2 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ ᠲᠥᠪ᠎ᠤᠨ ᠲᠣᠭᠣᠷᠢᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ ᠵᠢᠴᠢ ᠬᠠᠲᠤᠨ ᠭᠣᠣᠯ᠎ᠤᠨ ᠭᠤᠯᠳᠤᠷᠢᠯ᠎ᠤᠨ ᠬᠣᠯᠪᠣᠭᠳᠠᠯ ᠪᠦᠬᠦᠢ ᠠᠰᠠᠭᠤᠳᠠᠯ᠎ᠢ ᠴᠡᠭᠴᠡᠯᠡᠨ ᠵᠠᠰᠠᠵᠤ ᠨᠠᠶ᠋ᠢᠳᠠᠪᠤᠷᠢᠵᠢᠭᠤᠯᠬᠤ ᠠᠵᠢᠯ᠎ᠤᠨ ᠸᠢᠳᠢᠤ᠋ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠭᠡᠢ ᠱᠦᠵᠢ ᠵᠢᠨ ᠲᠣᠭᠣᠷᠢᠨ ᠪᠠᠢ᠌ᠴᠠᠭ᠋ᠠᠯᠲᠠ ᠵᠢᠴᠢ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ᠎ᠤᠨ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠪᠠ ᠬᠠᠳᠤᠨ ᠭᠣᠣᠯ᠎ᠤᠨ ᠭᠤᠯᠳᠤᠷᠢᠯ᠎ᠤᠨ ᠬᠣᠯᠪᠣᠭᠳᠠᠯ ᠪᠦᠬᠦᠢ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠡᠴᠡᠨᠪᠢᠯᠢᠭ ᠬᠤᠷᠠᠯ᠎ᠳᠤ ᠤᠷᠤᠯᠴᠠᠬᠤ ᠵᠢᠨ ᠬᠠᠮᠳᠤ ᠶᠠᠷᠢᠶ᠎ᠠ ᠲᠠᠯᠪᠢᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠴᠠᠩ ᠴᠢᠩ᠂ ᠵᠣᠣ ᠵᠥᠩ ᠡᠤ᠂ ᠵᠠᠩ ᠸᠧᠶ᠂ ᠲᠢᠩᠬᠢᠮ᠎ᠤᠨ ᠳᠡᠳ᠋ ᠳᠠᠷᠤᠭ᠎ᠠ ᠯᠢ ᠪᠢᠨ᠂ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠢᠦᠶ ᠲᠢᠶᠧ ᠵᠤ᠌᠂ ᠰᠦ ᠰᠦᠸᠧ ᠯᠦᠩ᠂ ᠶᠡᠷᠦᠩᠬᠡᠶ ᠠᠵᠤ ᠠᠬᠤᠶ᠋ᠢᠴᠢ ᠭᠣᠤ ᠬᠠᠶ ᠮᠢᠩ ᠬᠤᠷᠠᠯ᠎ᠳᠤ ᠣᠷᠣᠯᠴᠠᠵᠠᠶ᠃

ᠬᠤᠷᠠᠯ ᠳᠡᠭᠡᠷ᠎ᠡ᠂ ᠵᠤᠤ ᠴᠠᠩ ᠴᠢᠩ᠂ ᠯᠢ ᠪᠢᠨ ᠲᠣᠰᠪᠣᠷᠢ 《ᠤᠤᠭᠤᠬᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠦᠷᠦᠯᠴᠡᠬᠦ ᠦᠭᠡᠢ》 ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ ᠪᠣᠯᠤᠨ ᠬᠠᠳᠤᠨ ᠭᠣᠣᠯ᠎ᠤᠨ ᠭᠤᠯᠳᠤᠷᠢᠯ᠎ᠤᠨ ᠬᠣᠯᠪᠣᠭᠳᠠᠯ ᠪᠦᠬᠦᠢ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠤᠨ ᠲᠣᠭᠣᠷᠢᠨ᠎ᠳᠤ ᠳᠤᠬᠢᠷᠠᠭᠤᠯᠤᠯᠳᠠ ᠪᠠᠶ᠋ᠢᠷᠢᠯᠠᠭᠤᠯᠤᠯᠲᠠ ᠬᠢᠵᠡᠢ᠃

ᠬᠤᠷᠠᠯ᠎ᠠᠴᠠ᠂ ᠤᠢ᠍ᠢ᠍ᠷ᠎ᠠ ᠵᠢᠨ ᠬᠤᠭᠤᠴᠠᠭ᠋ᠠᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠰᠢᠷᠢᠰ ᠬᠤᠷᠠᠯ ᠬᠤᠷᠠᠯᠳᠤᠭᠤᠯᠵᠤ᠂ ᠲᠥᠪ᠎ᠤᠨ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠪᠠ ᠬᠠᠳᠤᠨ ᠭᠣᠣᠯ᠎ᠤᠨ ᠭᠤᠯᠳᠤᠷᠢᠯ᠎ᠤᠨ ᠬᠣᠯᠪᠣᠭᠳᠠᠯ ᠪᠦᠬᠦᠢ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠪᠣᠳᠠᠲᠠᠢ ᠪᠠᠶ᠋ᠢᠷᠢᠯᠠᠭᠤᠯᠤᠯᠲᠠ ᠬᠢᠵᠡᠢ᠃ ᠲᠥᠪ ᠬᠣᠷᠢᠶᠠᠨ᠎ᠤ ᠲᠣᠭᠣᠷᠢᠨ ᠪᠠᠶ᠋ᠢᠴᠠᠭ᠋ᠠᠯᠲᠠ ᠪᠣᠯ ᠤᠯᠤᠰ ᠲᠦᠷᠦ ᠵᠢᠨ ᠲᠣᠭᠣᠷᠢᠨ ᠪᠠᠶ᠋ᠢᠴᠠᠭ᠋ᠠᠯᠲᠠ᠂ ᠤᠯᠤᠰ ᠲᠦᠷᠦ ᠵᠢᠨ ᠬᠢᠨᠠᠯᠲᠠ ᠮᠥᠨ᠂ ᠲᠥᠪ ᠬᠣᠷᠢᠶᠠᠨ᠎ᠤ ᠲᠣᠭᠣᠷᠢᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ ᠪᠣᠯ ᠲᠥᠪ ᠬᠣᠷᠢᠶᠠᠨ᠎ᠤ ᠱᠠᠭ᠋ᠠᠷᠳᠠᠯᠭ᠎ᠠ ᠮᠥᠨ᠂ ᠲᠡᠷᠡ᠎ᠨᠢ ᠲᠥᠪ ᠬᠣᠷᠢᠶᠠᠨ᠎ᠤ ᠡᠷᠬᠡ ᠰᠦᠷ᠎ᠢ ᠢᠯᠡᠷᠡᠭᠦᠯᠵᠦ ᠪᠠᠶ᠋ᠢᠳᠠᠭ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ᠎ᠬᠢᠨ ᠰᠢ ᠵᠢᠨ ᠫᠢᠩ ᠶᠡᠷᠦᠩᠬᠡᠶ ᠱᠦᠵᠢ ᠵᠢᠨ ᠲᠣᠭᠣᠷᠢᠨ ᠪᠠᠶ᠋ᠢᠴᠠᠭ᠋ᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠦᠨᠡᠨ ᠬᠦ᠌ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭ᠋ᠠᠵᠤ᠂ ᠤᠤᠭᠤᠬᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠦᠷᠦᠯᠴᠡᠬᠦ ᠦᠭᠡᠢ ᠪᠠᠶ᠋ᠢᠬᠤ ᠵᠡᠷᠭᠡ ᠬᠣᠯᠪᠣᠭᠳᠠᠯ ᠪᠦᠬᠦᠢ ᠠᠰᠠᠭᠤᠳᠠᠯ᠎ᠢ ᠰᠠᠶ᠋ᠢᠲᠤᠷ ᠠᠳᠬᠤᠬᠤ ᠵᠢ ᠲᠡᠷᠢᠭᠦᠨ ᠴᠢᠬᠤᠯᠠ ᠶᠠᠪᠤᠳᠠᠯ ᠪᠣᠯᠭ᠋ᠠᠵᠤ᠂ ᠴᠢᠩᠭ᠎ᠠ ᠬᠠᠳᠠᠭᠤ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ ᠪᠣᠯᠤᠨ ᠲᠡᠦᠬᠡ ᠵᠢᠨ ᠡᠭᠦᠷᠭᠡᠲᠦ ᠰᠡᠳᠬᠢᠯᠭᠡ᠎ᠪᠠᠷ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠶᠤᠰᠤᠴᠢᠯᠠᠨ ᠰᠠᠶ᠋ᠢᠲᠤᠷ ᠪᠡᠶᠡᠯᠡᠭᠦᠯᠬᠦ ᠬᠡᠷᠡᠭᠲᠡᠢ᠃ ᠬᠠᠲᠤᠨ ᠭᠣᠣᠯ᠎ᠤᠨ ᠭᠤᠯᠳᠤᠷᠢᠯ᠎ᠤᠨ ᠬᠣᠯᠪᠣᠭᠳᠠᠯ ᠪᠦᠬᠦᠢ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠰᠠᠶ᠋ᠢᠲᠤᠷ ᠠᠳᠬᠤᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠴᠣᠬᠣᠯᠠᠪᠤᠷᠢ ᠪᠣᠯᠤᠨ ᠲᠥᠪ᠎ᠤᠨ ᠬᠣᠯᠪᠣᠭᠳᠠᠯ ᠪᠦᠬᠦᠢ ᠤᠳᠤᠷᠢᠳᠤᠯᠭ᠎ᠠ ᠵᠢᠨ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠨᠴᠠᠭ᠋ᠠᠶ᠋ᠢᠯᠠᠨ ᠤᠯᠤᠰ ᠲᠦᠷᠦ ᠵᠢ ᠡᠷᠬᠢᠮᠯᠡᠬᠦ ᠦᠨᠳᠦᠷᠴᠡ᠎ᠠᠴᠠ ᠡᠵᠡᠮᠳᠡᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠡᠯ᠎ᠡ ᠵᠦᠢ᠍ᠯ᠎ᠤᠨ ᠤᠯᠤᠰ ᠲᠦᠷᠦ ᠵᠢᠨ ᠡᠭᠦᠷᠭᠡ ᠵᠢ ᠲᠡᠷᠡ ᠬᠡᠪ ᠵᠶ᠋ᠠᠷ᠎ᠨᠢ ᠰᠠᠶ᠋ᠢᠲᠤᠷ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠲᠥᠪ᠎ᠤᠨ ᠲᠣᠭᠣᠷᠢᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠭᠰᠠᠠ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠠᠳᠬᠤᠵᠤ᠂ ᠳᠠᠷᠤᠶ᠋ᠢᠬᠠᠨ ᠬᠥᠳᠡᠯᠦᠯᠴᠡᠵᠦ᠂ ᠡᠯ᠎ᠡ ᠵᠦᠢ᠍ᠯ᠎ᠤᠨ ᠲᠦᠷᠦᠭᠦᠯᠡᠬᠦ ᠡᠭᠦᠷᠭᠡ ᠪᠣᠯᠤᠨ ᠬᠠᠮᠵᠢᠯᠴᠠᠨ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠥᠨᠳᠥᠷ ᠪᠠᠷᠢᠮᠵᠢᠶ᠎ᠠ ᠥᠨᠳᠥᠷ ᠦᠷ᠎ᠡ ᠪᠦᠲᠦᠮᠵᠢ ᠥᠨᠳᠥᠷ ᠶᠠᠰᠤ ᠴᠢᠨᠠᠷᠲᠠᠢ᠎ᠪᠠᠷ ᠠᠬᠢᠭᠤᠯᠬᠤ ᠬᠡᠷᠡᠭᠲᠡᠢ᠃ ᠤᠤᠭᠤᠬᠤ ᠤᠰᠤᠨ᠎ᠤ ᠠᠮᠤᠷ ᠲᠦᠪᠰᠢᠨ᠎ᠤ ᠰᠠᠭᠤᠷᠢ ᠲᠣᠭ᠎ᠠ ᠵᠢ ᠤᠯᠠᠮ ᠨᠢᠭᠡ ᠠᠯᠬᠤᠮ ᠲᠣᠳᠣᠷᠬᠠᠶ ᠣᠶ᠋ᠢᠯᠠᠭ᠋ᠠᠵᠤ᠂ ᠪᠣᠳᠠᠲᠠᠶ᠋ᠢᠵᠢᠭᠤᠯᠵᠤ᠂ ᠬᠣᠰᠢᠭᠤ ᠰᠢᠶᠠᠨ ᠵᠶ᠋ᠠᠷ ᠨᠢᠭᠡᠴᠢ ᠪᠣᠯᠭ᠋ᠠᠨ᠂ ᠭᠠᠴᠠᠭ᠎ᠠ ᠲᠣᠰᠬᠣᠨ ᠵᠶ᠋ᠠᠷ ᠨᠢᠭᠡᠴᠢ ᠪᠣᠯᠭ᠋ᠠᠨ᠂ ᠠᠰᠠᠭᠤᠳᠠᠯ᠎ᠤᠨ ᠨᠠᠷᠢᠨ ᠬᠠᠭᠤᠳᠠᠰᠤ ᠵᠢ ᠪᠠᠶ᠋ᠢᠭᠤᠯᠵᠤ᠂ ᠳᠣᠲᠣᠷ᠎ᠠ᠎ᠪᠠᠨ ᠲᠣᠭ᠎ᠠ᠎ᠲᠠᠢ ᠪᠠᠶ᠋ᠢᠬᠤ ᠬᠡᠷᠡᠭᠲᠡᠶ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠨᠢᠨ ᠳᠡᠭᠡᠷ᠎ᠡ᠎ᠨᠢ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠠᠳᠠᠯᠢ ᠪᠤᠰᠤ ᠠᠰᠠᠭᠤᠳᠠᠯ᠎ᠳᠤ ᠴᠢᠭᠯᠡᠭᠦᠯᠦᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠴᠠᠭ ᠲᠤᠬᠠᠢᠳᠤᠨᠢ ᠠᠷᠭ᠋ᠠᠴᠠᠵᠤ᠂ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃ ᠤᠰᠤ ᠬᠠᠩᠭ᠋ᠠᠬᠤ ᠢᠨᠵᠧᠨᠧᠷᠢᠩ᠎ᠤᠨ ᠬᠠᠮᠠᠭ᠋ᠠᠯᠠᠯᠲᠠ ᠵᠢᠨ ᠪᠠᠯᠠ ᠮᠥᠩᠭᠥ ᠵᠡᠷᠭᠡ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠠᠵᠢᠯᠯᠠᠭ᠋ᠠᠨ᠎ᠤ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠤᠰᠤᠨ᠎ᠤ ᠰᠦᠢ᠍ᠳᠬᠡᠯ᠎ᠢ ᠬᠣᠷᠢᠶᠠᠨ ᠲᠤᠰᠢᠶᠠᠬᠤ ᠵᠢ ᠠᠬᠢᠭᠤᠯᠵᠤ᠂ ᠤᠤᠭᠤᠬᠤ ᠤᠰᠤᠨ᠎ᠤ ᠠᠮᠤᠷ ᠲᠦᠪᠰᠢᠨ᠎ᠤ ᠬᠠᠮᠢᠶᠠᠷᠴᠤ ᠬᠠᠮᠠᠭ᠋ᠠᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠬᠦᠴᠦᠯᠡᠨ ᠪᠠᠶ᠋ᠢᠭᠤᠯᠬᠤ ᠬᠡᠷᠡᠭᠲᠡᠶ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠷᠠᠭᠤᠯᠵᠤ᠂ ᠬᠡᠪᠰᠢᠭᠰᠡᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠣᠷᠣᠰᠢᠵᠤ ᠪᠠᠶ᠋ᠢᠭ᠎ᠠ ᠠᠰᠠᠭᠤᠳᠠᠯ᠎ᠢ ᠢᠳᠡᠪᠬᠢᠲᠡᠶ᠎ᠪᠠᠷ ᠵᠣᠬᠢᠴᠠᠭᠤᠯᠤᠨ ᠰᠢᠢ᠍ᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠢ᠍ᠢ᠍ᠨ᠎ᠠ᠃
ᠬᠤᠷᠠᠯ᠎ᠠᠴᠠ᠂ ᠮᠠᠨ᠎ᠤ ᠣᠷᠣᠨ᠎ᠤ ᠬᠠᠳᠤᠨ ᠭᠣᠣᠯ᠎ᠤᠨ ᠭᠣᠣᠯ᠎ᠤᠨ ᠭᠤᠯᠳᠤᠷᠢᠯ᠎ᠤᠨ ᠥᠨᠳᠦᠷ ᠡᠰᠢᠲᠦ ᠲᠠᠷᠢᠮᠠᠯ᠎ᠨᠢ ᠦᠶᠡᠷ ᠤᠷᠤᠰᠬᠠᠬᠤ ᠵᠢ ᠨᠥᠯᠥᠭᠡᠯᠡᠬᠦ᠂ ᠲᠠᠩ ᠰᠠᠢ᠍ᠢ᠍ᠷᠭ᠋ᠠᠯ ᠭᠠᠵᠠᠷ᠎ᠤᠨ ᠰᠠᠭᠤᠭ᠋ᠠᠯᠢ ᠠᠷᠠᠳ᠎ᠢ ᠨᠡᠭᠦᠯᠭᠡᠨ ᠲᠤᠬᠤᠨᠢᠭᠤᠯᠬᠤ᠂ ᠡᠷᠭᠢ ᠳᠠᠭ᠋ᠠᠤ ᠵᠢᠨ ᠪᠣᠬᠢᠷ ᠤᠰᠤ ᠪᠣᠯᠤᠨ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ ᠵᠡᠷᠭᠡ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠳᠤᠨ ᠭᠣᠣᠯ᠎ᠤᠨ ᠲᠠᠩ ᠰᠠᠢ᠍ᠢ᠍ᠷᠭ᠋ᠠᠯ ᠭᠠᠵᠠᠷ᠎ᠤᠨ ᠠᠷᠠᠳ ᠤᠯᠠᠨ᠎ᠤ ᠠᠮᠢ ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠳᠠᠷᠤᠶ ᠲᠦᠷᠭᠡᠨ ᠠᠶ᠋ᠢᠯ ᠡᠷᠦᠬᠡ᠎ᠳᠤ ᠬᠦᠷᠴᠦ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠮᠠᠨ᠎ᠤ ᠣᠷᠣᠨ᠎ᠤ ᠬᠠᠲᠤᠨ ᠭᠣᠤᠯ᠎ᠤᠨ ᠲᠠᠩ ᠰᠠᠢ᠍ᠢ᠍ᠷᠭ᠋ᠠᠯ ᠭᠠᠵᠠᠷ᠎ᠤᠨ ᠥᠨᠳᠦᠷ ᠡᠰᠢᠲᠦ ᠲᠠᠷᠢᠮᠠᠯ᠂ ᠲᠠᠷᠢᠶᠠᠨ ᠭᠠᠵᠠᠷ᠂ ᠬᠡᠷ ᠪᠠᠶ᠋ᠢᠰᠢᠩ᠂ ᠬᠥᠮᠦᠨ ᠠᠮᠠ ᠵᠡᠷᠭᠡ ᠵᠢᠨ ᠪᠠᠶ᠋ᠢᠳᠠᠯ᠎ᠢ ᠤᠯᠠᠮ ᠨᠢᠭᠡ ᠠᠯᠬᠤᠮ ᠣᠶ᠋ᠢᠯᠠᠭ᠋ᠠᠬᠤ ᠵᠢᠨ ᠬᠠᠮᠲᠤ ᠦᠨᠡᠨ ᠬᠦ᠌ ᠶᠠᠪᠤᠭᠳᠠᠭᠤᠰᠢᠲᠠᠶ ᠠᠵᠢᠯ᠎ᠤᠨ ᠲᠥᠰᠦᠯ᠎ᠢ ᠲᠦᠷᠭᠡᠬᠡᠨ ᠰᠤᠳᠤᠯᠤᠨ ᠲᠣᠭᠲᠠᠭ᠋ᠠᠬᠤ ᠬᠡᠷᠡᠭᠲᠡᠶ᠃ ᠪᠣᠳᠠᠲᠠᠶ᠎ᠠᠴᠠ ᠡᠭᠦᠰᠬᠦ ᠵᠢ ᠪᠠᠷᠢᠮᠲᠠᠯᠠᠵᠤ᠂ ᠣᠶᠤᠨ ᠲᠠᠷᠢᠬᠢ᠎ᠪᠠᠨ ᠰᠢᠪᠬᠠᠵᠤ᠂ 《ᠨᠢᠭᠡ ᠯᠡ ᠠᠳᠠᠯᠢ᠎ᠪᠠᠷ ᠱᠠᠭ᠋ᠠᠷᠳᠠᠬᠤ》 ᠥᠬᠡᠶ ᠪᠠᠶ᠋ᠢᠵᠤ᠂ ᠱᠠᠲᠤ ᠬᠤᠪᠢᠶᠠᠨ᠂ ᠠᠯᠬᠤᠮ ᠳᠠᠷᠠᠭ᠎ᠠ᠎ᠲᠠᠢ᠂ ᠭᠣᠤᠯᠳᠠᠯᠭ᠎ᠠ᠎ᠲᠠᠢ᠎ᠪᠠᠷ ᠬᠠᠮᠢᠶ᠎ᠠ ᠪᠥᠬᠥᠶ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠬᠠᠲᠤᠨ ᠭᠣᠤᠯ᠎ᠤᠨ ᠭᠤᠯᠳᠤᠷᠢᠯ᠎ᠤᠨ ᠬᠣᠯᠪᠣᠭᠳᠠᠯ ᠪᠥᠬᠥᠶ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
ᠬᠤᠷᠠᠯ᠎ᠠᠴᠠ ᠪᠠᠰᠠ 2 ᠰᠠᠷ᠎ᠠ ᠵᠢᠨ 18᠎ᠤ ᠪᠦᠬᠦ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ᠎ᠢ ᠪᠠᠶ᠋ᠢᠷᠢᠯᠠᠭᠤᠯᠵᠠᠢ᠃

ᠬᠤᠷᠠᠯ᠎ᠨᠢ ᠸᠢᠳᠢᠤ᠋ ᠬᠡᠯᠪᠡᠷᠢ᠎ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ᠎ᠤᠨ ᠬᠣᠯᠪᠣᠭᠳᠠᠯ ᠪᠥᠬᠥᠶ ᠭᠠᠵᠠᠷ ᠲᠠᠰᠤᠭ᠎ᠤᠨ ᠭᠣᠤᠯ ᠬᠠᠷᠢᠭᠤᠴᠠᠯᠭ᠋ᠠᠲᠠᠨ ᠨᠥᠬᠥᠳ ᠪᠣᠯᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠭᠣᠤᠯ ᠬᠤᠷᠠᠯ᠎ᠤᠨ ᠲᠠᠯᠠᠪᠠᠶ᠎ᠳᠤ᠂ ᠡᠯ᠎ᠡ ᠠᠶ᠋ᠢᠮᠠᠭ ᠬᠣᠲᠠ᠂ ᠲᠦᠯᠦᠪᠯᠡᠭᠡᠳᠦ ᠲᠤᠰᠠᠭ᠋ᠠᠷ ᠵᠢᠭᠰᠠᠭ᠋ᠠᠭᠰᠠᠨ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ ᠵᠢᠨ ᠳᠠᠷᠤᠭ᠎ᠠ᠂ ᠬᠤᠪᠢᠳᠠᠨ ᠬᠠᠮᠢᠶᠠᠷᠴᠤ ᠪᠥᠬᠥᠶ ᠳᠡᠳ᠋ ᠳᠠᠷᠤᠭ᠎ᠠ᠂ ᠡᠯ᠎ᠡ ᠬᠣᠰᠢᠭᠤ ᠰᠢᠶᠠᠨ ᠬᠣᠲᠠ (ᠲᠣᠭᠣᠷᠢᠭ) ᠵᠢᠨ ᠬᠤᠪᠢᠳᠠᠨ ᠬᠠᠮᠢᠶᠠᠷᠴᠤ ᠪᠥᠬᠥᠶ ᠳᠡᠳ᠋ ᠬᠣᠰᠢᠭᠤ ᠰᠢᠶᠠᠨ᠎ᠤ ᠳᠠᠷᠤᠭ᠎ᠠ᠂ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ ᠵᠢᠨ ᠳᠠᠷᠤᠭ᠎ᠠ᠂ ᠬᠤᠪᠢᠳᠠᠨ ᠬᠠᠮᠢᠶᠠᠷᠴᠤ ᠪᠥᠬᠥᠶ ᠳᠡᠳ᠋ ᠳᠠᠷᠤᠭ᠎ᠠ ᠨᠠᠷ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃