ᠵᠢᠨ᠎ᠬᠢᠨ ᠣᠳᠣᠬᠠᠨ᠎ᠤ ᠪᠠᠷᠢᠯᠭ᠎ᠠ ᠵᠢᠨ ᠠᠬᠢᠴᠠ᠂ ᠲᠠᠯᠠᠪᠠᠢ᠎ᠳᠤ ᠤᠷᠤᠭᠰᠠᠨ ᠬᠥᠮᠦᠨ᠎ᠤ ᠲᠣᠭ᠎ᠠ ᠵᠡᠷᠭᠡ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠪᠠᠶ᠋ᠢᠳᠠᠯ᠎ᠢ ᠨᠠᠷᠢᠨ ᠲᠠᠨᠢᠯᠴᠠᠭᠤᠯᠵᠠᠢ᠃ ᠯᠢᠦ ᠸᠠᠨ ᠬᠤᠸᠠ ᠵᠢᠭ᠋ᠠᠵᠤ ᠭᠠᠷᠭ᠋ᠠᠭᠰᠠᠨ᠎ᠨᠢ᠂ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠨᠣᠮᠧᠷᠲᠤ ᠤᠰᠤᠨ ᠠᠰᠢᠭᠯᠠᠯᠲᠠ ᠵᠢᠨ ᠢᠨᠵᠧᠨᠧᠷᠢᠩ ᠪᠣᠯᠤᠨ᠎ᠠ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠠᠬᠢᠭᠤᠯᠬᠤ ᠴᠠᠭ ᠪᠠᠴᠢᠮ᠂ ᠡᠭᠦᠷᠭᠡ ᠬᠦᠨᠳᠦ᠂ ᠳᠠᠷᠤᠯᠲᠠ ᠶᠡᠬᠡ ᠪᠠᠶ᠋ᠢᠨ᠎ᠠ᠂ ᠣᠢ᠌ᠷ᠎ᠠ ᠵᠢᠨ ᠬᠤᠭᠤᠴᠠᠭ᠋ᠠᠨ᠎ᠳᠤ᠂ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠺᠣᠮᠫᠠᠨᠢ ᠵᠢᠴᠢ ᠡᠯ᠎ᠡ ᠪᠦᠳᠦᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠨᠢᠭᠡᠴᠢ᠎ᠨᠦᠭᠦᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ᠂ ᠬᠠᠷᠢᠶ᠎ᠠ ᠭᠠᠵᠠᠷ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠲᠠᠭᠤᠨ ᠵᠶ᠋ᠠᠷ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠪᠡᠶᠡᠯᠡᠭᠦᠯᠵᠡᠢ᠃ ᠲᠠᠷᠠᠭ᠋ᠠᠴᠢ ᠵᠢᠨ ᠠᠯᠬᠤᠮ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠠᠶ᠋ᠢᠩᠭᠤᠵᠢᠭᠤᠯᠤᠨ ᠰᠠᠶ᠋ᠢᠲᠤᠷ ᠠᠳᠬᠤᠵᠤ᠂ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠪᠠ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠡᠯ᠎ᠡ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠡᠭᠦᠷᠭᠡ ᠵᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠵᠣᠷᠢᠭᠲᠠᠢ᠎ᠪᠠᠷ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠣᠷᠤᠨ ᠨᠤᠲᠤᠭ᠎ᠤᠨ ᠵᠠᠰᠠᠭ᠎ᠤᠨ ᠣᠷᠳᠤᠨ ᠪᠣᠯᠤᠨ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠲᠠᠢ ᠴᠠᠭ ᠲᠤᠬᠠᠢᠳᠤᠨᠢ ᠨᠡᠪᠲᠡᠷᠡᠯᠴᠡᠨ ᠵᠣᠯᠭ᠋ᠠᠭᠤᠯᠵᠤ᠂ ᠪᠠᠷᠢᠯᠭ᠎ᠠ ᠵᠢᠨ ᠪᠦᠳᠦᠬᠡᠨ ᠪᠠᠶ᠋ᠢᠭᠤᠯᠤᠯᠲᠠ ᠵᠢᠨ ᠪᠣᠳᠠᠲᠤ ᠦᠷ᠎ᠡ ᠪᠦᠲᠦᠮᠵᠢ ᠤᠯᠬᠤ ᠵᠢ ᠬᠠᠮᠲᠤ᠎ᠪᠠᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠴᠤᠤᠯ ᠭᠤᠤᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠱᠤᠭᠤᠮ᠎ᠨᠢ ᠤᠷᠳᠤ ᠬᠡᠪᠴᠢᠶ᠎ᠡ᠎ᠨᠢ ᠥᠷᠭᠡᠨ᠂ ᠭᠠᠵᠠᠷ᠎ᠢ᠎ᠨᠢ ᠲᠠᠲᠠᠪᠤᠷᠢᠯᠠᠭᠰᠠᠨ ᠨᠡᠭᠦᠳᠡᠯ ᠠᠷᠠᠳ᠎ᠢ ᠲᠥᠪᠬᠢᠨᠡᠭᠦᠯᠬᠦ ᠠᠵᠢᠯ᠎ᠢ ᠰᠠᠶ᠋ᠢᠲᠤᠷ ᠠᠳᠬᠤᠬᠤ᠎ᠨᠢ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠤᠷᠤᠭᠰᠢᠲᠠᠢ ᠶᠠᠪᠤᠭᠳᠠᠬᠤ᠎ᠲᠠᠢ ᠰᠢᠭᠤᠳ ᠬᠣᠯᠪᠣᠭᠳᠠᠬᠤ᠎ᠪᠠᠷ ᠪᠠᠷᠠᠬᠤ ᠦᠭᠡᠢ ᠨᠡᠩ ᠴᠤ᠌ ᠥᠷᠭᠡᠨ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ ᠪᠣᠯᠤᠨ ᠪᠤᠶᠠᠨ ᠬᠡᠰᠢᠭ᠎ᠲᠠᠢ ᠬᠣᠯᠪᠣᠭᠳᠠᠨ᠎ᠠ᠃ ᠯᠢᠦ ᠸᠠᠨ ᠬᠤᠸᠠ ᠨᠡᠭᠦᠳᠡᠯ ᠠᠷᠠᠳ᠎ᠢ ᠲᠥᠪᠬᠢᠨᠡᠭᠦᠯᠬᠦ ᠠᠵᠢᠯ᠎ᠢ ᠲᠤᠶ᠋ᠢᠯ ᠵᠶ᠋ᠠᠷ ᠬᠠᠯᠠᠮᠵᠢᠯᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠷᠠᠳ᠎ᠢ ᠨᠡᠭᠦᠯᠭᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠱᠠᠳᠤ ᠬᠤᠪᠢᠶᠠᠨ ᠬᠠᠷᠢᠭᠤᠴᠠᠬᠤ》 ᠪᠠ 《ᠬᠡᠨ ᠭᠣᠣᠯᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠠᠰᠢᠭ ᠬᠦᠷᠳᠡᠪᠡᠯ ᠬᠡᠨ ᠡᠭᠦᠷᠭᠡᠯᠡᠬᠦ》 ᠵᠠᠷᠴᠢᠮ ᠶᠣᠰᠣᠭ᠋ᠠᠷ᠂ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠱᠠᠲᠤᠨ᠎ᠤ ᠨᠡᠭᠦᠳᠡᠯ ᠠᠷᠠᠳ᠎ᠤᠨ ᠬᠡᠷᠡᠭ ᠡᠷᠬᠢᠯᠡᠬᠥ ᠪᠠᠶ᠋ᠢᠭᠤᠯᠤᠮᠵᠢ ᠵᠢ ᠪᠠᠶ᠋ᠢᠭᠤᠯᠤᠨ ᠪᠥᠷᠢᠨᠰᠢᠬᠥᠯᠵᠤ᠂ ᠨᠡᠭᠦᠳᠡᠯ ᠠᠷᠠᠳ᠎ᠤᠨ ᠤᠯᠠᠨ ᠲᠦᠮᠡᠨ᠎ᠤ ᠠᠩᠬᠠᠷᠴᠤ ᠪᠠᠶ᠋ᠢᠭ᠎ᠠ ᠬᠡᠯᠡᠯᠴᠡᠭᠡᠨ ᠶᠡᠬᠡᠲᠡᠶ ᠪᠠ ᠬᠦᠴᠢᠷ ᠠᠰᠠᠭᠤᠳᠠᠯ᠎ᠢ ᠲᠡᠷᠡ ᠳᠠᠷᠤᠶᠳᠤᠨᠢ ᠰᠢᠢᠳᠪᠦᠷᠢᠯᠡᠵᠦ᠂ ᠴᠠᠭ ᠲᠤᠬᠠᠶ᠎ᠳᠤᠨᠢ ᠰᠢᠢᠳᠪᠦᠷᠢᠯᠡᠵᠦ ᠳᠡᠶ᠋ᠢᠯᠬᠦ ᠥᠭᠡᠢ ᠵᠢ᠎ᠨᠢ ᠳᠡᠭᠡᠳᠦ ᠱᠠᠲᠤᠨ᠎ᠳᠤ ᠳᠠᠷᠤᠢ᠌ᠬᠠᠨ ᠲᠤᠰᠬᠠᠵᠤ᠂ ᠨᠡᠭᠦᠳᠡᠯ ᠠᠷᠠᠳ᠎ᠤᠨ ᠤᠯᠠᠨ ᠲᠦᠮᠡᠨ᠎ᠤ ᠳᠠᠷᠤᠭ᠋ᠠᠰᠤ ᠵᠢ ᠦᠨᠳᠦᠰᠦᠨ᠎ᠠᠴᠠ᠎ᠨᠢ ᠬᠥᠩᠭᠡᠷᠡᠭᠦᠯᠵᠦ᠂ ᠡᠯ᠎ᠡ ᠵᠦᠢ᠍ᠯ᠎ᠤᠨ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ ᠵᠢ ᠪᠣᠳᠠᠲᠤ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠬᠡᠷᠡᠭᠲᠡᠶ᠃
ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠪᠠᠷᠢᠯᠭ᠎ᠠ ᠵᠢᠨ ᠪᠦᠳᠤᠬᠡᠨ ᠪᠠᠶ᠋ᠢᠭᠤᠯᠤᠯᠲᠠ ᠵᠢᠨ ᠭᠠᠵᠠᠷ᠂ ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ᠂ ᠬᠣᠯᠪᠣᠭᠳᠠᠯ ᠪᠦᠬᠦᠢ ᠬᠣᠰᠢᠭᠤ ᠰᠢᠶᠠᠨ᠎ᠤ ᠵᠠᠰᠠᠭ᠎ᠤᠨ ᠣᠷᠳᠣᠨ ᠪᠣᠯᠤᠨ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠺᠣᠮᠫᠠᠨᠢ ᠵᠢᠨ ᠬᠠᠷᠢᠭᠤᠴᠠᠯᠭ᠋ᠠᠲᠠᠨ ᠨᠦᠬᠦᠳ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃