ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠤᠪᠸᠢ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ 2021 ᠣᠨ᠎ᠤ ᠪᠥᠬᠥ ᠮᠤᠵᠢ ᠵᠢᠨ ᠤᠰᠤᠨ ᠠᠰᠢᠭᠯᠠᠯᠲᠠ ᠵᠢᠨ ᠬᠢᠨᠠᠯᠲᠠ ᠲᠠᠯᠪᠢᠬᠤ ᠠᠵᠢᠯ ᠵᠶ᠋ᠠᠨ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2021-03-19

      ᠲᠤᠰ ᠥᠷᠲᠡᠭᠡᠨ᠎ᠤ ᠮᠡᠳᠡᠭᠡ᠂ 3 ᠰᠠᠷ᠎ᠠ ᠵᠢᠨ 9᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ ᠤᠰᠤᠨ ᠠᠰᠢᠭᠯᠠᠯᠲᠠ᠎ᠳᠤ ᠬᠢᠨᠠᠯᠲᠠ ᠲᠠᠯᠪᠢᠬᠤ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ ᠰᠢᠨ᠎ᠡ ᠨᠢᠭᠡ ᠡᠭᠡᠯᠵᠢ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ᠎ᠠᠴᠠ ᠨᠠᠰᠢᠬᠢ ᠤᠰᠤᠨ ᠠᠰᠢᠭᠯᠠᠯᠲᠠ᠎ᠳᠤ ᠬᠢᠨᠠᠯᠲᠠ ᠲᠠᠯᠪᠢᠬᠤ ᠠᠵᠢᠯ᠎ᠤᠨ ᠦᠷ᠎ᠡ ᠪᠦᠲᠦᠮᠵᠢ ᠵᠢ ᠳ᠋ᠦᠩᠨᠡᠨ᠂ 2021 ᠣᠨ᠎ᠤ ᠤᠰᠤᠨ ᠠᠰᠢᠭᠯᠠᠯᠲᠠ᠎ᠳᠤ ᠬᠢᠨᠠᠯᠲᠠ ᠲᠠᠯᠪᠢᠬᠤ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠤ᠂ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠧᠢ ᠱᠠᠨ ᠵᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠤᠰᠤᠨ ᠠᠰᠢᠭᠯᠠᠯᠲᠠ ᠵᠢᠨ ᠶᠠᠮᠤᠨ᠎ᠤ ᠬᠤᠷᠠᠯ᠎ᠤᠨ ᠮᠡᠳᠡᠭᠳᠡᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠎ᠳᠤ ᠬᠤᠪᠢᠶᠠᠷᠢ ᠬᠤᠷᠠᠯ᠎ᠤᠨ ᠲᠠᠯᠠᠪᠠᠢ ᠭᠠᠷᠭ᠋ᠠᠵᠤ᠂ ᠬᠤᠪᠸᠢ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠢᠶᠤᠤ᠎ᠲᠠᠢ ᠸᠸᠨ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠡ ᠵᠢᠨ ᠬᠠᠷᠢᠭᠤᠴᠠᠯᠭ᠋ᠠᠲᠠᠨ᠎ᠢ ᠳᠠᠭ᠋ᠠᠭᠤᠯᠤᠨ ᠸᠢᠳᠢᠣ᠋ ᠬᠤᠷᠠᠯ᠎ᠢ ᠲᠥᠪᠯᠡᠷᠡᠭᠦᠯᠦᠨ ᠬᠦᠯᠢᠶᠡᠨ ᠠᠪᠴᠤ ᠦᠵᠡᠪᠡ᠃
      ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ᠎ᠳᠤ ᠬᠢᠨᠠᠯᠲᠠ ᠲᠠᠯᠪᠢᠬᠤ ᠠᠵᠢᠯ᠎ᠤᠨ ᠸᠢᠳᠢᠣ᠋ ᠬᠤᠷᠠᠯ᠎ᠤᠨ ᠲᠠᠷᠠᠭ᠎ᠠ᠂ ᠵᠢᠶᠤᠤ᠎ᠲᠠᠢ ᠸᠸᠨ ᠨᠥᠬᠥᠷ ᠬᠤᠪᠸᠢ ᠮᠤᠵᠢ ᠵᠢᠨ ᠥᠨᠥ ᠵᠢᠯ᠎ᠤᠨ ᠤᠰᠤᠨ ᠠᠰᠢᠭᠯᠠᠯᠲᠠ᠎ᠳᠤ ᠬᠢᠨᠠᠯᠲᠠ ᠲᠠᠯᠪᠢᠬᠤ ᠠᠵᠢᠯ᠎ᠢ ᠰᠠᠶ᠋ᠢᠲᠤᠷ ᠬᠢᠬᠦ ᠲᠤᠬᠠᠢ ᠪᠠᠶ᠋ᠢᠷᠢᠯᠠᠭᠤᠯᠤᠯᠲᠠ ᠬᠢᠵᠦ᠂ ᠪᠦᠬᠦ ᠮᠤᠵᠢ ᠵᠢᠨ ᠤᠰᠤᠨ ᠠᠰᠢᠭᠯᠠᠯᠲᠠ ᠵᠢᠨ ᠰᠢᠰᠲᠸᠮ᠎ᠤᠨ᠎ᠬᠢᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ       ᠣᠶ᠋ᠢᠯᠠᠭ᠋ᠠᠵᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠠᠵᠢᠯ᠎ᠤᠨ ᠴᠢᠬᠤᠯᠠ ᠠᠴᠢ ᠬᠣᠯᠪᠣᠭᠳᠠᠯ᠎ᠢ ᠤᠯᠠᠮ ᠨᠢᠭᠡ ᠭᠦᠨᠵᠡᠭᠡᠢ ᠲᠠᠨᠢᠵᠤ᠂ ᠠᠵᠢᠯ᠎ᠤᠨ ᠰᠡᠳᠬᠢᠴᠡ᠎ᠪᠠᠨ ᠲᠤᠳᠤᠷᠬᠠᠢ᠌ᠯᠠᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ ᠭᠡᠵᠦ ᠱᠠᠭ᠋ᠠᠷᠳᠠᠪᠠ᠃ ᠨᠢᠭᠡ᠎ᠳᠤ᠂ ᠭᠣᠤᠯ ᠠᠵᠢᠯ᠎ᠤᠨ ᠲᠣᠭᠣᠷᠢᠨ᠎ᠳᠤ᠂ ᠬᠢᠨᠠᠯᠲᠠ ᠲᠠᠯᠪᠢᠬᠤ ᠠᠵᠢᠯ᠎ᠤᠨ ᠭᠣᠤᠯᠳᠠᠯᠭ᠎ᠠ ᠵᠢ ᠡᠮᠬᠢᠯᠡᠵᠦ᠂ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠢ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠬᠤ ᠵᠢᠨ ᠬᠠᠮᠲᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠲᠥᠯᠥᠪᠯᠡᠭᠡ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠯᠠᠭ᠎ᠠ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠲᠠᠨ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠲᠤᠬᠠᠶ᠋ᠢᠯᠠᠭᠰᠠᠨ ᠠᠵᠢᠯ᠎ᠤᠨ ᠲᠥᠷᠥᠯ ᠬᠡᠯᠪᠡᠷᠢ ᠵᠢ ᠶᠡᠷᠦᠩᠬᠡᠶ᠋ᠢᠯᠡᠨ ᠨᠢᠭᠡᠳᠦᠯᠲᠡᠶ ᠲᠥᠯᠥᠪᠯᠡᠬᠦ ᠵᠢ ᠰᠠᠶ᠋ᠢᠲᠤᠷ ᠬᠢᠬᠦ ᠬᠡᠷᠡᠭᠲᠡᠶ; ᠬᠣᠶᠠᠷ᠎ᠲᠤ᠂ ᠠᠬ᠎ᠠ ᠳᠡᠭᠦᠦ ᠮᠤᠵᠢ ᠵᠢᠨ ᠰᠠᠢ᠍ᠢ᠍ᠨ ᠲᠤᠷᠰᠢᠯᠭ᠎ᠠ ᠰᠠᠢ᠍ᠢ᠍ᠨ ᠠᠷᠭ᠎ᠠ ᠵᠢ ᠰᠤᠷᠤᠯᠴᠠᠨ ᠲᠤᠯᠢᠳᠠᠵᠤ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠬᠤᠪᠸᠢ ᠵᠢᠨ ᠲᠦᠷᠦᠯ ᠲᠡᠮᠳᠡᠭ᠎ᠢ ᠡᠭᠦᠳᠬᠦ ᠬᠡᠷᠡᠭᠲᠡᠢ; ᠭᠤᠷᠪᠠ᠎ᠳᠤ ᠬᠢᠨᠠᠯᠲᠠ ᠲᠠᠯᠪᠢᠬᠤ ᠰᠢᠰᠲ᠋ᠧᠮ᠎ᠤᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠢᠨᠠᠯᠲᠠ ᠲᠠᠯᠪᠢᠬᠤ ᠠᠵᠢᠯ᠎ᠤᠨ ᠰᠢᠰᠲ᠋ᠧᠮ᠎ᠢ ᠬᠣᠲᠠ᠂ ᠰᠢᠶᠠᠨ᠎ᠤ ᠱᠠᠲᠤᠨ᠎ᠳᠤ ᠬᠦᠷᠲᠡᠯ᠎ᠡ ᠤᠷᠲᠤᠳᠬᠠᠵᠤ᠂ ᠮᠤᠵᠢ᠂ ᠬᠣᠲᠠ᠂ ᠰᠢᠶᠠᠨ᠎ᠤ ᠡᠯ᠎ᠡ ᠱᠠᠲᠤᠨ᠎ᠤ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠬᠡᠷᠡᠭᠲᠡᠶ; ᠲᠦᠷᠪᠡ᠎ᠳᠤ᠂ ᠤᠰᠤᠨ ᠠᠰᠢᠭᠯᠠᠯᠲᠠ ᠵᠢᠨ ᠶᠠᠮᠤᠨ᠎ᠤ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠮᠤᠵᠢ ᠵᠢᠨ ᠬᠢᠨᠠᠯᠲᠠ ᠲᠠᠯᠪᠢᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠤᠳᠠᠭ᠎ᠠ ᠪᠦᠷᠢ ᠵᠢᠨ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠪᠠᠶ᠋ᠢᠳᠠᠯ᠎ᠢ ᠪᠣᠳᠠᠲᠠᠢ ᠠᠵᠢᠯ᠎ᠤᠨ ᠰᠢᠯᠭ᠋ᠠᠨ ᠪᠠᠶ᠋ᠢᠴᠠᠭ᠋ᠠᠯᠲᠠ ᠪᠤᠶᠤ ᠬᠢᠨᠠᠨ ᠰᠢᠯᠭ᠋ᠠᠯᠲᠠ ᠵᠢᠨ ᠦᠷ᠎ᠡ ᠪᠦᠲᠦᠭᠡᠯ ᠵᠶ᠋ᠠᠷ ᠦᠵᠡᠬᠦ ᠬᠡᠷᠡᠭᠲᠡᠢ; ᠲᠠᠪᠤ᠎ᠳᠤ᠂ ᠤᠳᠠᠭ᠎ᠠ ᠪᠦᠷᠢ ᠵᠢᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠯᠠᠭ᠎ᠠ ᠵᠢ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠵᠤ᠂ ᠴᠠᠭ᠎ᠢ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠵᠤ᠂ ᠠᠵᠢᠯᠳᠠᠨ᠎ᠢ ᠵᠣᠬᠢᠰᠲᠠᠢ ᠰᠣᠩᠭᠣᠨ ᠲᠣᠮᠢᠯᠠᠵᠤ᠂ ᠮᠡᠷᠭᠡᠵᠢᠯ᠎ᠤᠨ ᠠᠷᠭ᠎ᠠ ᠬᠡᠮᠵᠢᠶ᠎ᠡ ᠎ᠪᠠᠨ ᠴᠢᠩᠭ᠋ᠠᠳᠬᠠᠵᠤ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢ ᠬᠠᠩᠭ᠋ᠠᠵᠤ᠂ ᠬᠢᠨᠠᠨ ᠬᠠᠮᠢᠶᠠᠷᠬᠤ ᠠᠵᠢᠯ᠎ᠤᠨ ᠴᠢᠨᠠᠷ ᠴᠢᠨᠰᠠᠭ᠎ᠠ ᠦᠷ᠎ᠡ ᠠᠰᠢᠭ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ; ᠵᠢᠷᠭᠤᠭ᠎ᠠ᠎ᠳᠤ᠂ ᠰᠢᠨ᠎ᠡ ᠪᠠᠶ᠋ᠢᠳᠠᠯ ᠳᠣᠤᠷᠠᠬᠢ ᠤᠰᠤᠨ ᠠᠰᠢᠭᠯᠠᠯᠲᠠ᠎ᠳᠤ ᠬᠢᠨᠠᠯᠲᠠ ᠲᠠᠯᠪᠢᠬᠤ ᠠᠵᠢᠯ᠎ᠤᠨ ᠰᠢᠨ᠎ᠡ ᠱᠠᠭ᠋ᠠᠷᠳᠠᠯᠭ᠎ᠠ᠎ᠳᠤ ᠢᠳᠡᠪᠬᠢᠲᠡᠶ ᠵᠣᠬᠢᠴᠠᠭᠤᠯᠤᠨ᠂ ᠬᠢᠨᠠᠨ ᠬᠠᠮᠢᠶᠠᠷᠬᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠢᠩᠬᠢᠮ᠎ᠤᠨ ᠰᠢᠰᠲ᠋ᠧᠮ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠤ ᠴᠢᠩᠭ᠎ᠠ ᠬᠢᠨᠠᠨ ᠬᠠᠮᠢᠶᠠᠷᠤᠯᠲᠠ ᠵᠢᠨ ᠳᠤᠮᠳᠠᠬᠢ ᠦᠢ᠍ᠯᠡᠳᠦᠯ᠎ᠢ ᠭᠦᠢ᠍ᠴᠡᠳ ᠪᠠᠳᠠᠷᠠᠭᠣᠯᠣᠨ᠂ ᠪᠦᠲᠦᠴᠡ᠎ᠨᠢ ᠵᠦᠶ ᠵᠣᠬᠢᠰᠲᠠᠶ ᠬᠢᠨᠠᠨ ᠬᠠᠮᠢᠶᠠᠷᠬᠤ ᠲᠤᠰᠬᠠᠶ ᠮᠡᠷᠭᠡᠵᠢᠯ᠎ᠤᠨ ᠠᠵᠢᠯᠲᠠᠨ᠎ᠤ ᠡᠩᠨᠡᠭᠡ ᠵᠢ ᠤᠯᠠᠮ ᠨᠢᠭᠡ ᠠᠯᠬᠤᠮ ᠪᠠᠶ᠋ᠢᠭᠤᠯᠬᠤ ᠬᠡᠷᠡᠭᠲᠡᠶ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠥᠬᠡᠨᠠᠭᠤᠷ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠡᠷᠬᠢᠯᠡᠪᠡ
ᠤᠰᠤ ᠲᠠᠲᠠᠬᠤ ᠲᠣᠪᠴᠢᠶᠠᠨ᠎ᠤ ᠨᠠᠮ᠎ᠤᠨ ᠬᠣᠷᠢᠶ᠎ᠠ ᠰᠢᠶᠠᠩᠱ᠌ᠠᠨ᠎ᠤ ᠬᠤᠪᠢᠰᠬᠠᠯ᠎ᠤᠨ ᠳᠤᠷᠠᠰᠬᠠᠯ᠎ᠤᠨ ᠭᠠᠵᠠᠷ᠎ᠲᠤ ᠬᠦᠷᠴᠦ 《ᠬᠤᠪᠢᠰᠬᠠᠯ᠎ᠤᠨ ᠲᠡᠦᠬᠡ ᠵᠢ ᠳᠠᠬᠢᠨ ᠡᠷᠭᠢᠴᠡᠭᠦᠯᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤᠳᠬᠠᠶ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠮᠦᠽᠧᠶ ᠵᠢᠨ ᠨᠠᠮ᠎ᠤᠨ ᠬᠣᠷᠢᠶ᠎ᠠ᠎ᠨᠢ ᠰᠢᠨ᠎ᠡ ᠠᠷᠠᠳᠴᠢᠯᠠᠭᠰᠠᠨ ᠬᠤᠪᠢᠰᠬᠠᠯ᠎ᠢ ᠎ᠤᠨ ᠦᠶ᠎ᠡ᠂ ᠨᠡᠢ᠌ᠭᠡᠮ ᠵᠢᠷᠤᠮᠲᠤ ᠬᠤᠪᠢᠰᠬᠠᠯ ᠪᠣᠯᠤᠨ ᠪᠦᠲᠦᠭᠡᠨ ᠪᠠᠢ᠌ᠭᠤᠯᠤᠯᠲᠠ ᠵᠢᠨ ᠦᠶ᠎ᠡ ᠎ᠤᠨ ᠲᠤᠬᠠᠢ ᠲᠤᠰᠬᠠᠶ ᠰᠡᠳᠦᠪ ᠵᠶ᠋ᠡᠷ ᠰᠤᠷᠤᠯᠴᠠᠨ ᠰᠤᠳᠤᠯᠪᠠ
ᠳᠤᠮᠳᠠᠳᠤ ᠤᠯᠤᠰ᠎ᠤᠨ ᠰᠦᠯᠵᠢᠶ᠎ᠡ᠄ ᠳᠤᠮᠳᠠᠳᠤ ᠤᠯᠤᠰ᠎ᠤᠨ ᠮᠡᠳᠡᠭᠡᠯᠡᠯ 2020 ᠣᠨ᠎ᠳᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠬᠢᠭᠰᠡᠨ ᠡᠲᠡᠭᠡᠷ ᠶᠠᠪᠤᠳᠠᠯ᠎ᠠᠴᠠ ᠮᠠᠰᠢ ᠣᠯᠠᠨ ᠎ᠨᠢ ᠲᠠᠨ᠎ᠤ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ
 
            