ᠲᠣᠰ ᠥᠷᠲᠡᠭᠡᠨ᠎ᠤ ᠮᠡᠳᠡᠭᠡ 3 ᠰᠠᠷ᠎ᠠ ᠵᠢᠨ 11᠎ᠤ ᠡᠳᠦᠷ᠂ ᠬᠥᠬᠡᠨᠠᠭᠤᠷ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ 2021 ᠣᠨ᠎ᠤ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠱ᠌ᠢ ᠹᠸᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠱ᠌ᠢ ᠵᠢᠶᠠᠨ ᠫᠢᠩ ᠬᠤᠷᠠᠯ᠎ᠢ ᠡᠷᠭᠢᠯᠡᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠫᠸᠩ ᠽᠦᠸᠸ ᠸᠸᠢ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠠᠷᠪᠠ ᠶᠢᠰᠦᠳᠦᠭᠡᠷ ᠬᠤᠭᠤᠴᠠᠭ᠋ᠠᠨ᠎ᠤ ᠲᠠᠪᠤᠳᠤᠭ᠋ᠠᠷ ᠪᠦᠬᠦᠳᠡ ᠬᠤᠷᠠᠯ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠮᠤᠵᠢ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ ᠪᠣᠯᠤᠨ ᠤᠰᠤᠨ ᠠᠰᠢᠭᠯᠠᠯᠲᠠ ᠵᠢᠨ ᠶᠠᠮᠤᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠪᠠ᠃ ᠵᠠᠩ ᠱ᠌ᠢ ᠹᠸᠩ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠪᠠᠲᠤᠯᠠᠬᠤ ᠵᠢ ᠬᠦᠳᠦᠯᠦᠨ ᠳᠠᠭ᠋ᠠᠭᠤᠯᠤᠶ᠎ᠠ》 ᠭᠡᠬᠦ ᠰᠡᠳᠦᠪ ᠵᠶ᠋ᠠᠷ ᠶᠠᠷᠢᠶ᠎ᠠ ᠲᠠᠯᠪᠢᠵᠠᠢ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 2020 ᠣᠨ᠎ᠳᠤ ᠪᠦᠬᠦ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠮᠵᠢ ᠪᠤᠯᠭ᠋ᠠᠨ᠂ ᠨᠠᠮ᠎ᠤᠨ ᠲᠥᠪ ᠬᠤᠷᠢᠶ᠎ᠠ᠂ ᠮᠤᠵᠢ ᠵᠢᠨ ᠨᠠᠮ᠎ᠤᠨ ᠬᠤᠷᠢᠶ᠎ᠠ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯ᠎ᠡ ᠵᠦᠢ᠍ᠯ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠂ ᠮᠤᠵᠢ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠪᠦᠬᠦᠳᠠ ᠬᠤᠷᠠᠯ᠂ ᠤᠰᠤᠨ ᠠᠰᠢᠭᠯᠠᠯᠲᠠ ᠵᠢᠨ ᠶᠠᠮᠤᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ ᠪᠣᠯᠤᠨ ᠮᠤᠵᠢ ᠵᠢᠨ ᠵᠠᠰᠠᠭ᠎ᠤᠨ ᠣᠷᠳᠣᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ 》 ᠵᠶ᠋ᠠᠨ ᠪᠠᠲᠤᠳᠬᠠᠵᠤ᠂ 《ᠬᠣᠶᠠᠷ᠎ᠢ ᠬᠦᠷᠢᠶᠡᠯᠡᠬᠦ》 ᠵᠢ ᠪᠡᠶᠡᠯᠡᠬᠦᠯᠪᠡ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠤᠰᠤᠨ ᠠᠰᠢᠭᠯᠠᠯᠲᠠ ᠵᠢᠨ ᠭᠣᠣᠯᠳᠠᠯᠠᠭ᠋ᠠᠲᠣ ᠠᠵᠢᠯ᠎ᠢ ᠨᠢᠭᠡᠳᠦᠯᠲᠡᠶ ᠲᠥᠯᠥᠪᠯᠡᠬᠦ ᠲᠣᠭᠣᠷᠢᠨ᠎ᠳᠤ᠂ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠡᠷᠡᠰ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠣᠯᠬᠤ ᠲᠠᠢ᠍ᠢ᠍ᠨ᠎ᠢ ᠰᠠᠶ᠋ᠢᠲᠤᠷ ᠬᠢᠬᠦ ᠵᠢ ᠦᠨᠡᠨ ᠬᠦ᠌ ᠪᠠᠲᠤᠯᠠᠵᠤ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠨᠠᠶ᠋ᠢᠳᠠᠪᠤᠷᠢᠵᠢᠭᠤᠯᠬᠤ ᠵᠡᠷᠭᠡ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠬᠡᠵᠦ᠂ ᠨᠠᠮ᠎ᠤᠨ ᠤᠳᠤᠷᠢᠳᠤᠯᠭ᠎ᠠ ᠪᠠ ᠬᠢᠨᠠᠯᠲᠠ ᠵᠢ ᠴᠢᠩᠭ᠋ᠠᠳᠬᠠᠨ᠂ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠠᠵᠢᠯ᠎ᠳᠤ ᠢᠯᠡᠳᠲᠡ ᠦᠷ᠎ᠡ ᠪᠦᠲᠦᠮᠵᠢ ᠣᠯᠪᠠ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠦᠬᠦ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠰᠢ ᠵᠢᠨ ᠫᠢᠩ ᠶᠡᠷᠦᠩᠬᠡᠶ ᠱᠦᠵᠢ ᠵᠢᠨ ᠴᠢᠬᠤᠯᠠ ᠶᠠᠷᠢᠶᠠᠨ᠎ᠤ ᠭᠣᠣᠯ ᠠᠭᠤᠯᠭ᠎ᠠ ᠪᠠ ᠪᠠᠶᠠᠯᠢᠭ ᠠᠭᠤᠯᠬᠤᠨ᠎ᠢ ᠭᠦᠨᠵᠡᠭᠡᠶ ᠣᠶ᠋ᠢᠯᠠᠭ᠋ᠠᠵᠤ᠂ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠤ ᠤᠯᠤᠰ ᠲᠦᠷᠦ ᠵᠢᠨ ᠲᠠᠯ᠎ᠠ᠎ᠠᠴᠠ ᠦᠵᠡᠬᠦ ᠬᠡᠷᠡᠭᠲᠡᠢ》 ᠭᠡᠬᠦ ᠵᠠᠷᠴᠢᠮ᠎ᠤᠨ ᠱᠠᠭ᠋ᠠᠷᠳᠠᠯᠭ᠎ᠠ ᠂ 《ᠢᠯᠵᠢᠷᠡᠯ᠎ᠢ ᠡᠰᠡᠷᠭᠦᠴᠡᠬᠦ᠎ᠳᠤ ᠰᠣᠩᠭᠣᠯᠲᠠ ᠪᠠᠶ᠋ᠢᠬᠤ ᠦᠭᠡᠢ᠂ ᠡᠷᠬᠡᠪᠰᠢ ᠬᠦᠴᠢᠷ᠎ᠢ ᠮᠡᠳᠡᠵᠤ ᠪᠠᠶ᠋ᠢᠭ᠋ᠠᠳ ᠬᠦᠴᠦᠯᠡᠨ ᠤᠷᠤᠭᠰᠢᠯᠠᠬᠤ ᠬᠡᠷᠡᠭᠲᠡᠢ》 ᠭᠡᠬᠦ ᠴᠢᠬᠤᠯᠠ ᠶᠡᠬᠡ ᠮᠠᠭ᠋ᠠᠳᠯᠠᠯᠲᠠ᠂ 《ᠴᠢᠩᠭ᠎ᠠ ᠪᠠᠢ᠌ᠬᠤ ᠭᠣᠣᠯ ᠬᠦᠭ ᠠᠶᠠᠰ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ》 ᠭᠡᠬᠦ ᠢᠯᠡ ᠲᠣᠳᠣ ᠵᠣᠭᠰᠣᠯᠲᠠ᠂ 《ᠢᠯᠵᠢᠷᠠᠬᠤ ᠵᠣᠷᠢᠭ ᠦᠭᠡᠢ᠂ ᠢᠯᠵᠢᠷᠡᠵᠦ ᠪᠣᠯᠬᠤ ᠦᠭᠡᠢ᠂ ᠢᠯᠵᠢᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠤᠭᠴᠠᠵᠢᠭᠤᠯᠤᠨ ᠠᠬᠢᠭᠤᠯᠬᠤ》 ᠪᠠᠶ᠋ᠢᠯᠳᠤᠬᠤ ᠪᠤᠳᠤᠯᠭ᠎ᠠ ᠵᠢᠨ ᠬᠠᠷᠠᠯᠲᠠ᠂ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠬᠦᠳᠦᠯᠦᠨ ᠳᠠᠭ᠋ᠠᠭᠤᠯᠵᠤ ᠪᠠᠲᠤᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ》 ᠭᠡᠬᠦ ᠦᠨᠳᠦᠰᠦᠨ ᠵᠢᠷᠤᠮᠯᠠᠯ ᠢ ᠣᠨᠣᠪᠴᠢᠲᠠᠢ ᠡᠵᠡᠮᠰᠢᠬᠦ ᠬᠡᠷᠡᠭᠲᠡᠢ᠃ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠠᠶ᠋ᠢᠳᠠᠯ᠎ᠤᠨ ᠲᠤᠬᠠᠶ ᠲᠥᠪ ᠬᠣᠷᠢᠶ᠎ᠠ ᠪᠣᠯᠤᠨ ᠮᠤᠵᠢ ᠵᠢᠨ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨᠴᠢ ᠮᠠᠭ᠋ᠠᠳᠯᠠᠯᠲᠠ ᠪᠠ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠭᠦᠨᠵᠡᠭᠡᠶ ᠣᠶ᠋ᠢᠯᠠᠭ᠋ᠠᠬᠤ ᠬᠡᠷᠡᠭᠲᠡᠶ᠃ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠲᠡᠮᠡᠴᠡᠯ ᠡᠭᠦᠷᠢᠳᠡ ᠶᠠᠪᠤᠭᠳᠠᠨ᠎ᠠ᠂ ᠢᠯᠵᠠᠷᠠᠯ᠎ᠢ ᠡᠰᠡᠷᠭᠦᠴᠡᠬᠦ ᠲᠠᠯ᠎ᠠ᠎ᠪᠠᠷ ᠰᠣᠩᠭᠣᠯᠲᠠ ᠦᠭᠡᠢ ᠶᠤᠮ᠂ ᠡᠷᠬᠡᠪᠰᠢ ᠬᠦᠴᠢᠷ᠎ᠢ ᠮᠡᠳᠡᠵᠤ ᠪᠠᠶ᠋ᠢᠭ᠋ᠠᠳ ᠬᠦᠴᠦᠯᠡᠨ ᠤᠷᠤᠭᠰᠢᠯᠠᠵᠤ᠂ ᠬᠠᠷᠢᠭᠤᠴᠠᠯᠭ᠎ᠠ ᠪᠠᠨ ᠮᠡᠳᠡᠵᠤ ᠡᠷᠡᠯᠬᠡᠭᠯᠡᠨ ᠲᠡᠮᠡᠴᠡᠬᠦ ᠬᠡᠷᠡᠭᠲᠡᠶ᠃ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢᠨ ᠬᠥᠲᠥᠯᠦᠨ ᠳᠠᠭ᠋ᠠᠭᠤᠯᠬᠤ ᠪᠠ ᠪᠠᠲᠤᠯᠠᠬᠤ ᠦᠢ᠍ᠯᠡᠳᠦᠯ᠎ᠢ ᠭᠦᠨᠵᠡᠭᠡᠶ ᠣᠶ᠋ᠢᠯᠠᠭ᠋ᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠬᠠᠷᠠᠯᠲᠠ ᠡᠭᠦᠷᠭᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 2021 ᠣᠨ᠎ᠤ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠳᠤ ᠵᠢᠷᠭᠤᠭ᠋ᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠠᠳᠬᠤᠨ᠎ᠠ᠃ ᠨᠢᠭᠡ᠎ᠳᠤ᠂ ᠤᠯᠤᠰ ᠲᠦᠷᠦ ᠵᠢᠨ ᠪᠠᠶ᠋ᠢᠭᠤᠯᠤᠯᠲᠠ ᠵᠢ ᠳᠤᠪᠤᠢ᠍ᠢ᠍ᠮ᠎ᠠ ᠪᠠᠶ᠋ᠢᠷᠢᠨ᠎ᠳᠤ ᠲᠠᠯᠪᠢᠵᠤ᠂ ᠤᠯᠤᠰ ᠲᠦᠷᠦ ᠵᠢᠨ ᠬᠢᠨᠠᠯᠲᠠ ᠵᠢ ᠴᠢᠩᠭ᠋ᠠᠳᠬᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠮᠤᠵᠢ ᠵᠢᠨ ᠨᠠᠮ᠎ᠤᠨ ᠬᠣᠷᠢᠶᠠᠨ᠎ᠤ ᠴᠢᠬᠤᠯᠠ ᠶᠡᠬᠡ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠬᠣᠶᠠᠷ᠎ᠲᠤ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠋ᠠᠳᠬᠠᠬᠤ ᠬᠡᠷᠡᠭᠲᠡᠢ᠃ ᠭᠤᠷᠪᠠ᠎ᠳᠤ 《ᠳᠥᠷᠪᠡᠨ ᠰᠤᠷᠲᠠᠯ》᠎ᠢ ᠵᠠᠯᠠᠷᠠᠭᠤᠯᠤᠨ ᠵᠠᠰᠠᠬᠤ ᠵᠢ ᠢᠮᠠᠭᠲᠠ ᠪᠠᠷᠢᠮᠲᠠᠯᠠᠵᠤ᠂ ᠰᠤᠷᠲᠠᠯ᠎ᠤᠨ ᠲᠣᠪᠣᠶ᠋ᠢᠮ᠎ᠠ ᠠᠰᠠᠭᠤᠳᠠᠯ᠎ᠢ ᠴᠡᠭᠴᠡᠯᠡᠨ ᠵᠠᠰᠠᠬᠤ ᠦᠷ᠎ᠡ ᠪᠦᠲᠦᠮᠵᠢ ᠵᠢ ᠭᠦᠨᠵᠡᠭᠡᠶ᠋ᠢᠷᠡᠭᠦᠯᠦᠨ ᠥᠷᠭᠡᠳᠬᠡᠨ᠎ᠡ᠃ ᠲᠦᠷᠪᠡ᠎ᠳᠤ᠂ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠨ ᠲᠦᠮᠡᠨ᠎ᠤ ᠳᠡᠷᠭᠡᠳᠡᠬᠢ ᠢᠯᠵᠢᠷᠡᠯ ᠪᠠ ᠰᠤᠷᠲᠠᠯ᠎ᠤᠨ ᠠᠰᠠᠭᠤᠳᠠᠯ᠎ᠢ ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠨ᠎ᠠ᠃ ᠲᠠᠪᠤ᠎ᠳᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠡᠷ ᠵᠠᠰᠠᠬᠤ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠢᠯᠵᠠᠷᠠᠬᠤ ᠵᠣᠷᠢᠭ ᠦᠭᠡᠢ ᠢᠯᠵᠠᠷᠠᠵᠤ ᠴᠢᠳᠠᠬᠤ ᠦᠭᠡᠢ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃ ᠵᠢᠷᠭᠤᠭ᠎ᠠ᠎ᠳᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ᠂ ᠬᠦᠴᠦᠨ᠎ᠲᠠᠢ ᠦᠷ᠎ᠡ ᠪᠦᠲᠦᠮᠵᠢ᠎ᠲᠠᠢ ᠪᠣᠯᠭ᠋ᠠᠬᠤ ᠵᠢ ᠠᠬᠢᠭᠤᠯᠤᠨ᠎ᠠ᠃
ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠵᠠᠩ ᠱᠧᠩ ᠹᠦ᠋᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠽᠸ ᠵᠢᠶᠦ᠋ᠨ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠲᠢᠩᠬᠢᠮ᠎ᠤᠨ ᠬᠠᠷᠢᠶ᠎ᠠ ᠡᠯ᠎ᠡ ᠨᠠᠮ᠎ᠤᠨ ᠬᠤᠷᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ᠂ ᠲᠢᠩᠬᠢᠮ᠎ᠤᠨ ᠪᠠᠶ᠋ᠢᠭᠤᠯᠭ᠎ᠠ ᠵᠢᠨ ᠪᠦᠬᠦ ᠠᠯᠪᠠᠳᠠᠨ᠂ ᠲᠢᠩᠬᠢᠮ᠎ᠤᠨ ᠬᠠᠷᠢᠶ᠎ᠠ ᠨᠢᠭᠡᠴᠡ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠱᠦᠵᠢ᠂ ᠭᠡᠰᠢᠭᠦᠳ ᠬᠤᠷᠠᠯ᠎ᠳᠤ ᠣᠷᠣᠯᠴᠠᠪᠠ᠃