ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ ᠠ᠋ᠠᠰᠢᠭᠯᠠᠯᠳᠠ ᠵᠢᠨ ᠲᠢᠩᠬᠢᠮ 2020 ᠣᠨ᠎ᠤ ᠠᠩᠬᠠᠳᠤᠭ᠋ᠠᠷ ᠤᠳᠠᠭ᠎ᠠ ᠵᠢᠨ ᠲᠥᠪ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠰᠠᠷ᠎ᠠ ᠵᠢᠨ ᠲᠤᠬᠢᠷᠠᠭᠤᠯᠭ᠎ᠠ ᠵᠢᠨ ᠬᠤᠷᠠᠯ ᠬᠢᠪᠡ
ᠨᠡᠶ᠋ᠢᠲᠡᠯᠡᠭᠰᠡᠨ ᠴᠠᠭ᠄ 2021-02-05

      2020 ᠣᠨ᠎ᠤ 3 ᠰᠠᠷ᠎ᠠ ᠵᠢᠨ 25᠎ᠤ ᠡᠳᠦᠷ᠂ ᠤᠰᠤᠨ ᠠᠰᠢᠭᠯᠠᠯᠳᠠ ᠵᠢᠨ ᠶᠠᠮᠤᠨ 2020 ᠣᠨ᠎ᠤ ᠠᠩᠬᠠᠳᠤᠭ᠋ᠠᠷ ᠤᠳᠠᠭ᠋ᠠᠨ᠎ᠤ ᠲᠥᠪ᠎ᠤᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠰᠠᠷ᠎ᠠ ᠵᠢᠨ ᠲᠣᠬᠢᠷᠠᠭᠤᠯᠤᠯᠲᠠ ᠵᠢᠨ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠳᠡᠳ᠋ ᠰᠠᠶ᠋ᠢᠳ ᠶᠧ ᠵᠢᠶᠠᠨ ᠴᠦᠨ ᠴᠢᠬᠤᠯᠠᠴᠢᠯᠠᠭᠰᠠᠨ᠎ᠨᠢ᠂ ᠨᠢᠭᠡ᠎ᠳᠤ ᠡᠯ᠎ᠡ ᠭᠠᠵᠠᠷ᠎ᠤᠨ᠎ᠬᠢᠨ ᠲᠥᠪ᠎ᠤᠨ ᠠᠵᠢᠯ᠎ᠤᠨ ᠪᠠᠶ᠋ᠢᠷᠢᠯᠠᠭᠤᠯᠤᠯᠲᠠ ᠵᠢ ᠡᠷᠡᠰ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠵᠢᠨ ᠨᠠᠶ᠋ᠢᠳᠠᠪᠤᠷᠢᠵᠢᠭᠤᠯᠤᠯᠲᠠ ᠵᠢᠨ ᠪᠠᠴᠢᠮ ᠲᠤᠯᠭ᠋ᠠᠭᠤ ᠰᠡᠳᠬᠢᠯᠭᠡ ᠵᠢ ᠨᠡᠮᠡᠭᠳᠡᠭᠦᠯᠬᠦ ᠬᠡᠷᠡᠭᠲᠡᠶ᠃ ᠬᠣᠶᠠᠷ᠎ᠲᠤ ᠪᠠᠢ᠍ᠢ᠍ᠭᠤᠯᠵᠤ ᠪᠠᠢ᠍ᠢ᠍ᠭ᠎ᠠ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠰᠠᠶ᠋ᠢᠲᠤᠷ ᠠᠳᠬᠤᠵᠤ᠂ ᠰᠢᠨ᠎ᠡ᠎ᠪᠠᠷ ᠠᠵᠢᠯ ᠡᠬᠢᠯᠡᠭᠦᠯᠬᠦ ᠵᠦᠢ᠍ᠯᠡᠰ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠠᠬᠢᠴᠠ ᠵᠢ ᠴᠢᠩᠭ᠎ᠠ ᠠᠩᠬᠠᠷᠬᠤ ᠬᠡᠷᠡᠭᠲᠡᠶ; ᠭᠤᠷᠪᠠ᠎ᠳᠤ᠂ ᠣᠯᠠᠨ ᠲᠠᠯ᠎ᠠ ᠵᠢᠨ᠎ᠬᠢᠨ᠎ᠤ ᠳᠡᠮᠵᠢᠯᠭᠡ ᠵᠢ ᠤᠯᠬᠤ᠎ᠪᠠᠷ ᠢᠳᠡᠪᠬᠢᠲᠡᠢ ᠴᠢᠷᠮᠠᠶ᠋ᠢᠵᠤ᠂ ᠠᠷᠭ᠎ᠠ ᠪᠦᠬᠦᠨ᠎ᠢ ᠰᠦᠪᠡᠭᠴᠢᠯᠡᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠳᠤᠬᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠨᠠᠶ᠋ᠢᠳᠠᠪᠤᠷᠢᠵᠢᠭᠤᠯᠤᠨ᠎ᠠ; ᠲᠦᠷᠪᠡ᠎ᠳᠤ᠂ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠴᠠᠭ ᠲᠤᠬᠠᠢ᠎ᠳᠤᠨᠢ ᠲᠤᠬᠢᠷᠠᠭᠤᠯᠤᠨ ᠵᠢᠯᠣᠭᠣᠳᠴᠤ᠂ ᠬᠢᠨᠠᠯᠲᠠ ᠲᠠᠯᠪᠢᠵᠤ ᠪᠠᠶ᠋ᠢᠴᠠᠭ᠋ᠠᠵᠤ᠂ ᠲᠥᠯᠥᠪᠯᠡᠭᠡ ᠵᠢ ᠬᠡᠷᠡᠭᠵᠢᠭᠦᠯᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠪᠣᠳᠠᠲᠠᠢ ᠪᠦᠭᠡᠳ ᠨᠠᠷᠢᠨ ᠠᠳᠬᠤᠵᠤ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠢ᠃
      ᠬᠤᠷᠠᠯ᠎ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ᠎ᠤᠨ ᠳᠡᠳ᠋ ᠲᠢᠩᠬᠢᠮ᠎ᠤᠨ ᠳᠠᠷᠤᠭ᠎ᠠ ᠢᠦᠶ ᠴᠠᠩ ᠵᠢᠶᠠᠨ ᠲᠢᠩᠬᠢᠮ᠎ᠤᠨ ᠪᠠᠶ᠋ᠢᠭᠤᠯᠭ᠎ᠠ ᠵᠢᠨ ᠬᠣᠯᠪᠣᠭᠳᠠᠯ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠦᠬᠦᠳ᠎ᠢ ᠵᠤᠬᠢᠶᠠᠨ ᠪᠠᠢ᠍ᠢ᠍ᠭᠤᠯᠵᠤ ᠦᠪᠦᠷ ᠮᠤᠨᠭ᠌ᠭᠤᠯ᠎ᠤᠨ 2020 ᠣᠨ᠎ᠤ ᠲᠥᠪ᠎ᠤᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠰᠠᠷ᠎ᠠ ᠵᠢᠨ ᠲᠣᠬᠢᠷᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠳᠡᠳ᠋ ᠰᠠᠶ᠋ᠢᠳ ᠶᠧ ᠵᠢᠶᠠᠨ ᠴᠦᠨ᠎ᠤ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠭᠤᠷᠪᠠᠨ ᠲᠠᠯ᠎ᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ ᠨᠢᠭᠡ᠎ᠳᠤ 2019 ᠣᠨ᠎ᠤ ᠲᠥᠪ᠎ᠤᠨ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠭᠠᠵᠠᠷ ᠲᠠᠰᠤᠭ 2019 ᠣᠨ᠎ᠤ ᠲᠥᠪ᠎ᠤᠨ ᠤᠰᠤᠨ ᠠᠰᠢᠭᠯᠠᠯᠲᠠ ᠵᠢᠨ ᠲᠥᠷᠥᠯ ᠵᠦᠶᠯ᠎ᠤᠨ ᠳᠠᠭᠤᠰᠤᠭ᠋ᠠᠳᠤᠶ ᠢᠨᠵᠧᠨᠧᠷᠢᠩ᠎ᠢ ᠨᠠᠷᠢᠨ ᠬᠢᠨᠠᠮᠠᠭ᠋ᠠᠶ ᠵᠠᠳᠠᠯᠤᠨ ᠰᠤᠳᠤᠯᠵᠤ ᠮᠠᠭ᠋ᠠᠳᠯᠠᠵᠤ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠵᠢ ᠬᠢᠵᠠᠭ᠋ᠠᠷᠯᠠᠵᠤ ᠪᠠᠶ᠋ᠢᠭ᠎ᠠ ᠰᠢᠯᠲᠠᠭ᠋ᠠᠨ᠎ᠢ ᠵᠠᠳᠠᠯᠵᠤ᠂ ᠭᠠᠵᠠᠷ ᠲᠠᠰᠤᠭ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠰᠢᠮᠳᠠᠭᠤᠯᠤᠨ ᠵᠢᠯᠣᠭᠣᠳᠬᠤ᠎ᠪᠠᠨ ᠴᠢᠩᠭ᠋ᠠᠳᠬᠠᠵᠤ᠂ ᠦᠨᠡᠨ ᠬᠦ᠌ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠦᠬᠦᠨ᠎ᠢ ᠪᠡᠶᠡᠯᠡᠭᠦᠯᠬᠦ ᠵᠢᠨ ᠬᠠᠮᠲᠤ ᠰᠢᠯᠭ᠋ᠠᠨ ᠠᠪᠬᠤ᠎ᠪᠠᠷ ᠴᠢᠷᠮᠠᠶ᠋ᠢᠵᠤ᠂ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠢ ᠰᠠᠶ᠋ᠢᠲᠤᠷ ᠬᠢᠬᠦ᠎ᠳᠤ ᠰᠠᠭᠤᠷᠢ ᠲᠠᠯᠪᠢᠬᠤ ᠵᠢᠨ ᠬᠠᠮᠲᠤ 4   ᠳ᠋ᠦ᠍ᠭᠡᠷ ᠰᠠᠷ᠎ᠠ ᠵᠢᠨ 5᠎ᠤ ᠡᠳᠦᠷ᠎ᠠᠴᠠ ᠡᠮᠦᠨ᠎ᠡ ᠪᠣᠳᠠᠲᠠᠶ ᠠᠵᠢᠯ᠎ᠤᠨ ᠠᠷᠭ᠎ᠠ ᠬᠡᠮᠵᠢᠶ᠎ᠡ᠎ᠪᠠᠨ ᠳᠤᠷᠠᠳᠬᠤ ᠬᠡᠷᠡᠭᠲᠡᠶ᠃ ᠬᠣᠶᠠᠷ᠎ᠲᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠭᠰᠡᠨ ᠰᠠᠭᠤᠷᠢᠨ ᠳᠡᠭᠡᠷ᠎ᠡ᠂ 2020 ᠣᠨ᠎ᠤ ᠲᠥᠪ᠎ᠤᠨ ᠤᠰᠤᠨ ᠠᠰᠢᠭᠯᠠᠯᠲᠠ ᠵᠢᠨ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠱᠠᠯᠠᠪᠳᠠᠨ ᠠᠬᠢᠭᠤᠯᠵᠤ᠂ ᠲᠦᠷᠦᠯ ᠵᠦᠢ᠍ᠯ ᠳᠡᠭᠡᠷ᠎ᠡ ᠨᠠᠶ᠋ᠢᠳᠠᠪᠤᠷᠢᠵᠢᠭᠤᠯᠤᠭᠰᠠᠨ ᠦᠭᠡᠢ ᠪᠠᠶ᠋ᠢᠪᠠᠯ᠂ ᠪᠣᠳᠠᠲᠠᠢ ᠲᠦᠷᠦᠯ ᠵᠦᠢ᠍ᠯ ᠳᠡᠭᠡᠷ᠎ᠡ ᠱᠠᠯᠠᠪᠳᠠᠨ ᠨᠠᠶ᠋ᠢᠳᠠᠪᠤᠷᠢᠵᠢᠭᠤᠯᠬᠤ ᠬᠡᠷᠡᠭᠲᠡᠢ; ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠪᠤᠶᠤ ᠬᠡᠷᠡᠭᠵᠢᠭᠦᠯᠬᠦ ᠲᠥᠰᠦᠯ᠎ᠢ ᠴᠤᠬᠤᠯᠠᠪᠤᠷᠢᠯᠠᠨ ᠬᠠᠷᠢᠭᠤᠯᠤᠭᠰᠠᠨ ᠦᠭᠡᠢ ᠪᠠᠶ᠋ᠢᠪᠠᠯ᠂ ᠱᠠᠯᠠᠪᠳᠠᠨ ᠴᠤᠬᠤᠯᠠᠪᠤᠷᠢᠯᠠᠨ ᠬᠠᠷᠢᠭᠤᠯᠬᠤ ᠬᠡᠷᠡᠭᠲᠡᠶ; ᠨᠢᠭᠡᠨᠲᠡ ᠴᠤᠬᠤᠯᠠᠪᠤᠷᠢᠯᠠᠭᠰᠠᠨ᠎ᠢ᠎ᠨᠢ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠭᠠᠵᠠᠷ ᠰᠢᠷᠤᠢ ᠲᠠᠳᠠᠪᠤᠷᠢᠯᠠᠬᠤ ᠵᠡᠷᠭᠡ ᠪᠠᠷᠢᠯᠭ᠎ᠠ ᠪᠠᠷᠢᠬᠤ᠎ᠠᠴᠠ ᠡᠮᠦᠨᠡᠬᠢ ᠪᠡᠯᠡᠳᠬᠡᠯ ᠠᠵᠢᠯ᠎ᠢ ᠲᠦᠷᠭᠡᠬᠡᠨ ᠰᠠᠶ᠋ᠢᠲᠤᠷ ᠨᠠᠶ᠋ᠢᠳᠠᠪᠤᠷᠢᠵᠢᠭᠤᠯᠵᠤ᠂ ᠡᠷᠲᠡᠬᠡᠨ ᠪᠠᠷᠢᠯᠭ᠎ᠠ ᠡᠬᠢᠯᠡᠭᠦᠯᠬᠦ᠎ᠪᠠᠷ ᠴᠢᠷᠮᠠᠶ᠋ᠢᠵᠤ᠂ ᠪᠣᠳᠠᠲᠤ ᠠᠵᠢᠯ᠎ᠤᠨ ᠬᠡᠮᠵᠢᠶ᠎ᠡ ᠵᠢ ᠲᠦᠷᠭᠡᠬᠡᠨ ᠪᠤᠢ ᠪᠣᠯᠭ᠋ᠠᠵᠤ᠂ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠠᠬᠢᠴᠠ ᠵᠢ ᠴᠢᠷᠮᠠᠶ᠋ᠢᠨ ᠲᠦᠷᠭᠡᠳᠬᠡᠬᠦ ᠬᠡᠷᠡᠭᠲᠡᠶ᠃ ᠭᠤᠷᠪᠠ᠎ᠳᠤ ᠤᠰᠤᠨ ᠠᠰᠢᠭᠯᠠᠯᠳᠠ ᠵᠢᠨ ᠶᠠᠮᠤᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠬᠢᠨᠠᠮᠠᠭ᠋ᠠᠶ ᠰᠠᠶ᠋ᠢᠲᠤᠷ ᠬᠢᠵᠦ᠂ ᠢᠯᠠᠩᠭᠤᠶ᠎ᠠ ᠤᠰᠤᠨ ᠠᠰᠢᠭᠯᠠᠯᠳᠠ ᠵᠢᠨ ᠶᠠᠮᠤᠨ᠎ᠤ ᠬᠢᠨᠠᠨ ᠪᠠᠶ᠋ᠢᠴᠠᠭ᠋ᠠᠬᠤ ᠦᠶ᠎ᠡ᠎ᠳᠤ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠰᠠᠶ᠋ᠢᠲᠤᠷ ᠠᠳᠬᠤᠬᠤ ᠬᠡᠷᠡᠭᠲᠡᠶ ᠭᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠳᠠ ᠵᠢᠨ ᠶᠠᠮᠤᠨ᠎ᠤ ᠰᠤᠩᠭ᠋ᠠᠷᠢ ᠮᠥᠷᠡᠨ ᠯᠢᠶᠣᠤ ᠾᠧ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠬᠥᠷᠥᠰᠥ ᠰᠢᠷᠤᠢ ᠵᠢ ᠬᠠᠮᠠᠭ᠋ᠠᠯᠠᠬᠤ ᠠᠵᠢᠯ᠎ᠢ ᠪᠠᠢ᠍ᠢ᠍ᠴᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠳᠠᠷᠤᠭ᠎ᠠ ᠯᠢᠦ ᠸᠠᠨ ᠬᠤᠸᠠ ᠴᠤᠤᠯ ᠭᠣᠣᠯ᠎ᠢ ᠲᠠᠲᠠᠵᠤ ᠯᠢᠶᠣᠤ ᠾᠧ ᠭᠤᠤᠯ᠎ᠳᠤ ᠲᠤᠰᠠᠯᠠᠬᠤ ᠢᠨᠵᠧᠨᠧᠷᠢᠩ᠎ᠤᠨ ᠦᠢ᠍ᠯᠡᠳᠪᠦᠷᠢᠯᠡᠯ᠎ᠢ ᠰᠡᠷᠭᠦᠭᠡᠬᠦ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠬᠣᠷᠢᠭ᠎ᠠ ᠱᠤᠭᠤᠮ᠎ᠢ ᠴᠢᠩᠭ᠎ᠠ ᠰᠠᠬᠢᠵᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠰᠢᠨ᠎ᠡ ᠪᠠᠶ᠋ᠢᠳᠠᠯ ᠳᠣᠣᠷᠠᠬᠢ ᠳ᠋ᠸᠩ ᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ
ᠬᠢᠨᠠᠨ ᠬᠠᠮᠢᠶᠠᠷᠴᠤ ᠲᠦᠭᠰᠢᠭᠦᠷᠢ ᠵᠢ ᠰᠡᠷᠭᠡᠶ᠋ᠢᠯᠡᠬᠦ ᠵᠢ ᠴᠢᠩᠭ᠋ᠠᠳᠬᠠᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠦᠨ᠎ᠡ
ᠤᠰᠤᠨ ᠠᠰᠢᠭᠯᠠᠯᠳᠠ ᠵᠢᠨ ᠶᠠᠮᠤᠨ᠎ᠤ ᠰᠤᠩᠭ᠋ᠠᠷᠢ ᠮᠥᠷᠡᠨ ᠯᠢᠶᠣᠤ ᠾᠧ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠬᠥᠷᠥᠰᠥ ᠰᠢᠷᠤᠢ ᠵᠢ ᠬᠠᠮᠠᠭ᠋ᠠᠯᠠᠬᠤ ᠠᠵᠢᠯ᠎ᠢ ᠪᠠᠢ᠍ᠢ᠍ᠴᠠᠭ᠋ᠠᠪᠠ
 
            