ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ ᠠᠰᠢᠭᠯᠠᠯᠳᠠ ᠵᠢᠨ ᠶᠠᠮᠤᠨ᠎ᠤ ᠰᠤᠩᠭ᠋ᠠᠷᠢ ᠮᠥᠷᠡᠨ ᠯᠢᠶᠣᠤ ᠾᠧ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠬᠥᠷᠥᠰᠥ ᠰᠢᠷᠤᠢ ᠵᠢ ᠬᠠᠮᠠᠭ᠋ᠠᠯᠠᠬᠤ ᠠᠵᠢᠯ᠎ᠢ ᠪᠠᠢ᠍ᠢ᠍ᠴᠠᠭ᠋ᠠᠪᠠ
ᠨᠡᠶ᠋ᠢᠲᠡᠯᠡᠭᠰᠡᠨ ᠴᠠᠭ᠄ 2021-02-05

     4 ᠰᠠᠷ᠎ᠠ ᠵᠢᠨ 16᠎ᠤ ᠡᠳᠦᠷ᠂ ᠤᠰᠤᠨ ᠠᠰᠢᠭᠯᠠᠯᠳᠠ ᠵᠢᠨ ᠶᠠᠮᠤᠨ᠎ᠤ ᠰᠤᠩᠭ᠋ᠠᠷᠢ ᠮᠥᠷᠡᠨ ᠬᠢᠭᠡᠳ ᠯᠢᠶᠣᠤ ᠾᠧ ᠭᠣᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠵᠠᠩ ᠶᠠᠨ ᠺᠦᠨ ᠵᠡᠷᠭᠡ 8 ᠬᠥᠮᠦᠨ ᠬᠢᠩᠭ᠋ᠠᠨ ᠠᠶ᠋ᠢᠮᠠᠭ᠎ᠲᠤ ᠴᠤᠤᠯ ᠭᠣᠤᠯ᠎ᠢ ᠲᠠᠲᠠᠵᠤ ᠯᠢᠶᠣᠤ ᠾᠧ ᠭᠣᠤᠯ᠎ᠳᠤ ᠲᠤᠰᠠᠯᠠᠬᠤ ᠢᠨᠵᠧᠨᠧᠷᠢᠩ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠢ ᠪᠠᠶ᠋ᠢᠴᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠠᠰᠢᠭᠯᠠᠯᠳᠠ ᠵᠢᠨ ᠲᠢᠩᠬᠢᠮ᠎ᠤᠨ ᠳᠡᠳ᠋ ᠲᠢᠩᠬᠢᠮ᠎ᠤᠨ ᠳᠠᠷᠤᠭ᠎ᠠ ᠵᠣᠣ ᠴᠠᠩ ᠴᠢᠩ᠂ ᠤᠰᠤᠨ᠎ᠤ ᠬᠠᠮᠠᠭ᠋ᠠᠯᠠᠯᠲᠠ ᠵᠢᠨ ᠭᠠᠵᠠᠷ᠎ᠤᠨ ᠳᠠᠷᠤᠭ᠎ᠠ ᠴᠧᠨ᠎ᠳᠤ ᠯᠢᠶᠠᠩ ᠪᠣᠯᠤᠨ ᠠᠶ᠋ᠢᠮᠠᠭ ᠬᠣᠰᠢᠭᠤᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ ᠬᠠᠮᠲᠤ᠎ᠪᠠᠷ ᠪᠠᠶ᠋ᠢᠴᠠᠭ᠋ᠠᠯᠲᠠ ᠬᠢᠪᠠ᠃
      ᠪᠡᠢ᠍ᠢ᠍ᠴᠡᠭ᠋ᠠᠬᠤ ᠲᠤᠭᠤᠢ᠍ᠢ᠍ᠯᠡᠡᠭ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠲᠤᠬᠠᠢ ᠵᠢᠨ ᠲᠠᠯᠠᠪᠠᠢ᠎ᠳᠤ ᠬᠦᠷᠴᠦ ᠰᠢᠭ᠋ᠠᠷᠤ ᠬᠠᠶᠠᠬᠤ ᠲᠠᠯᠠᠪᠠᠢ᠂ 2 ᠳ᠋ᠤᠭ᠋ᠠᠷ   ᠨᠣᠮᠧᠷᠲᠤ ᠵᠢᠨ 6 ᠳ᠋ᠤᠭ᠋ᠠᠷ ᠰᠠᠯᠪᠤᠷᠢ ᠠᠭᠤᠢ ᠵᠢᠨ ᠠᠮᠠᠰᠠᠷ᠂ 1 ᠳ᠋ᠤᠭᠡᠷ ᠨᠤᠮᠤᠷᠲᠦ ᠵᠢᠨ 1 ᠳ᠋ᠤᠭᠡᠷ ᠰᠠᠯᠪᠤᠷᠢ ᠠᠭᠤᠢ ᠵᠢᠨ ᠠᠮᠠᠰᠠᠷ᠂ ᠤᠰᠤ ᠳᠠᠮᠵᠢᠭᠤᠯᠬᠤ ᠠᠭᠤᠢ ᠵᠢᠨ ᠤᠰᠤ ᠣᠷᠣᠭᠤᠯᠬᠤ ᠠᠮᠠᠰᠠᠷ ᠵᠢᠴᠢ ᠦᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠵᠡᠷᠭᠡ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠰᠣᠩᠭᠣᠨ ᠪᠠᠶ᠋ᠢᠴᠠᠭ᠋ᠠᠪᠠ; ᠡᠭᠦᠨ᠎ᠤ ᠬᠠᠮᠲᠤ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠺᠣᠮᠫᠠᠨᠢ᠎ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠡᠢ᠍ᠢ᠍ᠴᠡᠭ᠋ᠠᠬᠤ ᠲᠤᠭᠤᠢ᠍ᠢ᠍ᠯᠡᠡᠭ ᠬᠣᠯᠪᠣᠭᠳᠠᠯ ᠪᠦᠬᠦᠢ ᠮᠠᠲ᠋ᠧᠷᠢᠶᠠᠯ᠎ᠢ ᠪᠠᠶ᠋ᠢᠴᠠᠭ᠋ᠠᠨ ᠦᠵᠡᠵᠦ᠂ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠨᠢᠭᠡᠴᠡ᠂ ᠬᠢᠨᠠᠨ ᠬᠠᠮᠢᠶᠠᠷᠬᠤ ᠨᠢᠭᠡᠴᠡ᠂ ᠬᠢᠨᠠᠨ ᠬᠡᠮᠵᠢᠬᠦ ᠨᠢᠭᠡᠴᠢ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠥᠷᠥᠰᠥ ᠰᠢᠷᠣᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠶᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠬᠥᠷᠥᠰᠥ ᠰᠢᠷᠣᠢ ᠵᠢ ᠬᠠᠮᠠᠭ᠋ᠠᠯᠠᠬᠤ ᠬᠢᠨᠠᠨ ᠬᠠᠮᠢᠶᠠᠷᠤᠯᠲᠠ ᠵᠢᠨ ᠬᠢᠨᠠᠨ ᠬᠡᠮᠵᠢᠬᠦ ᠠᠵᠢᠯ᠎ᠢ ᠥᠷᠨᠢᠭᠦᠯᠦᠭᠰᠡᠨ ᠪᠠᠶ᠋ᠢᠳᠠᠯ ᠵᠢᠴᠢ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠎ᠤᠨ ᠲᠤᠬᠠᠢ ᠭᠣᠣᠯᠳᠠᠯᠭ᠎ᠠ᠎ᠲᠠᠢ ᠶᠠᠷᠢᠯᠴᠠᠪᠠ᠃
      ᠪᠡᠢ᠍ᠢ᠍ᠴᠡᠭ᠋ᠠᠬᠤ ᠲᠤᠭᠤᠢ᠍ᠢ᠍ᠯᠡᠡᠭ ᠵᠢᠨ ᠦᠵᠡᠬᠦ᠎ᠪᠠᠷ᠂ ᠴᠤᠤᠯ ᠭᠣᠤᠯ᠎ᠢ ᠲᠠᠲᠠᠵᠤ ᠯᠢᠶᠣᠤ ᠾᠧ ᠭᠣᠤᠯ᠎ᠳᠤ ᠲᠤᠰᠠᠯᠠᠬᠤ ᠺᠣᠮᠫᠠᠨᠢ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠴᠤᠬᠤᠯᠠᠪᠤᠷᠢᠯᠠᠭᠰᠠᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠶᠣᠰᠣᠭ᠋ᠠᠷ᠂ ᠬᠥᠷᠥᠰᠥ ᠰᠢᠷᠣᠶ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠪᠠ ᠱᠠᠭ᠋ᠠᠷᠳᠠᠯᠭ᠎ᠠ ᠵᠢ ᠨᠡᠯᠢᠶᠡᠳ ᠰᠠᠶ᠋ᠢᠨ ᠨᠠᠶ᠋ᠢᠳᠠᠪᠤᠷᠢᠵᠢᠭᠤᠯᠵᠠᠶ᠃ ᠲᠥᠷᠥᠯ ᠵᠦᠢ᠍ᠯ᠎ᠤᠨ ᠬᠣᠶ᠋ᠢᠰᠢᠳᠠ ᠵᠢᠨ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠲᠠᠯ᠎ᠠ᠎ᠪᠠᠷ ᠪᠡᠢ᠍ᠢ᠍ᠴᠡᠭ᠋ᠠᠬᠤ ᠲᠤᠭᠤᠢ᠍ᠢ᠍ᠯᠡᠡᠭ ᠲᠦᠷᠪᠡᠨ ᠲᠠᠯ᠎ᠠ ᠵᠢᠨ ᠰᠠᠨᠠᠯ ᠳᠤᠷᠠᠳᠪᠠ᠄ ᠨᠢᠭᠡ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠦᠵᠡᠯ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠬᠠᠤᠯᠢ ᠵᠢᠨ 《ᠭᠤᠷᠪᠠ ᠵᠢ ᠵᠡᠷᠭᠡ᠎ᠳᠤ᠎ᠨᠢ ᠬᠢᠬᠦ》 ᠲᠥᠷᠢᠮ᠎ᠤᠨ ᠱᠠᠭ᠋ᠠᠷᠳᠠᠯᠭ᠎ᠠ ᠶᠣᠰᠣᠭ᠋ᠠᠷ᠂ ᠤᠰᠤᠨ ᠠᠰᠢᠭᠯᠠᠯᠳᠠ ᠵᠢᠨ ᠶᠠᠮᠤᠨ᠎ᠠᠴᠠ ᠴᠤᠬᠤᠯᠠᠪᠤᠷᠢᠯᠠᠭᠰᠠᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ ᠪᠣᠯᠤᠨ ᠬᠠᠮᠢᠶ᠎ᠠ ᠪᠥᠬᠥᠢ ᠰᠠᠨᠠᠯ᠎ᠢ ᠦᠨᠳᠦᠰᠦᠯᠡᠨ᠂ ᠬᠥᠷᠥᠰᠥ ᠰᠢᠷᠣᠶ ᠵᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠬᠡᠷᠡᠭᠲᠡᠶ᠃ ᠬᠣᠶᠠᠷ᠎ᠲᠤ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢ ᠬᠢᠨᠠᠨ ᠬᠡᠮᠵᠢᠬᠦ᠂ ᠬᠢᠨᠠᠨ ᠬᠠᠮᠢᠶᠠᠷᠬᠤ ᠠᠵᠢᠯ᠎ᠢ ᠴᠢᠩᠭ᠋ᠠᠳᠬᠠᠨ᠂ ᠪᠥᠳᠥᠭᠡᠨ ᠪᠠᠶ᠋ᠢᠭᠤᠯᠬᠤ ᠶᠠᠪᠤᠴᠠ᠎ᠳᠠᠬᠢ ᠬᠢᠨᠠᠨ ᠬᠠᠮᠢᠶᠠᠷᠴᠤ ᠬᠢᠨᠠᠨ ᠬᠡᠮᠵᠢᠵᠦ ᠳᠠᠩᠰᠠ ᠮᠠᠲᠤᠷᠢᠶᠠᠯ᠎ᠢ ᠲᠡᠭᠦᠯᠳᠡᠷᠵᠢᠭᠦᠯᠬᠦ ᠵᠢᠨ ᠬᠠᠮᠲᠤ ᠬᠢᠨᠠᠨ ᠬᠡᠮᠵᠢᠬᠦ ᠤᠯᠠᠷᠢᠯ᠎ᠤᠨ ᠮᠡᠳᠡᠭᠦᠯᠦᠯᠲᠡ᠎ᠪᠠᠨ ᠴᠠᠭ ᠲᠤᠬᠠᠶ᠎ᠳᠤ᠎ᠨᠢ ᠮᠡᠳᠡᠭᠦᠯᠦᠨ ᠬᠦᠷᠭᠡᠬᠦ ᠪᠠ ᠢᠯᠡ ᠪᠣᠯᠭ᠋ᠠᠬᠤ ᠬᠡᠷᠡᠭᠲᠡᠶ᠃ ᠭᠤᠷᠪᠠ᠎ᠳᠤ᠂ ᠴᠤᠬᠤᠯᠠᠪᠤᠷᠢᠯᠠᠭᠰᠠᠨ ᠲᠥᠰᠦᠯ᠎ᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠬᠤᠪᠢᠷᠠᠭᠤᠯᠬᠤ ᠭᠠᠷ ᠭᠦᠢ᠍ᠴᠡᠳᠬᠡᠯ᠎ᠢ ᠴᠠᠭ ᠲᠤᠬᠠᠢ᠎ᠳᠤᠨᠢ ᠭᠦᠢ᠍ᠴᠡᠳᠬᠡᠵᠦ᠂ ᠲᠦᠷᠦᠯ ᠵᠦᠢ᠍ᠯ᠎ᠤᠨ ᠬᠠᠤᠯᠢ ᠶᠣᠰᠣᠭ᠋ᠠᠷ ᠵᠢᠷᠤᠮᠵᠢᠯ᠎ᠲᠠᠢ ᠪᠠᠷᠢᠯᠭ᠎ᠠ ᠪᠠᠷᠢᠬᠤ ᠵᠢ ᠪᠠᠲᠤᠯᠠᠵᠤ᠂ ᠴᠢᠨᠠᠷ ᠰᠠᠶ᠋ᠢᠲᠠᠢ ᠰᠣᠳᠤᠨ ᠲᠠᠸᠠᠷ᠎ᠤᠨ ᠢᠨᠵᠧᠨᠧᠷᠢᠩ ᠪᠠᠶ᠋ᠢᠭᠤᠯᠬᠤ᠎ᠪᠠᠷ ᠴᠢᠷᠮᠠᠶ᠋ᠢᠬᠤ ᠬᠡᠷᠡᠭᠲᠡᠢ; ᠲᠦᠷᠪᠡ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠭᠠᠵᠠᠷ᠎ᠤᠨ ᠭᠠᠳᠠᠷᠭᠤ ᠵᠢ ᠰᠠᠮᠠᠭᠤᠷᠠᠭᠤᠯᠬᠤ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠵᠤ᠂ ᠬᠥᠷᠥᠰᠥ ᠰᠢᠷᠣᠶ ᠵᠢᠨ ᠢᠳᠡᠭᠳᠡᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠢᠵᠠᠭ᠋ᠠᠷᠯᠠᠨ ᠡᠵᠡᠮᠳᠡᠨ᠎ᠡ᠃ ᠡᠭᠦᠨ᠎ᠤ ᠬᠠᠮᠲᠤ᠂ ᠪᠡᠢ᠍ᠢ᠍ᠴᠡᠭ᠋ᠠᠬᠤ ᠲᠤᠭᠤᠢ᠍ᠢ᠍ᠯᠡᠡᠭ ᠪᠠᠶ᠋ᠢᠴᠠᠭ᠋ᠠᠯᠲᠠ ᠵᠢᠨ ᠳᠤᠮᠳᠠ ᠢᠯᠡᠷᠡᠭᠦᠯᠦᠭᠰᠡᠨ ᠪᠣᠳᠠᠲᠠᠶ ᠠᠰᠠᠭᠤᠳᠠᠯ᠎ᠳᠤ ᠴᠢᠭᠯᠡᠭᠦᠯᠦᠨ᠂ ᠴᠡᠭᠴᠡᠯᠡᠨ ᠥᠭᠡᠷᠡᠴᠢᠯᠡᠬᠦ ᠱᠠᠭ᠋ᠠᠷᠳᠠᠯᠭ᠎ᠠ ᠳᠤᠷᠠᠳᠪᠠ᠃
      ᠵᠣᠣ ᠴᠠᠩ ᠴᠢᠩ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ᠂ ᠨᠢᠭᠡ᠎ᠳᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠵᠢᠨ ᠴᠢᠬᠤᠯᠠ ᠴᠢᠨᠠᠷ᠎ᠢ       ᠭᠦᠶᠴᠡᠳ ᠲᠠᠨᠢᠵᠤ᠂ ᠣᠷᠣᠨ ᠨᠤᠲᠤᠭ᠎ᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤᠨ ᠠᠰᠢᠭᠯᠠᠯᠳᠠ ᠵᠢᠨ ᠶᠠᠮᠤᠨ 《ᠢᠨᠵᠧᠨᠧᠷᠢᠩ ᠵᠶ᠋ᠠᠷ ᠳᠤᠲᠠᠭᠤᠳᠠᠯ ᠵᠶ᠋ᠠᠨ ᠨᠥᠬᠥᠪᠥᠷᠢᠯᠡᠵᠦ᠂ ᠠᠵᠢᠯ ᠲᠥᠷᠥᠯ ᠵᠶ᠋ᠠᠷ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ》 ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠢ ᠦᠨᠡᠨ ᠬᠦ᠌ ᠪᠣᠳᠠᠲᠠᠶ ᠪᠥᠭᠡᠳ ᠨᠠᠷᠢᠯᠢᠭ ᠠᠳᠬᠤᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢ ᠭᠣᠤᠯᠳᠠᠯᠭ᠎ᠠ᠎ᠲᠠᠢ ᠠᠵᠢᠯ ᠪᠣᠯᠭ᠋ᠠᠨ ᠠᠳᠬᠤᠬᠤ ᠬᠡᠷᠡᠭᠲᠡᠶ᠃ ᠬᠣᠶᠠᠷ᠎ᠲᠤ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠴᠢᠩᠭ᠎ᠠ ᠬᠡᠷᠡᠭᠵᠢᠭᠦᠯᠵᠦ᠂ ᠣᠷᠣᠨ ᠨᠤᠲᠤᠭ᠎ᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠶᠴᠡᠳᠬᠡᠵᠦ᠂ ᠴᠣᠬᠤᠯᠠᠪᠤᠷᠢᠯᠠᠭᠰᠠᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠴᠢᠩᠭ᠎ᠠ ᠵᠢᠷᠤᠮᠯᠠᠨ ᠬᠥᠷᠥᠰᠥ ᠰᠢᠷᠣᠶ ᠵᠢ ᠬᠠᠮᠠᠭ᠋ᠠᠯᠠᠬᠤ ᠡᠯ᠎ᠡ ᠵᠦᠶᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠭᠤᠷᠪᠠ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠬᠤ ᠵᠢᠨ ᠬᠠᠮᠲᠤ᠂ ᠬᠢᠨᠠᠨ ᠬᠠᠮᠢᠶᠠᠷᠬᠤ᠂ ᠬᠢᠨᠠᠨ ᠬᠡᠮᠵᠢᠬᠦ ᠵᠡᠷᠭᠡ ᠮᠡᠷᠭᠡᠵᠢᠯ ᠵᠶ᠋ᠠᠷ ᠲᠤᠯᠭ᠋ᠠᠭᠤᠷᠢᠯᠠᠭᠰᠠᠨ ᠨᠢᠭᠡᠴᠢ᠎ᠨᠦᠭᠦᠳ ᠬᠤᠪᠢ ᠬᠤᠪᠢ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠦᠷᠦᠰᠦ ᠰᠢᠷᠤᠢ ᠵᠢ ᠬᠠᠮᠠᠭ᠋ᠠᠯᠠᠬᠤ ᠢᠨᠵᠧᠨᠧᠷᠢᠩ᠎ᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃ ᠲᠦᠷᠪᠡ᠎ᠳᠤ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠴᠡᠭ᠎ᠨᠢ ᠤᠯᠠᠨ   ᠬᠡᠪᠴᠢᠶ᠎ᠡ᠎ᠨᠢ ᠶᠡᠬᠡ ᠪᠠᠶ᠋ᠢᠵᠤ᠂ ᠶᠡᠬᠡ ᠬᠦᠴᠦ ᠣᠷᠣᠭᠤᠯᠵᠤ ᠪᠠᠶ᠋ᠢᠭ᠋ᠠᠳ ᠡᠯ᠎ᠡ ᠵᠦᠢ᠍ᠯ᠎ᠤᠨ ᠠᠵᠢᠯ᠎ᠢ ᠨᠠᠷᠢᠨ ᠨᠢᠮᠪᠠᠢ ᠵᠣᠬᠢᠶᠠᠨ ᠪᠠᠶ᠋ᠢᠭᠤᠯᠬᠤ ᠬᠡᠷᠡᠭᠲᠡᠢ᠃ ᠲᠠᠪᠤ᠎ᠳᠤ᠂ ᠠᠷᠭ᠎ᠠ ᠪᠦᠬᠦᠨ᠎ᠢ ᠰᠦᠪᠡᠭᠴᠢᠯᠡᠨ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠵᠤ᠂ ᠤᠷᠢᠳ ᠵᠶ᠋ᠠᠷ ᠪᠣᠳᠣᠯᠬᠢᠯᠠᠵᠤ᠂ ᠤᠷᠢᠳ ᠵᠶ᠋ᠠᠷ ᠬᠢᠵᠦ᠂ ᠬᠠᠤᠯᠢ ᠲᠣᠭᠲᠠᠭ᠋ᠠᠯ ᠶᠣᠰᠣᠭ᠋ᠠᠷ ᠪᠠᠭᠤᠷᠠᠢ ᠭᠣᠭᠴᠣᠭ᠎ᠠ ᠵᠢ ᠨᠥᠬᠥᠪᠥᠷᠢᠯᠡᠵᠦ᠂ ᠴᠢᠩᠭ᠎ᠠ ᠬᠠᠷᠢᠭᠤᠴᠠᠯᠭ᠎ᠠ ᠵᠢᠨ ᠤᠬᠠᠮᠰᠠᠷ᠎ᠢ ᠪᠤᠢ ᠪᠣᠯᠭ᠋ᠠᠵᠤ᠂ 《ᠭᠠᠪᠢᠶ᠎ᠠ ᠵᠢᠳᠬᠦᠯ᠎ᠨᠢ ᠨᠠᠳᠠ᠎ᠳᠤ ᠪᠠᠶ᠋ᠢᠬᠤ ᠪᠢᠰᠢ᠂ ᠭᠠᠪᠢᠶ᠎ᠠ ᠵᠢᠳᠬᠦᠯ᠎ᠢ ᠪᠠᠢ᠍ᠢ᠍ᠭᠤᠯᠬᠤ᠎ᠳᠤ ᠯᠠᠪᠲᠠᠢ ᠪᠢ ᠪᠠᠶ᠋ᠢᠬᠤ》 ᠵᠣᠷᠢᠭ ᠰᠠᠨᠠᠭ᠎ᠠ᠎ᠲᠠᠢ ᠪᠠᠶ᠋ᠢᠵᠤ᠂ ᠪᠠᠷᠢᠯᠭ᠎ᠠ ᠵᠢ ᠰᠠᠶ᠋ᠢᠲᠤᠷ ᠪᠦᠳᠦᠭᠡᠨ ᠪᠠᠶ᠋ᠢᠭᠤᠯᠵᠤ᠂ ᠢᠨᠵᠧᠨᠧᠷᠢᠩ᠎ᠢ ᠦᠨᠡᠨ ᠬᠦ᠌ ᠠᠷᠠᠳ᠎ᠤᠨ ᠰᠡᠳᠬᠢᠯ᠎ᠤᠨ ᠢᠨᠵᠧᠨᠧᠷᠢᠩ᠂ ᠰᠣᠳᠤᠨ ᠲᠠᠸᠠᠷ᠎ᠤᠨ ᠢᠨ᠋ᠵᠧᠨ᠋ᠧᠷᠢᠩ ᠪᠣᠯᠭ᠋ᠠᠨ ᠬᠤᠪᠢᠷᠠᠭᠤᠯᠬᠤ ᠬᠡᠷᠡᠭᠲᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠳᠠᠷᠤᠭ᠎ᠠ ᠯᠢᠦ ᠸᠠᠨ ᠬᠤᠸᠠ ᠴᠤᠤᠯ ᠭᠣᠣᠯ᠎ᠢ ᠲᠠᠲᠠᠵᠤ ᠯᠢᠶᠣᠤ ᠾᠧ ᠭᠤᠤᠯ᠎ᠳᠤ ᠲᠤᠰᠠᠯᠠᠬᠤ ᠢᠨᠵᠧᠨᠧᠷᠢᠩ᠎ᠤᠨ ᠦᠢ᠍ᠯᠡᠳᠪᠦᠷᠢᠯᠡᠯ᠎ᠢ ᠰᠡᠷᠭᠦᠭᠡᠬᠦ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠬᠣᠷᠢᠭ᠎ᠠ ᠱᠤᠭᠤᠮ᠎ᠢ ᠴᠢᠩᠭ᠎ᠠ ᠰᠠᠬᠢᠵᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠰᠢᠨ᠎ᠡ ᠪᠠᠶ᠋ᠢᠳᠠᠯ ᠳᠣᠣᠷᠠᠬᠢ ᠳ᠋ᠸᠩ ᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ
ᠬᠢᠨᠠᠨ ᠬᠠᠮᠢᠶᠠᠷᠴᠤ ᠲᠦᠭᠰᠢᠭᠦᠷᠢ ᠵᠢ ᠰᠡᠷᠭᠡᠶ᠋ᠢᠯᠡᠬᠦ ᠵᠢ ᠴᠢᠩᠭ᠋ᠠᠳᠬᠠᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠦᠨ᠎ᠡ
ᠤᠰᠤᠨ ᠠᠰᠢᠭᠯᠠᠯᠳᠠ ᠵᠢᠨ ᠶᠠᠮᠤᠨ᠎ᠤ ᠰᠤᠩᠭ᠋ᠠᠷᠢ ᠮᠥᠷᠡᠨ ᠯᠢᠶᠣᠤ ᠾᠧ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠬᠥᠷᠥᠰᠥ ᠰᠢᠷᠤᠢ ᠵᠢ ᠬᠠᠮᠠᠭ᠋ᠠᠯᠠᠬᠤ ᠠᠵᠢᠯ᠎ᠢ ᠪᠠᠢ᠍ᠢ᠍ᠴᠠᠭ᠋ᠠᠪᠠ
ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ ᠠᠮᠤᠷ ᠲᠦᠪᠰᠢᠨ᠎ᠤ ᠤᠯᠠᠭ᠋ᠠᠨ ᠱᠤᠭᠤᠮ᠎ᠢ ᠪᠠᠲᠤ ᠰᠠᠬᠢᠵᠤ ᠴᠢᠩᠭ᠎ᠠ ᠬᠦᠴᠦᠲᠡᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠎ᠪᠠᠷ ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠵᠢ ᠪᠡᠬᠢᠵᠢᠭᠦᠯᠦᠨ᠎ᠡ
 
            