ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠭ᠎ᠠ ᠱᠤᠭᠤᠮ᠎ᠢ ᠴᠢᠩᠭ᠎ᠠ ᠰᠠᠬᠢᠵᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠰᠢᠨ᠎ᠡ ᠪᠠᠶ᠋ᠢᠳᠠᠯ ᠳᠣᠣᠷᠠᠬᠢ ᠳ᠋ᠸᠩ ᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ
ᠨᠡᠶ᠋ᠢᠲᠡᠯᠡᠭᠰᠡᠨ ᠴᠠᠭ᠄ 2021-03-04

      ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠳ᠋ᠸᠩ ᠺᠸᠤ ᠤᠰᠤ ᠲᠠᠳᠠᠬᠤ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶ᠎ᠠ ᠵᠢᠨ ᠳᠠᠷᠤᠭ᠎ᠠ   ᠬᠤ᠌ ᠱᠧᠩ
     (2020 ᠣᠨ᠎ᠤ 6 ᠰᠠᠷ᠎ᠠ ᠵᠢᠨ 9᠎ᠤ ᠡᠳᠦᠷ)
      ᠠᠶᠤᠯ ᠦᠭᠡᠢ ᠦᠢ᠍ᠯᠡᠳᠪᠦᠷᠢᠯᠡᠯ ᠪᠣᠯ ᠤᠰᠤᠨ ᠠᠰᠢᠭᠯᠠᠯᠲᠠ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢᠨ ᠠᠮᠢᠨ ᠰᠤᠳᠠᠰᠤ ᠮᠥᠨ᠂ ᠲᠡᠷᠡ᠎ᠨᠢ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠳᠤ ᠬᠣᠯᠪᠣᠭᠳᠠᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠬᠣᠯᠪᠣᠭᠳᠠᠵᠤ ᠪᠠᠶ᠋ᠢᠳᠠᠭ᠃ ᠳ᠋ᠸᠩ ᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠰᠢᠨᠵᠢᠯᠡᠬᠦ ᠤᠬᠠᠭ᠋ᠠᠨᠴᠢ ᠬᠥᠭᠵᠢᠯᠲᠡ᠂ ᠠᠮᠤᠷ ᠲᠦᠪᠰᠢᠨ ᠬᠥᠭᠵᠢᠯᠲᠡ᠂ ᠴᠢᠨᠠᠷ ᠰᠠᠶ᠋ᠢᠲᠠᠶ ᠬᠥᠭᠵᠢᠯᠲᠡ᠎ᠨᠢ ᠡᠷᠬᠡᠪᠰᠢ ᠰᠢ ᠵᠢᠨ ᠫᠢᠩ ᠶᠡᠷᠦᠩᠬᠡᠶ ᠱᠦᠵᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠰᠤᠨ ᠠᠰᠢᠭᠯᠠᠯᠳᠠ ᠵᠢᠨ ᠶᠠᠮᠤᠨ ᠪᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠶ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ》 ᠵᠣᠷᠢᠭ ᠰᠠᠨᠠᠭ᠋ᠠᠨ᠎ᠤ ᠭᠣᠣᠯ ᠵᠣᠷᠢᠯᠲᠠ ᠵᠢ ᠣᠨᠣᠪᠴᠢᠲᠠᠶ ᠡᠵᠡᠮᠰᠢᠵᠦ᠂ ᠤᠰᠤᠨ ᠠᠰᠢᠭᠯᠠᠯᠳᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ 《ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠳᠤᠲᠠᠭᠤᠳᠠᠯ᠎ᠢ ᠨᠥᠬᠥᠪᠥᠷᠢᠯᠡᠬᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠦᠭ ᠠᠶᠠᠰ᠎ᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠵᠢᠨ ᠤᠨᠤᠯᠵᠢᠬᠤᠨ᠎ᠢ ᠪᠠᠲᠤ ᠪᠡᠬᠢ ᠪᠤᠢ ᠪᠣᠯᠭ᠋ᠠᠨ᠂ ᠠᠶᠤᠯ ᠲᠦᠪᠰᠢᠨ᠎ᠤ ᠠᠵᠢᠯ᠎ᠢ ᠤᠷᠳᠤ ᠬᠤᠭᠤᠴᠠᠭ᠎ᠠ᠎ᠪᠠᠷ ᠠᠳᠬᠤᠵᠤ᠂ ᠦᠵᠡᠯ ᠰᠠᠨᠠᠭ᠎ᠠ ᠦᠵᠡᠯ ᠤᠬᠠᠮᠰᠠᠷ᠎ᠤᠨ ᠲᠠᠯ᠎ᠠ᠎ᠪᠠᠷ ᠰᠡᠷᠭᠡᠶ᠋ᠢᠯᠡᠯᠲᠡ ᠵᠢᠨ ᠱᠤᠭᠤᠮ᠎ᠢ ᠪᠠᠲᠤᠳᠬᠠᠬᠤ ᠮᠥᠷᠲᠡᠭᠡᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠲᠠᠯ᠎ᠠ᠎ᠪᠠᠷ ᠨᠠᠷᠢᠨ ᠪᠣᠳᠠᠲᠠᠶ ᠠᠳᠬᠤᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠰᠡᠷᠭᠡᠶ᠋ᠢᠯᠡᠨ ᠡᠵᠡᠮᠳᠡᠬᠦ ᠲᠣᠣᠷ ᠰᠦᠯᠵᠢᠶ᠎ᠡ ᠵᠢ ᠨᠢᠭᠲᠠ ᠪᠥᠭᠡᠳ ᠪᠠᠲᠤ ᠪᠡᠬᠢ ᠰᠦᠯᠵᠢᠬᠦ ᠬᠡᠷᠡᠭᠲᠡᠢ᠃
      ᠨᠢᠭᠡ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠤᠯᠠᠭ᠋ᠠᠨ ᠱᠤᠭᠤᠮ᠎ᠤᠨ ᠦᠵᠡᠯ ᠤᠬᠠᠮᠰᠠᠷ ᠪᠠ ᠬᠣᠷᠢᠭ᠎ᠠ ᠱᠤᠭᠤᠮ᠎ᠤᠨ ᠰᠡᠳᠬᠢᠬᠦᠶ ᠵᠢ ᠪᠠᠲᠤ ᠪᠠᠬᠢ ᠪᠣᠶ ᠪᠣᠯᠭ᠋ᠠᠨ᠎ᠠ
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠶᠡᠷᠦᠩᠬᠡᠶ ᠱᠦᠵᠢ ᠰᠢ ᠵᠢᠨ ᠫᠢᠩ ᠨᠠᠮ ᠪᠠ ᠤᠯᠤᠰ᠎ᠤᠨ ᠦᠢ᠍ᠯᠡᠰ᠎ᠤᠨ ᠬᠥᠭᠵᠢᠯᠲᠡ᠂ ᠠᠷᠠᠳ ᠲᠦᠮᠡᠨ᠎ᠤ ᠵᠣᠯ ᠵᠢᠷᠭ᠋ᠠᠯ ᠠᠮᠤᠷ ᠠᠮᠤᠭᠤᠯᠠᠩ ᠪᠠᠶ᠋ᠢᠬᠤ ᠤᠯᠤᠰ ᠲᠥᠷᠥ ᠵᠢᠨ ᠳᠡᠭᠡᠳᠦ ᠬᠡᠮᠵᠢᠶᠡᠨ᠎ᠠᠴᠠ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠶ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂ ᠲᠡᠷᠡ᠄ 《ᠬᠥᠮᠦᠨ᠎ᠤ ᠠᠮᠢ ᠨᠠᠰᠤ ᠪᠤᠯ ᠡᠷᠬᠢᠮ ᠲᠡᠭᠡᠳᠦ ᠶᠤᠮ᠂ ᠬᠥᠭᠵᠢᠯᠲᠡ᠎ᠨᠢ ᠬᠥᠮᠦᠨ᠎ᠤ ᠠᠮᠢ ᠨᠠᠰᠤ ᠵᠢ ᠦᠷᠡᠭᠳᠡᠭᠦᠯᠬᠦ᠎ᠪᠠᠷ ᠦᠨ᠎ᠡ ᠲᠥᠯᠥᠪᠦᠷᠢ ᠪᠣᠯᠭ᠋ᠠᠵᠤ ᠶᠠᠭ᠋ᠠᠬᠢᠭᠰᠠᠨ ᠴᠤ᠌ ᠪᠣᠯᠬᠤ ᠦᠭᠡᠶ᠂ ᠡᠭᠦᠨ᠎ᠢ ᠡᠷᠬᠡᠪᠰᠢ ᠵᠢᠷᠤᠮᠯᠠᠬᠤ ᠳᠠᠪᠠᠵᠤ ᠪᠣᠯᠤᠰᠢ ᠦᠭᠡᠢ ᠤᠯᠠᠭ᠋ᠠᠨ ᠱᠤᠭᠤᠮ ᠪᠣᠯᠭ᠋ᠠᠬᠤ ᠬᠡᠷᠡᠭᠲᠡᠢ》᠂ 《ᠡᠷᠬᠡᠪᠰᠢ ᠰᠡᠷᠡᠮᠵᠢ ᠵᠢᠨ ᠬᠤᠩᠬᠤ ᠵᠢ ᠪᠠᠶ᠋ᠢᠩᠭᠤ ᠳᠤᠤᠭ᠋ᠠᠷᠭ᠋ᠠᠵᠤ᠂ ᠴᠥᠬᠥᠷᠡᠰᠢ ᠦᠭᠡᠢ ᠴᠢᠩᠭ᠎ᠠ ᠠᠳᠬᠤᠵᠤ᠂ ᠥᠴᠦᠬᠡᠨ ᠴᠦ᠍ ᠰᠤᠯᠠᠷᠠᠭᠤᠯᠵᠤ ᠪᠣᠯᠬᠤ ᠦᠭᠡᠶ᠂ ᠲᠠᠯ᠎ᠠ ᠨᠢᠭᠡᠪᠦᠷᠢ᠂ ᠰᠠᠯᠠᠭ᠎ᠠ   ᠮᠦᠴᠢᠷ ᠨᠢᠭᠡᠪᠦᠷᠢ᠂ ᠠᠵᠤ ᠠᠬᠤᠶ᠋ᠢᠯᠠᠯ ᠨᠢᠭᠡᠪᠦᠷᠢ ᠵᠢ ᠴᠥᠮ ᠰᠤᠯᠠᠷᠠᠭᠤᠯᠵᠤ ᠪᠣᠯᠬᠤ ᠦᠭᠡᠶ᠂ ᠡᠰᠡ ᠲᠡᠭᠡᠪᠡᠯ ᠤᠯᠤᠰ ᠣᠷᠣᠨ ᠪᠠ ᠠᠷᠠᠳ ᠲᠦᠮᠡᠨ᠎ᠳᠤ ᠡᠭᠡᠭᠦᠯᠵᠦ ᠳᠡᠶ᠋ᠢᠯᠦᠰᠢ ᠦᠭᠡᠢ ᠬᠣᠬᠢᠷᠠᠯ ᠤᠴᠠᠷᠠᠭᠤᠯᠬᠤ ᠪᠣᠯᠤᠨ᠎ᠠ》᠂ 《ᠬᠠᠮᠢᠶᠠᠷᠤᠯᠲᠠ ᠵᠢᠨ ᠪᠠᠶ᠋ᠢᠭᠤᠯᠤᠯ᠎ᠢ ᠲᠦᠷᠭᠡᠪᠴᠢᠯᠡᠨ ᠲᠡᠭᠦᠯᠳᠡᠷᠵᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠠᠵᠢᠯ ᠲᠦᠷᠦᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠵᠢ ᠦᠨᠡᠨ ᠬᠦ᠌ ᠪᠡᠶᠡᠯᠡᠭᠦᠯᠬᠦ ᠬᠡᠷᠡᠭᠲᠡᠶ》 ᠭᠡᠵᠡᠢ᠃ ᠰᠢ ᠵᠢᠨ ᠫᠢᠩ ᠶᠡᠷᠦᠩᠬᠡᠢ ᠱᠦᠵᠢ ᠵᠢᠨ ᠰᠢᠷᠢᠰ ᠶᠠᠷᠢᠶ᠎ᠠ ᠪᠣᠯᠤᠨ ᠴᠢᠬᠤᠯᠠ ᠴᠣᠬᠣᠯᠠᠪᠤᠷᠢ᠎ᠳᠤ᠂ ᠠᠶᠤᠯ ᠦᠭᠡᠢ ᠦᠢ᠍ᠯᠡᠳᠪᠦᠷᠢᠯᠡᠯ᠎ᠤᠨ ᠤᠯᠠᠭ᠋ᠠᠨ ᠱᠤᠭᠤᠮ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠪᠣᠯᠤᠨ ᠠᠮᠤᠷ ᠲᠦᠪᠰᠢᠨ ᠵᠶ᠋ᠠᠷ ᠬᠥᠭᠵᠢᠭᠦᠯᠬᠦ ᠪᠠᠶ᠋ᠢᠯᠳᠤᠬᠤ ᠪᠤᠳᠤᠯᠭ᠎ᠠ ᠵᠡᠷᠭᠡ ᠴᠢᠬᠤᠯᠠ ᠶᠡᠬᠡ ᠤᠨᠤᠯ ᠪᠣᠯᠤᠨ ᠦᠢ᠍ᠯᠡᠳᠦᠯᠭᠡ ᠵᠢᠨ ᠠᠰᠠᠭᠤᠳᠠᠯ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠌ᠢ᠍ᠭᠡᠮ ᠵᠢᠷᠦᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠪᠤᠯᠵᠤ᠂ ᠮᠠᠨ᠎ᠤ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ ᠪᠣᠯᠤᠨ ᠠᠮᠤᠷ ᠲᠦᠪᠰᠢᠨ᠎ᠤ ᠬᠠᠮᠢᠶᠠᠷᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠵᠠᠢ᠃ ᠤᠰᠤᠨ ᠠᠰᠢᠭᠯᠠᠯᠳᠠ ᠵᠢᠨ ᠶᠠᠮᠤᠨ᠎ᠤ 4 ᠰᠠᠷ᠎ᠠ᠎ᠳᠤ ᠬᠤᠷᠠᠯᠳᠤᠭᠰᠠᠨ ᠠᠶᠤᠯ ᠦᠭᠡᠢ ᠦᠢ᠍ᠯᠡᠳᠪᠦᠷᠢᠯᠡᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠪᠣᠯ ᠰᠢᠨ᠎ᠡ ᠪᠠᠶ᠋ᠢᠳᠠᠯ ᠳᠣᠣᠷᠠᠬᠢ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠠᠬᠢᠨ ᠪᠠᠶ᠋ᠢᠷᠢᠯᠠᠭᠤᠯᠤᠯᠲᠠ᠂ ᠲᠠᠬᠢᠨ ᠲᠠᠢ᠌ᠢ᠍ᠴᠢᠯᠠᠯᠳᠠ ᠪᠠ ᠲᠠᠬᠢᠨ ᠨᠠᠶ᠋ᠢᠳᠠᠪᠤᠷᠢᠵᠢᠭᠤᠯᠤᠯᠲᠠ ᠪᠣᠯᠤᠨ᠎ᠠ᠃ ᠪᠢᠳᠡ ᠡᠷᠬᠡᠪᠰᠢ ᠠᠶᠤᠯ ᠦᠭᠡᠢ ᠦᠢ᠍ᠯᠡᠳᠪᠦᠷᠢᠯᠡᠯ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠴᠢᠨᠠᠷ᠎ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠤᠬᠠᠮᠰᠠᠷ᠎ᠠᠴᠠ᠎ᠪᠠᠨ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠶ ᠰᠢᠨ᠎ᠡ ᠱᠠᠭ᠋ᠠᠷᠳᠠᠯᠭ᠎ᠠ ᠳᠡᠭᠡᠷ᠎ᠡ ᠨᠢᠭᠡᠳᠬᠡᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠪᠠᠴᠢᠮ ᠲᠤᠯᠭ᠋ᠠᠮ᠎ᠠ ᠰᠡᠳᠬᠢᠯᠭᠡ᠎ᠪᠠᠨ ᠦᠨᠡᠨᠬᠦ ᠴᠢᠩᠭ᠋ᠠᠳᠬᠠᠵᠤ᠂ ᠠᠮᠤᠷ ᠲᠦᠪᠰᠢᠨ ᠵᠶ᠋ᠠᠷ ᠬᠥᠭᠵᠢᠭᠦᠯᠬᠦ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠦᠵᠡᠯ ᠵᠶ᠋ᠠᠨ ᠤᠬᠠᠮᠰᠠᠷ᠎ᠠᠴᠠ᠎ᠪᠠᠨ ᠴᠢᠩᠭ᠋ᠠᠳᠬᠠᠵᠤ᠂ ᠠᠮᠤᠷ ᠲᠦᠪᠰᠢᠨ᠎ᠤ ᠤᠯᠠᠭ᠋ᠠᠨ ᠱᠤᠭᠤᠮ᠎ᠤᠨ ᠬᠣᠷᠢᠭ᠎ᠠ ᠱᠤᠭᠤᠮ᠎ᠢ ᠢᠮᠠᠭᠲᠠ ᠬᠢᠴᠢᠶᠡᠩᠭᠦᠶ᠋ᠢᠯᠡᠨ ᠰᠠᠬᠢᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠤᠨ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠨ᠂ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠪᠠ ᠦᠨᠡᠨ᠎ᠢ ᠪᠠᠷᠢᠮᠲᠠᠯᠠᠨ ᠪᠣᠳᠠᠲᠠᠶ ᠵᠢ ᠡᠷᠬᠢᠮᠯᠡᠬᠦ ᠰᠤᠷᠲᠠᠯ ᠵᠶ᠋ᠠᠷ ᠳ᠋ᠸᠩ ᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ ᠪᠠ ᠠᠮᠤᠷ ᠲᠦᠪᠰᠢᠨ᠎ᠤ ᠬᠠᠮᠢᠶᠠᠷᠤᠯᠲᠠ ᠵᠢᠨ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ᠃
      ᠬᠣᠶᠠᠷ᠂ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠴᠢᠩᠭ᠎ᠠ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ
      ᠤᠷᠳᠤ ᠬᠤᠭᠤᠴᠠᠭ᠋ᠠᠨ᠎ᠤ ᠲᠤᠷᠰᠢ᠂ ᠮᠠᠨ᠎ᠤ ᠪᠠᠶ᠋ᠢᠭ᠋ᠠᠯᠢ ᠵᠢ ᠡᠷᠬᠡᠰᠢᠶᠡᠯ᠎ᠳᠡᠭᠡᠨ ᠣᠷᠣᠭᠤᠯᠵᠤ᠂ ᠪᠠᠶ᠋ᠢᠭ᠋ᠠᠯᠢ ᠵᠢ ᠥᠭᠡᠷᠡᠴᠢᠯᠡᠬᠦ ᠦᠵᠡᠯ ᠰᠠᠨᠠᠭ᠎ᠠ ᠪᠠᠲᠤ ᠪᠡᠬᠢ ᠦᠨᠳᠦᠰᠦ ᠰᠠᠭᠤᠷᠢ᠎ᠲᠠᠢ ᠪᠠᠶ᠋ᠢᠪᠠ᠃ ᠰᠢ ᠵᠢᠨ ᠫᠢᠩ ᠶᠡᠷᠦᠩᠬᠡᠶ       ᠱᠦᠵᠢ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠵᠢ ᠲᠣᠳᠣᠷᠬᠠᠶ ᠳᠤᠷᠠᠳᠤᠨ ᠭᠠᠷᠭ᠋ᠠᠵᠤ᠂ ᠬᠥᠮᠦᠨ᠎ᠤ ᠦᠢ᠍ᠯᠡ ᠠᠵᠢᠯᠯᠠᠭ᠎ᠠ ᠵᠢ ᠲᠣᠬᠢᠷᠠᠭᠤᠯᠵᠤ᠂ ᠬᠥᠮᠦᠨ᠎ᠤ ᠪᠤᠷᠤᠭᠤ ᠦᠢ᠍ᠯᠡ ᠠᠵᠢᠯᠯᠠᠭ᠎ᠠ ᠵᠢ ᠵᠠᠯᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠵᠠᠶ᠂ ᠡᠨᠡ ᠪᠣᠯ ᠰᠢᠨ᠎ᠡ ᠬᠠᠭᠤᠴᠢᠨ ᠤᠰᠤᠨ᠎ᠤ ᠠᠰᠠᠭᠤᠳᠠᠯ᠎ᠳᠤ ᠴᠢᠭᠯᠡᠭᠦᠯᠦᠨ ᠭᠠᠷᠭ᠋ᠠᠭᠰᠠᠨ ᠦᠨᠳᠦᠰᠦᠨ᠎ᠠᠴᠠ᠎ᠨᠢ ᠵᠠᠰᠠᠬᠤ ᠵᠣᠷ ᠮᠥᠨ᠂ ᠤᠯᠠᠮᠵᠢᠯᠠᠯᠲᠤ ᠤᠰᠤ ᠵᠠᠰᠠᠬᠤ ᠰᠡᠳᠬᠢᠴᠡ ᠵᠢᠨ ᠬᠤᠪᠢᠰᠬᠠᠯᠴᠢ ᠴᠢᠨᠠᠷ᠎ᠲᠠᠢ ᠬᠤᠪᠢᠷᠠᠭᠤᠯᠤᠯᠲᠠ ᠮᠥᠨ᠃ ᠶᠡᠷᠦᠩᠬᠡᠢ ᠬᠦᠭ ᠠᠶᠠᠰ ᠢᠯᠠᠩᠭᠤᠶ᠎ᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠭᠣᠣᠯ ᠬᠦᠭ ᠠᠶᠠᠰ᠎ᠢ ᠲᠣᠳᠣᠷᠬᠠᠶ᠋ᠢᠯᠠᠬᠤ᠎ᠨᠢ ᠮᠥᠨ ᠴᠢᠨᠠᠷ ᠳᠡᠭᠡᠷ᠎ᠡ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠱᠠᠭ᠋ᠠᠷᠳᠠᠯᠭ᠎ᠠ ᠶᠣᠰᠣᠭ᠋ᠠᠷ᠂ ᠤᠰᠤ ᠵᠠᠰᠠᠬᠤ ᠰᠡᠳᠬᠢᠴᠡ ᠵᠢᠨ ᠬᠤᠪᠢᠰᠬᠠᠯ᠎ᠢ ᠤᠰᠤᠨ ᠠᠰᠢᠭᠯᠠᠯᠲᠠ ᠵᠢᠨ ᠠᠵᠢᠯ᠎ᠳᠤ ᠲᠤᠤᠱᠯᠠᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠢ ᠪᠠᠶ᠋ᠢᠭᠤᠯᠬᠤ᠎ᠪᠠᠷ ᠭᠣᠣᠯ ᠪᠣᠯᠭ᠋ᠠᠵᠤ ᠪᠠᠶ᠋ᠢᠭᠰᠠᠨ᠎ᠠᠴᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠨᠡᠩ ᠴᠢᠬᠤᠯᠠᠴᠢᠯᠠᠬᠤ ᠪᠣᠯᠭ᠋ᠠᠨ ᠬᠤᠪᠢᠷᠠᠭᠤᠯᠬᠤ ᠶᠠᠪᠤᠳᠠᠯ ᠪᠣᠯᠤᠨ᠎ᠠ᠃
     (ᠨᠢᠭᠡ) ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠦᠨᠡᠨᠬᠦ ᠲᠥᠯᠬᠢᠨ ᠠᠬᠢᠭᠤᠯᠬᠤ ᠬᠡᠷᠡᠭᠲᠡᠶ᠃ ᠨᠢᠭᠡ᠎ᠳᠤ᠂ ᠠᠵᠢᠯ᠎ᠤᠨ ᠣᠨᠴᠠᠯᠢᠭ ᠪᠣᠯᠤᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠲᠠᠢ ᠨᠢᠭᠲᠠ ᠤᠶᠠᠯᠳᠤᠭᠤᠯᠵᠤ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠣᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ》᠂ 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ》 ᠵᠡᠷᠭᠡ ᠬᠠᠷᠢᠭᠤᠴᠠᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠠᠵᠢᠯ᠎ᠤᠨ ᠪᠠᠶ᠋ᠢᠷᠢ ᠵᠢᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠭᠲᠠᠭ᠋ᠠᠬᠤ ᠵᠢᠨ ᠬᠠᠮᠲᠤ ᠱᠠᠲᠤ ᠱᠠᠲᠤ᠎ᠪᠠᠷ ᠠᠶᠤᠯ ᠦᠭᠡᠢ ᠦᠢ᠍ᠯᠡᠳᠪᠦᠷᠢᠯᠡᠯ ᠪᠠ ᠠᠮᠤᠷ ᠲᠦᠪᠰᠢᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ ᠠᠮᠤᠷ ᠲᠦᠪᠰᠢᠨ᠎ᠤ ᠬᠠᠷᠢᠭᠤᠴᠠᠯᠭ᠎ᠠ ᠵᠢ ᠪᠦᠬᠦᠨ᠎ᠢ ᠬᠠᠮᠤᠷᠬᠤ ᠵᠢ ᠬᠦᠴᠦᠯᠡᠨ ᠪᠡᠶᠡᠯᠡᠭᠦᠯᠦᠨ᠎ᠡ᠃ ᠬᠣᠶᠠᠷ᠎ᠲᠤ᠂ ᠲᠣᠪᠴᠢᠶᠠᠨ᠎ᠳᠤ ᠬᠠᠷᠢᠶᠠᠯᠠᠭᠳᠠᠬᠤ ᠡᠯ᠎ᠡ ᠰᠠᠯᠠᠭ᠎ᠠ ᠮᠥᠴᠢᠷ᠎ᠤᠨ᠎ᠬᠢᠨ   ᠲᠣᠪᠴᠢᠶᠠᠨ᠎ᠤ ᠨᠠᠮ᠎ᠤᠨ   ᠬᠣᠷᠢᠶᠠᠨ᠎ᠤ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠠᠶᠤᠯ ᠦᠭᠡᠢ ᠦᠢ᠍ᠯᠡᠳᠪᠦᠷᠢᠯᠡᠯ᠎ᠢ ᠬᠠᠮᠢᠶᠠᠷᠬᠤ ᠪᠠᠢ᠌ᠭᠤᠯᠤᠮᠵᠢ ᠵᠢ ᠴᠢᠨᠠᠭᠰᠢᠳᠠ ᠪᠦᠷᠢᠨᠰᠢᠬᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠶᠤᠯ ᠦᠭᠡᠢ ᠦᠢ᠍ᠯᠡᠳᠪᠦᠷᠢᠯᠡᠯ ᠎ᠤᠨ ᠲᠦᠷᠢᠮ ᠲᠣᠭᠲᠠᠭ᠋ᠠᠯ ᠪᠣᠯᠤᠨ ᠠᠵᠢᠯᠯᠠᠬᠤ ᠳᠦᠷᠢᠮ ᠎ᠢ ᠲᠡᠭᠦᠯᠳᠡᠷᠵᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠣᠷᠣᠭᠤᠯᠤᠯᠲᠠ ᠵᠢ ᠨᠡᠮᠡᠭᠳᠡᠭᠦᠯᠵᠦ᠂ ᠠᠮᠤᠷ ᠲᠦᠪᠰᠢᠨ᠎ᠤ ᠬᠠᠷᠢᠭᠤᠴᠠᠯᠭ᠎ᠠ᠂ ᠬᠠᠮᠢᠶᠠᠷᠤᠯᠲᠠ᠂ ᠣᠷᠣᠭᠤᠯᠤᠯᠲᠠ᠂ ᠪᠣᠯᠪᠠᠰᠤᠷᠠᠭᠤᠯᠤᠯ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠠᠪᠤ ᠵᠢ ᠨᠠᠶ᠋ᠢᠳᠠᠪᠤᠷᠢᠵᠢᠭᠤᠯᠵᠤ᠂ ᠠᠵᠢᠯ᠎ᠤᠨ ᠬᠠᠷᠢᠭᠤᠴᠠᠯᠭ᠎ᠠ᠎ᠪᠠᠨ ᠴᠢᠩᠭ᠎ᠠ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠭᠤᠷᠪᠠ᠎ᠳᠤ ᠡᠯ᠎ᠡ   ᠨᠢᠭᠡᠴᠡ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠬᠠᠮᠢᠶᠠᠷᠤᠯᠲᠠ ᠵᠢᠨ ᠲᠣᠪᠴᠢᠶ᠎ᠠ ᠵᠢᠨ ᠡᠯ᠎ᠡ   ᠨᠢᠭᠡᠴᠡ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠨᠠᠷᠢᠨ ᠲᠠᠩᠰᠠ ᠪᠠ ᠡᠷᠬᠡ ᠵᠢᠨ ᠨᠠᠷᠢᠨ ᠲᠠᠩᠰᠠ ᠵᠢ ᠪᠠᠶ᠋ᠢᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠨ᠎ᠡ᠃ ᠲᠦᠷᠪᠡ᠎ᠳᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠤᠨ ᠬᠢᠨᠠᠨ ᠰᠢᠯᠭ᠋ᠠᠬᠤ ᠠᠷᠭ᠎ᠠ ᠵᠢ ᠲᠣᠭᠲᠠᠭ᠋ᠠᠨ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠊ᠤᠨᠨ ᠬᠢᠨᠠᠨ ᠰᠢᠯᠭ᠋ᠠᠬᠤ ᠠᠭᠤᠯᠭ᠎ᠠ᠂ ᠪᠠᠷᠢᠮᠵᠢᠶ᠎ᠠ ᠬᠤᠪᠢ ᠣᠯᠭᠣᠬᠤ ᠵᠡᠷᠭᠡ ᠵᠢ ᠲᠡᠭᠦᠯᠳᠡᠷᠵᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠠᠮᠵᠢᠯᠲᠠ ᠪᠦᠲᠦᠮᠵᠢ ᠬᠢᠭᠡᠳ ᠲᠤᠰᠢᠶᠠᠯ ᠵᠶ᠋ᠠᠨ ᠭᠦᠢ᠍ᠴᠡᠳᠬᠡᠭᠰᠡᠨ ᠪᠠᠢ᠌ᠢ᠍ᠳᠠᠯ᠎ᠢ ᠬᠢᠨᠠᠨ ᠲᠣᠭᠲᠠᠭ᠋ᠠᠬᠤ᠂ ᠲᠤᠰᠢᠶᠠᠯ ᠳᠡᠪᠰᠢᠭᠦᠯᠬᠦ᠂ ᠱᠠᠩᠨᠠᠵᠤ ᠰᠢᠢ᠍ᠳᠬᠡᠬᠦ ᠲᠦᠷᠢᠮ᠎ᠢ ᠪᠠᠶ᠋ᠢᠭᠤᠯᠤᠨ᠂ 《ᠨᠢᠭᠡ ᠪᠢᠯᠧᠲ ᠵᠶ᠋ᠠᠷ ᠦᠭᠡᠶ᠋ᠢᠰᠬᠡᠬᠦ》 ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠲᠠᠪᠤ᠎ᠳᠤ ᠦᠢ᠍ᠯᠡᠳᠪᠦᠷᠢᠯᠡᠯ᠎ᠤᠨ ᠠᠶᠤᠯ ᠦᠭᠡᠢ ᠵᠢᠨ ᠡ᠊ᠨᠳᠡᠯ᠎ᠢ ᠬᠢᠨᠠᠨ ᠵᠢᠯᠣᠭᠣᠳᠬᠤ ᠡᠷᠴᠢᠮ ᠵᠶ᠋ᠠᠨ ᠴᠢᠩᠭ᠋ᠠᠷᠠᠭᠤᠯᠵᠤ᠂ 《ᠲᠦᠷᠪᠡ ᠵᠢ ᠰᠤᠯᠠᠷᠠᠭᠤᠯᠬᠤ ᠦᠭᠡᠢ》 ᠵᠠᠷᠴᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠡ᠊ᠨᠳᠡᠯ᠎ᠢ ᠪᠠᠶ᠋ᠢᠴᠠᠭ᠋ᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠳᠠᠯᠠᠨ᠎ᠠ᠃ ᠨᠡᠶ᠋ᠢᠲᠡᠯᠢᠭ ᠡ᠊ᠨᠳᠡᠯ᠎ᠢ ᠵᠠᠷᠯᠠᠨ ᠮᠡᠳᠡᠭᠳᠡᠵᠦ᠂ ᠡ᠊ᠨᠳᠡᠯ᠎ᠤᠨ ᠰᠢᠯᠲᠠᠭ᠋ᠠᠨ᠎ᠢ ᠵᠠᠳᠠᠯᠬᠤ ᠪᠠ ᠵᠢᠮ᠎ᠡ ᠶᠣᠰᠤᠴᠢ ᠴᠢᠨᠠᠷ᠎ᠤᠨ ᠰᠤᠳᠤᠯᠭ᠋ᠠᠨ᠎ᠢ ᠴᠢᠬᠤᠯᠠᠴᠢᠯᠠᠨ᠂ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ ᠵᠢ ᠰᠢᠪᠠᠳᠠᠵᠤ᠂ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠨ᠂ ᠠᠳᠠᠯᠢ ᠲᠦᠷᠦᠯ᠎ᠤᠨ ᠡ᠊ᠨᠳᠡᠯ᠎ᠤᠨ ᠲᠠᠬᠢᠨ ᠡᠭᠦᠰᠬᠦ ᠵᠢ ᠴᠢᠩᠭ᠎ᠠ ᠰᠡᠷᠭᠡᠶ᠋ᠢᠯᠡᠨ᠎ᠡ᠃
     (ᠬᠣᠶᠠᠷ) ᠭᠣᠣᠯᠳᠠᠯᠭ᠎ᠠ᠎ᠲᠠᠢ ᠬᠦᠷᠢᠶ᠎ᠡ ᠵᠢ   ᠳᠣᠪᠣᠢ᠌ᠯᠭ᠋ᠠᠨ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠨᠢᠭᠡ᠎ᠳᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠤ ᠠᠶᠤᠯ ᠥᠭᠡᠢ ᠵᠢᠨ ᠬᠠᠮᠢᠶᠠᠷᠤᠯᠲᠠ ᠵᠢ ᠴᠢᠨᠭ᠌ᠭ᠋ᠠᠳᠬᠠᠨ᠎ᠠ᠃ ᠤᠰᠤᠨ ᠠᠰᠢᠭᠯᠠᠯᠲᠠ ᠵᠢᠨ ᠪᠡᠯᠡᠳᠬᠡᠮᠵᠢ ᠵᠢᠨ ᠲᠣᠭᠣᠷᠢᠨ ᠪᠠᠶ᠋ᠢᠴᠠᠭ᠋ᠠᠬᠤ ᠲᠦᠷᠢᠮ᠎ᠢ ᠪᠠᠶ᠋ᠢᠭᠤᠯᠵᠤ᠂ ᠰᠤᠪᠠᠭ ᠳᠠᠯᠠᠩ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠪᠠ ᠡᠳᠦᠷ ᠲᠤᠲᠤᠮ᠎ᠤᠨ ᠬᠠᠷᠠᠵᠤ ᠬᠠᠮᠠᠭ᠋ᠠᠯᠠᠬᠤ ᠲᠣᠭᠣᠷᠢᠨ ᠪᠠᠶ᠋ᠢᠴᠠᠭ᠋ᠠᠬᠤ ᠵᠢ ᠴᠢᠩᠭ᠋ᠠᠳᠬᠠᠨ᠂ ᠬᠠᠭ᠋ᠠᠯᠲᠠ᠂ ᠨᠡᠭᠡᠭᠡᠵᠦ ᠬᠠᠭ᠋ᠠᠬᠤ ᠮᠠᠰᠢᠨ ᠵᠡᠷᠭᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠥᠨᠢᠳᠡ ᠵᠢᠨ ᠲᠥᠬᠥᠭᠡᠷᠦᠮᠵᠢ ᠵᠢᠨ ᠬᠡᠷᠡᠭᠯᠡᠯᠲᠡ ᠪᠠ ᠬᠠᠮᠠᠭ᠋ᠠᠯᠠᠯᠲᠠ ᠵᠢᠨ ᠲᠦᠷᠢᠮ᠎ᠢ ᠪᠦᠷᠢᠨᠰᠢᠬᠦᠯᠬᠦ ᠵᠢᠨ ᠬᠠᠮᠲᠤ ᠬᠠᠮᠢᠶᠠᠷᠤᠯᠳᠠ ᠵᠢᠨ ᠬᠠᠭ᠋ᠠᠯᠲᠠ ᠵᠢᠨ ᠤᠰᠤᠨ ᠠᠰᠢᠭᠯᠠᠯᠲᠠ ᠵᠢᠨ ᠪᠠᠷᠢᠯᠭ᠎ᠠ ᠲᠡᠭᠡᠷ᠎ᠡ ᠰᠡᠷᠡᠮᠵᠢᠯᠡᠬᠦᠯᠬᠦ ᠲᠤᠬᠢᠶ᠎ᠠ ᠲᠡᠮᠳᠡᠭ ᠭᠠᠷᠭ᠋ᠠᠨ᠎ᠠ᠃ ᠵᠢᠯ᠎ᠤᠨ ᠳᠣᠲᠣᠷ᠎ᠠ ᠲᠣᠪᠴᠢᠶ᠎ᠠ ᠵᠢᠨ ᠦᠢᠯᠡᠳᠪᠦᠷᠢᠯᠡᠯ᠎ᠤᠨ       ᠰᠠᠯᠠᠭ᠎ᠠ᠂ ᠦᠨᠳᠦᠰᠦᠨ ᠱᠠᠲᠤᠨ᠎ᠤ ᠨᠢᠭᠡᠴᠢ ᠪᠠᠢ᠌ᠭᠤᠯᠭ᠎ᠠ ᠵᠢ ᠵᠣᠬᠢᠶᠠᠨ ᠪᠠᠶ᠋ᠢᠭᠤᠯᠵᠤ ᠬᠥᠭᠡᠷᠭᠡ ᠵᠢᠨ ᠥᠷᠲᠡᠭᠡ᠂ ᠰᠤᠪᠠᠭ᠎ᠤᠨ ᠳᠠᠯᠠᠩ᠂ ᠤᠰᠤᠨ ᠬᠠᠭ᠋ᠠᠯᠲᠠ᠎ᠳᠤ ᠨᠢᠭᠡᠳ ᠨᠢᠭᠡ᠎ᠪᠠᠷ ᠵᠢᠭᠰᠠᠭ᠋ᠠᠨ ᠪᠠᠶ᠋ᠢᠴᠠᠭ᠋ᠠᠵᠤ᠂ ᠵᠢᠭᠰᠠᠭ᠋ᠠᠨ ᠪᠠᠶ᠋ᠢᠴᠠᠭ᠋ᠠᠵᠤ ᠭᠠᠷᠭ᠋ᠠᠭᠰᠠᠨ ᠠᠰᠠᠭᠤᠳᠠᠯ᠎ᠳᠤ ᠴᠢᠭᠯᠡᠭᠦᠯᠦᠨ ᠵᠢᠷᠤᠮᠵᠢᠯ ᠪᠠᠷᠢᠮᠵᠢᠶ᠎ᠠ ᠶᠣᠰᠣᠭ᠋ᠠᠷ ᠦᠨᠡᠨ ᠬᠦ᠌ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠢ᠃ ᠬᠣᠶᠠᠷ᠎ᠲᠤ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ ᠬᠠᠷᠢᠭᠤᠴᠠᠯᠭ᠎ᠠ ᠵᠢᠨ ᠳᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠪᠴᠢᠶᠠᠨ ᠳᠠᠷᠤᠭ᠎ᠠ᠎ᠪᠠᠷ ᠭᠣᠣᠯ ᠬᠠᠷᠢᠭᠤᠴᠠᠯᠭ᠋ᠠᠲᠠᠨ ᠵᠶ᠋ᠠᠨ ᠪᠣᠯᠭ᠋ᠠᠭᠰᠠᠨ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ ᠵᠢᠯᠣᠭᠣᠳᠬᠤ ᠭᠠᠵᠠᠷ᠎ᠢ ᠪᠠᠶ᠋ᠢᠭᠤᠯᠵᠤ᠂ ᠲᠣᠪᠴᠢᠶ᠎ᠠ᠎ᠳᠤ ᠬᠠᠷᠢᠶᠠᠯᠠᠭᠳᠠᠬᠤ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠤᠰᠤ ᠭᠠᠩ᠎ᠤᠨ ᠭᠠᠮᠰᠢᠭ᠎ᠢ   ᠰᠡᠷᠭᠡᠢ᠌ᠯᠡᠬᠦ ᠪᠠ ᠤᠰᠤᠨ ᠴᠥᠭᠥᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠥᠷᠨᠢᠭᠦᠯᠦᠨ᠂ ᠤᠰᠤ ᠭᠠᠩ᠎ᠤᠨ ᠭᠠᠮᠰᠢᠭ᠎ᠢ   ᠰᠡᠷᠭᠡᠢ᠌ᠯᠡᠬᠦ ᠡᠯ᠎ᠡ ᠵᠦᠢᠯ᠎ᠤᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠠᠷᠢᠭᠤᠴᠠᠯᠭ᠋ᠠᠳᠤ ᠬᠥᠮᠦᠨ ᠪᠠ ᠡᠳ᠋ ᠪᠣᠳᠠᠰ᠎ᠢ ᠪᠣᠳᠠᠲᠠᠶ᠋ᠢᠵᠢᠭᠤᠯᠵᠤ᠂ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠦᠶᠡᠷ᠎ᠢ ᠰᠡᠷᠭᠡᠶ᠋ᠢᠯᠡᠨ ᠠᠮᠤᠷ᠎ᠢ ᠬᠠᠮᠠᠭ᠋ᠠᠯᠠᠬᠤ ᠬᠦᠨᠳᠦ ᠡᠭᠦᠷᠭᠡ ᠵᠢ ᠦᠨᠡᠨ ᠬᠦ᠌ ᠡᠭᠦᠷᠭᠡᠯᠡᠬᠦ ᠬᠡᠷᠡᠭᠲᠡᠶ᠃ ᠭᠤᠷᠪᠠ᠎ᠳᠤ ᠤᠯᠤᠰ   ᠪᠠᠢ᠌ᠭᠤᠯᠤᠭᠳᠠᠭᠰᠠᠨ ᠪᠠᠶᠠᠷ᠂ ᠵᠢᠯ᠎ᠤᠨ ᠡᠴᠦᠰ ᠵᠢᠯ᠎ᠤᠨ ᠡᠬᠢᠨ ᠵᠡᠷᠭᠡ ᠴᠢᠬᠤᠯᠠ ᠴᠠᠭ ᠬᠤᠭᠤᠴᠠᠭ᠎ᠠ ᠪᠠ ᠴᠢᠬᠤᠯᠠ ᠶᠡᠬᠡ ᠠᠵᠢᠯᠯᠠᠭ᠎ᠠ ᠵᠢᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠵᠦ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠢ ᠲᠣᠭᠣᠷᠢᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠵᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠲᠠᠶ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠶᠡᠷᠦᠩᠬᠡᠶ᠋ᠢᠯᠡᠭᠰᠡᠨ ᠵᠠᠰᠠᠯᠲᠠ ᠵᠢ ᠪᠥᠬᠥ ᠲᠠᠯ᠎ᠠ᠎ᠪᠠᠷ ᠥᠷᠨᠢᠭᠦᠯᠵᠦ᠂ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠠᠮᠤᠷ ᠲᠦᠪᠰᠢᠨ᠎ᠢ ᠬᠠᠮᠠᠭ᠋ᠠᠯᠠᠬᠤ᠂ ᠵᠢᠵᠢᠭᠦᠷᠯᠡᠵᠦ ᠲᠣᠭᠣᠷᠢᠨ ᠪᠠᠶ᠋ᠢᠴᠠᠭ᠋ᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠢ ᠴᠢᠩᠭ᠋ᠠᠷᠠᠭᠤᠯᠤᠨ᠂ ᠡᠯ᠎ᠡ ᠲᠥᠷᠥᠯ᠎ᠤᠨ ᠦᠢᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠢ ᠰᠡᠷᠭᠡᠶ᠋ᠢᠯᠡᠨ᠎ᠡ᠃
     (ᠭᠤᠷᠪᠠ) ᠠᠶᠤᠯ ᠦᠭᠡᠢ ᠦᠢ᠍ᠯᠡᠳᠪᠦᠷᠢᠯᠡᠯ᠎ᠤᠨ ᠤᠬᠠᠭᠤᠯᠭ᠎ᠠ ᠬᠥᠮᠦᠵᠢᠯ᠎ᠤᠨ ᠪᠣᠯᠪᠠᠰᠤᠷᠠᠭᠤᠯᠤᠯ᠎ᠢ ᠭᠦᠨᠵᠡᠭᠡᠶ ᠥᠷᠨᠢᠭᠦᠯᠵᠦ᠂ ᠪᠥᠬᠥ ᠠᠵᠢᠯᠲᠠᠨ᠎ᠤ ᠠᠮᠤᠷ ᠲᠦᠪᠰᠢᠨ᠎ᠤ ᠦᠵᠡᠯ ᠤᠬᠠᠮᠰᠠᠷ᠎ᠢ ᠳᠡᠭᠡᠭᠰᠢᠯᠡᠭᠦᠯᠦᠨ᠎ᠡ᠃ 《ᠡᠨᠳᠡᠯ᠎ᠤᠨ ᠳᠠᠯᠳᠠ ᠬᠡᠮ᠎ᠢ ᠠᠷᠢᠯᠭ᠋ᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠠᠶ᠋ᠢᠭᠤᠯᠬᠤ》᠎ᠪᠠᠷ ᠭᠣᠤᠯ ᠰᠡᠳᠦᠪ ᠪᠣᠯᠭ᠋ᠠᠭᠰᠠᠨ 《ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ》 ᠪᠠ 《ᠠᠶᠤᠯ ᠦᠭᠡᠢ ᠦᠢ᠍ᠯᠡᠳᠪᠦᠷᠢᠯᠡᠯ ᠲᠦᠮᠡᠨ ᠭᠠᠵᠠᠷ ᠠᠶᠠᠯᠠᠬᠤ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠩᠭᠤᠵᠢᠭᠰᠠᠨ ᠨᠥᠬᠥᠴᠡᠯ ᠳᠣᠤᠷ᠎ᠠ ᠠᠶᠤᠯ ᠦᠭᠡᠢ ᠦᠢ᠍ᠯᠡᠳᠪᠦᠷᠢᠯᠡᠯ ᠪᠠ ᠲᠤᠰᠬᠠᠶ ᠵᠦᠢᠯ ᠵᠶ᠋ᠠᠷ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠬᠤ ᠵᠢ ᠪᠣᠳᠣᠯᠬᠢᠯᠠᠨ᠂ ᠡᠯ᠎ᠡ ᠰᠠᠯᠠᠭ᠎ᠠ ᠮᠥᠴᠢᠷ᠎ᠤᠨ ᠠᠮᠤᠷ ᠲᠦᠪᠰᠢᠨ ᠵᠶ᠋ᠠᠷ ᠬᠥᠭᠵᠢᠭᠦᠯᠬᠦ ᠣᠨᠣᠯᠵᠢᠬᠤᠨ᠎ᠢ ᠪᠠᠲᠤ ᠪᠣᠶ ᠪᠣᠯᠭ᠋ᠠᠬᠤ ᠵᠢ ᠠᠬᠢᠭᠤᠯᠤᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ᠎ᠢ ᠨᠢᠭᠡ ᠵᠦᠢ᠍ᠯ᠎ᠤᠨ ᠤᠷᠳᠤ ᠬᠤᠭᠤᠴᠠᠭ᠋ᠠᠨ᠎ᠤ ᠭᠣᠣᠯᠳᠠᠯᠭ᠎ᠠ᠎ᠲᠠᠢ ᠠᠵᠢᠯ ᠪᠣᠯᠭ᠋ᠠᠵᠤ᠂ ᠪᠥᠬᠥ ᠠᠵᠢᠯᠳᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠪᠣᠯᠪᠠᠰᠤᠷᠠᠭᠤᠯᠤᠯ᠎ᠢ ᠥᠷᠨᠢᠭᠦᠯᠬᠦ ᠬᠡᠷᠡᠭᠲᠡᠶ᠃ 《ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ》 ᠪᠣᠯᠤᠨ 《ᠠᠶᠤᠯ ᠦᠭᠡᠢ ᠦᠢ᠍ᠯᠡᠳᠪᠦᠷᠢᠯᠡᠯ ᠲᠦᠮᠡᠨ ᠭᠠᠵᠠᠷ ᠠᠶᠠᠯᠠᠬᠤ》 ᠠᠵᠢᠯᠯᠠᠭ᠎ᠠ᠎ᠲᠠᠢ ᠤᠶᠠᠯᠳᠤᠭᠤᠯᠤᠨ᠂ ᠣᠯᠠᠨ ᠵᠦᠢ᠍ᠯ᠎ᠤᠨ ᠬᠡᠯᠪᠡᠷᠢ ᠵᠢᠨ ᠬᠥᠮᠦᠵᠢᠯ ᠪᠣᠯᠪᠠᠰᠤᠷᠠᠯ᠎ᠤᠨ ᠠᠵᠢᠯᠯᠠᠭ᠎ᠠ ᠥᠷᠨᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠰᠣᠷᠢᠯᠲᠠ᠂ ᠠᠶᠤᠯ ᠦᠭᠡᠢ ᠦᠢ᠍ᠯᠡᠳᠪᠦᠷᠢᠯᠡᠯ᠎ᠤᠨ ᠶᠠᠷᠢᠶᠠᠨ᠎ᠤ ᠲᠠᠩᠬᠢᠮ ᠪᠣᠯᠤᠨ ᠠᠮᠤᠷ ᠲᠦᠪᠰᠢᠨ᠎ᠤ ᠶᠠᠷᠢᠯᠴᠠᠬᠤ ᠬᠤᠷᠠᠯ᠂ ᠠᠮᠤᠷ ᠲᠦᠪᠰᠢᠨ᠎ᠤ ᠪᠣᠯᠪᠠᠰᠤᠷᠠᠯ ᠵᠡᠷᠭᠡ ᠵᠢ ᠥᠷᠨᠢᠭᠦᠯᠵᠦ᠂ ᠠᠶᠤᠯ ᠥᠭᠡᠢ ᠵᠢᠨ ᠬᠥᠮᠦᠵᠢᠯ ᠪᠣᠯᠪᠠᠰᠤᠷᠠᠭᠤᠯᠤᠯ᠎ᠤᠨ ᠪᠠᠶ᠋ᠢᠳᠠᠯ᠎ᠢ ᠬᠢᠨᠠᠨ ᠰᠢᠯᠭ᠋ᠠᠬᠤ ᠴᠢᠬᠤᠯᠠ ᠠᠭᠤᠯᠭ᠎ᠠ ᠪᠣᠯᠭ᠋ᠠᠨ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠤᠷᠠᠭᠤᠯᠤᠯ ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠠᠵᠢᠯᠳᠠᠳ᠎ᠤᠨ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠂ ᠥᠪᠡᠷ᠎ᠢ᠎ᠪᠠᠨ ᠬᠠᠮᠠᠭ᠋ᠠᠯᠠᠬᠤ ᠦᠵᠡᠯ ᠤᠬᠠᠮᠰᠠᠷ ᠬᠢᠭᠡᠳ ᠰᠡᠷᠭᠡᠶ᠋ᠢᠯᠡᠨ ᠬᠠᠮᠠᠭ᠋ᠠᠯᠠᠬᠤ ᠮᠡᠷᠭᠡᠵᠢᠯ᠎ᠤᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ   ᠰᠠᠢ᠌ᠨ ᠰᠠᠶ᠋ᠢᠬᠠᠨ ᠣᠷᠴᠢᠨ᠎ᠢ ᠪᠤᠢ ᠪᠣᠯᠭ᠋ᠠᠬᠤ ᠬᠡᠷᠡᠭᠲᠡᠶ᠃
      ᠭᠤᠷᠪᠠ᠂ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠰᠢᠰᠲ᠋ᠧᠮᠵᠢ ᠵᠢ ᠬᠦᠴᠦᠯᠡᠨ ᠪᠠᠶ᠋ᠢᠭᠤᠯᠵᠤ᠂ ᠠᠮᠤᠷ ᠲᠦᠪᠰᠢᠨ᠎ᠤ ᠲᠦᠭᠰᠢᠭᠦᠷᠢ ᠵᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠎ᠠ
      ᠨᠢᠭᠡ᠎ᠳᠤ ᠡᠯ᠎ᠡ ᠨᠢᠭᠡᠴᠡ ᠵᠢᠨ ᠠᠶᠤᠯ᠎ᠤᠨ ᠡᠬᠢ ᠰᠤᠷᠪᠤᠯᠵᠢ ᠵᠢᠨ ᠨᠠᠷᠢᠨ ᠲᠠᠩᠰᠠ᠂ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ (ᠦᠶᠡᠷ᠎ᠢ ᠰᠡᠷᠭᠡᠶ᠋ᠢᠯᠡᠬᠦ ᠪᠠᠴᠢᠮ   ᠪᠠᠢ᠌ᠳᠠᠯ᠎ᠢ ᠠᠷᠭ᠋ᠠᠴᠠᠬᠤ ᠲᠥᠰᠦᠯ᠂ ᠭᠠᠯ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠂ ᠤᠰᠤᠨ᠎ᠳᠤ   ᠵᠢᠪᠬᠦ ᠵᠢ   ᠰᠡᠷᠭᠡᠢ᠌ᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠂ ᠥᠨᠳᠥᠷ᠎ᠠᠴᠠ ᠤᠨᠠᠬᠤ ᠵᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠂ ᠦᠶᠡᠷ᠎ᠢ ᠰᠡᠷᠭᠡᠢ᠌ᠯᠡᠬᠦ ᠦᠶᠡᠷ᠎ᠢ ᠪᠤᠴᠠᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠂ ᠪᠤᠷᠤᠭ᠋ᠠᠨ᠎ᠤ ᠤᠰᠤ ᠵᠢ ᠰᠠᠯᠭ᠋ᠠᠨ ᠤᠷᠤᠰᠬᠠᠬᠤ ᠲᠥᠰᠦᠯ) ᠪᠣᠯᠤᠨ 《ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠭᠠᠷ ᠳᠡᠪᠲᠡᠷ》᠎ᠢ   ᠨᠠᠢ᠌ᠷᠠᠭᠤᠯᠤᠨ᠎ᠠ᠃ ᠡᠯ᠎ᠡ ᠵᠦᠢᠯ᠎ᠤᠨ ᠠᠮᠤᠷ ᠲᠦᠪᠰᠢᠨ᠎ᠤ   ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ (ᠢᠨᠵᠧᠨᠧᠷᠢᠩ᠎ᠤᠨ ᠲᠣᠭᠣᠷᠢᠨ ᠪᠠᠶ᠋ᠢᠴᠠᠭ᠋ᠠᠬᠤ ᠲᠦᠷᠢᠮ᠂ ᠴᠠᠬᠢᠯᠭ᠋ᠠᠨ ᠬᠡᠷᠡᠭᠯᠡᠬᠦ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ᠂ ᠠᠶᠤᠯᠲᠠᠶ ᠪᠣᠳᠠᠰ ᠵᠢᠴᠢ ᠬᠦᠨᠳᠦ ᠶᠡᠬᠡ ᠠᠶᠤᠯ᠎ᠤᠨ ᠡᠬᠢ ᠰᠤᠷᠪᠤᠯᠵᠢ ᠵᠢᠨ ᠬᠠᠮᠢᠶᠠᠷᠤᠯᠲᠠ᠂ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠴᠢ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠲᠦᠷᠢᠮ᠂ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠦᠷᠢᠮ᠂ ᠠᠮᠤᠷ ᠲᠦᠪᠰᠢᠨ᠎ᠤ ᠠᠵᠢᠯᠯᠠᠬᠤ ᠳᠦᠷᠢᠮ᠂ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢᠴᠢ ᠡᠨᠳᠡᠯ᠎ᠤᠨ ᠬᠠᠮᠢᠶᠠᠷᠤᠯᠲᠠ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠵᠤ ᠱᠠᠩᠨᠠᠵᠤ ᠲᠣᠷᠭ᠋ᠠᠬᠤ) ᠵᠢ ᠨᠠᠶ᠋ᠢᠳᠠᠪᠤᠷᠢᠵᠢᠭᠤᠯᠤᠨ᠎ᠠ᠃ ᠪᠣᠯᠪᠠᠰᠤᠷᠠᠭᠤᠯᠤᠯ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ᠂ ᠪᠠᠴᠢᠮ ᠪᠠᠶ᠋ᠢᠳᠠᠯ᠎ᠤᠨ ᠳᠣᠣᠷᠠᠬᠢ ᠠᠷᠭ᠋ᠠᠴᠠᠨ ᠰᠢᠢᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠠᠶᠤᠯ ᠦᠭᠡᠢ ᠦᠢ᠍ᠯᠡᠳᠪᠦᠷᠢᠯᠡᠯ ᠠᠵᠢᠯ᠎ᠤᠨ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠨᠢᠭᠡᠴᠢ ᠵᠢᠨ ᠭᠠᠯ ᠤᠨᠲᠠᠷᠠᠭ᠋ᠠᠬᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠠᠵᠢᠯ᠎ᠢ ᠴᠢᠩᠭ᠋ᠠᠳᠬᠠᠬᠤ ᠬᠡᠷᠡᠭᠲᠡᠶ᠃ ᠬᠣᠶᠠᠷ᠎ᠲᠤ 《ᠬᠦᠨᠳᠦ ᠣᠨᠴᠠ ᠶᠡᠬᠡ ᠡ᠊ᠨᠳᠡᠯ᠎ᠢ ᠬᠣᠷᠢᠭᠯᠠᠬᠤ ᠵᠠᠰᠠᠬᠤ ᠠᠵᠢᠯ᠎ᠤᠨ ᠵᠦᠭᠯᠡᠭᠦᠷ》᠎ᠤᠨ ᠱᠠᠭ᠋ᠠᠷᠳᠠᠯᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ   ᠲᠦᠭᠰᠢᠭᠦᠷᠢ ᠵᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠲᠣᠭᠲᠠᠴᠠ ᠵᠢ ᠰᠤᠳᠤᠯᠤᠨ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠬᠦᠨᠳᠦ ᠶᠡᠬᠡ ᠠᠶᠤᠯ᠎ᠤᠨ ᠡᠬᠢ ᠰᠤᠷᠪᠤᠯᠵᠢ ᠵᠢ ᠢᠯᠭ᠋ᠠᠨ ᠲᠠᠨᠢᠬᠤ ᠪᠠ ᠦᠨᠡᠯᠡᠨ ᠰᠤᠳᠤᠯᠬᠤ ᠠᠵᠢᠯ᠎ᠢ ᠥᠷᠨᠢᠭᠦᠯᠦᠨ᠎ᠡ᠃ ᠤᠰᠤᠨ ᠠᠰᠢᠭᠯᠠᠯᠳᠠ ᠵᠢᠨ ᠶᠠᠮᠤᠨ᠎ᠤ 《ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠵᠢᠯᠣᠭᠣᠳᠬᠤ ᠰᠠᠨᠠᠯ》 ᠪᠣᠯᠤᠨ 《ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠬᠦᠨᠳᠦ ᠶᠡᠬᠡ ᠳᠠᠯᠳᠠ ᠬᠡᠮ᠎ᠢ ᠢᠯᠭ᠋ᠠᠨ ᠳᠣᠲᠣᠯᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠦᠨᠳᠦᠰᠦᠯᠡᠨ᠂ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠲᠣᠭᠲᠠᠴᠠ ᠵᠢ ᠵᠢᠷᠤᠮᠵᠢᠭᠤᠯᠤᠨ᠂ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ᠂ ᠲᠥᠰᠦᠯ ᠲᠣᠭᠲᠠᠭ᠋ᠠᠵᠤ᠂ ᠡᠬᠡ ᠲᠠᠩᠰᠠ ᠪᠠᠶ᠋ᠢᠭᠤᠯᠤᠨ᠂ ᠨᠠᠶ᠋ᠢᠳᠠᠪᠤᠷᠢᠵᠢᠭᠤᠯᠤᠯᠲᠠ ᠵᠢ ᠬᠦᠴᠦᠲᠡᠶ ᠠᠳᠬᠤᠵᠤ᠂ ᠠᠶᠤᠯ ᠦᠭᠡᠢ ᠦᠢ᠍ᠯᠡᠳᠪᠦᠷᠢᠯᠡᠯ ᠪᠠᠶ᠋ᠢᠴᠠᠭ᠋ᠠᠯᠲᠠ ᠪᠠ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠬᠠᠷᠢᠭᠤᠴᠠᠯᠭ᠎ᠠ ᠵᠢᠨ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠤᠨ᠂ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠠᠭᠤᠯᠭ᠎ᠠ᠂ ᠲᠠᠰ ᠳᠠᠷᠠᠭ᠋ᠠᠯᠠᠯ ᠪᠠ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠴᠡᠭᠴᠡᠯᠡᠨ ᠰᠠᠶ᠋ᠢᠵᠢᠷᠠᠭᠤᠯᠬᠤ ᠪᠠ ᠰᠢᠮᠳᠠᠭᠤᠯᠤᠨ ᠭᠦᠢᠴᠡᠳᠬᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠭᠤᠷᠪᠠ᠎ᠳᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠲᠦᠷᠭᠡᠳᠬᠡᠵᠦ᠂ 《ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ + ᠮᠡᠳᠡᠭᠡ ᠵᠠᠩᠭᠢᠴᠢᠯᠠᠯᠲᠠ》 ᠵᠢᠨ ᠬᠠᠮᠢᠶ᠎ᠠ ᠪᠥᠬᠥᠶ ᠠᠵᠢᠯ᠎ᠢ ᠪᠥᠬᠥ ᠲᠠᠯ᠎ᠠ᠎ᠪᠠᠷ ᠰᠠᠶ᠋ᠢᠲᠤᠷ ᠬᠢᠨ᠎ᠠ᠃ ᠮᠡᠳᠡᠭᠡ ᠵᠠᠩᠭᠢᠴᠢᠯᠠᠯᠲᠠ ᠪᠣᠯ ᠰᠢᠨᠵᠢᠯᠡᠬᠦ ᠤᠬᠠᠭ᠋ᠠᠨᠴᠢ᠎ᠪᠠᠷ ᠣᠨᠣᠪᠴᠢᠲᠠᠶ ᠬᠢᠨᠠᠨ ᠬᠠᠮᠢᠶᠠᠷᠬᠤ ᠵᠢ ᠪᠡᠶᠡᠯᠡᠭᠦᠯᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠬᠠᠮᠢᠶᠠᠷᠬᠤ ᠠᠷᠭ᠎ᠠ ᠬᠡᠯᠪᠡᠷᠢ᠎ᠳᠤ   ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢᠨ ᠭᠣᠣᠯᠳᠠᠯᠭ᠎ᠠ᠎ᠲᠠᠢ ᠠᠷᠭ᠎ᠠ ᠪᠠᠷᠢᠯ ᠪᠣᠯᠤᠨ ᠠᠴᠢᠶᠠᠯᠠᠪᠤᠷᠢ ᠪᠣᠯᠤᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠤᠶᠤᠨᠲᠤ ᠤᠰᠤᠨ ᠠᠰᠢᠭᠯᠠᠯᠲᠠ ᠵᠢᠨ ᠪᠥᠳᠥᠭᠡᠨ ᠪᠠᠶ᠋ᠢᠭᠤᠯᠤᠯᠲᠠ ᠵᠢᠨ ᠴᠢᠬᠤᠯᠠ ᠠᠭᠤᠯᠭ᠎ᠠ᠎ᠳᠤ ᠣᠷᠣᠭᠤᠯᠵᠤ᠂ 《ᠨᠢᠭᠡ ᠬᠥᠯᠭᠡ ᠰᠢᠲᠠᠷ᠎ᠠ᠂ ᠨᠢᠭᠡ ᠲᠣᠣᠷ᠂ ᠨᠢᠭᠡ ᠵᠢᠷᠤᠭ᠂ ᠨᠢᠭᠡ ᠬᠦᠰᠦᠨᠦᠭᠲᠦ》 ᠵᠢᠨ ᠬᠠᠷᠠᠯᠲᠠ ᠵᠢᠨ ᠱᠠᠭ᠋ᠠᠷᠳᠠᠯᠭ᠎ᠠ       ᠶᠣᠰᠣᠭ᠋ᠠᠷ᠂ 《ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ》᠎ᠢ ᠲᠦᠷᠭᠡᠳᠬᠡᠨ ᠳᠡᠯᠭᠡᠷᠡᠭᠦᠯᠦᠨ ᠬᠡᠷᠡᠭᠯᠡᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠬᠢᠭᠡᠳ ᠮᠡᠳᠡᠭᠡ ᠵᠠᠩᠭᠢ ᠵᠢᠨ   ᠰᠢᠰᠲ᠋ᠧᠮ᠎ᠤᠨ ᠬᠡᠷᠡᠭᠯᠡᠭᠡᠨ᠎ᠤ ᠭᠦᠨᠵᠡᠭᠡᠶ ᠠᠭᠤᠰᠤᠯᠴᠠᠬᠤ ᠵᠢ ᠲᠥᠯᠬᠢᠨ ᠠᠬᠢᠭᠤᠯᠤᠨ᠎ᠠ᠃ ᠳᠥᠷᠪᠡ᠎ᠳᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠤᠳᠠᠭ᠎ᠠ ᠪᠦᠷᠢ ᠵᠢᠨ ᠵᠢᠭᠰᠠᠭ᠋ᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠮᠤᠷ ᠲᠦᠪᠰᠢᠨ᠎ᠤ ᠳᠠᠯᠳᠠ ᠬᠡᠮ᠎ᠤᠨ ᠠᠰᠠᠭᠤᠳᠠᠯ᠎ᠲᠠᠢ ᠤᠶᠠᠯᠳᠤᠭᠤᠯᠤᠨ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ ᠵᠡᠷᠭᠡ ᠲᠠᠯ᠎ᠠ᠎ᠪᠠᠷ ᠭᠣᠤᠯᠳᠠᠯᠭ᠎ᠠ ᠪᠣᠯᠭ᠋ᠠᠵᠤ᠂ ᠠᠮᠤᠷ ᠲᠦᠪᠰᠢᠨ᠎ᠤ ᠳᠠᠯᠳᠠ ᠬᠡᠮ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠡᠬᠡ ᠲᠠᠩᠰᠠ ᠪᠠᠶ᠋ᠢᠭᠤᠯᠤᠨ᠂ ᠳ᠋ᠤᠭ᠋ᠠᠷ᠎ᠢ᠎ᠨᠢ ᠬᠠᠰᠤᠵᠤ ᠴᠡᠭᠴᠡᠯᠡᠨ ᠰᠠᠶ᠋ᠢᠵᠢᠷᠠᠭᠤᠯᠬᠤ᠂ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠡᠩ᠎ᠤᠨ ᠳᠠᠯᠳᠠ ᠬᠡᠮ᠎ᠢ ᠴᠡᠭᠴᠡᠯᠡᠨ ᠰᠠᠶ᠋ᠢᠵᠢᠷᠠᠭᠤᠯᠬᠤ ᠨᠣᠷᠮ᠎ᠠ ᠵᠢ 100%᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ; ᠲᠡᠷᠡ ᠳᠠᠷᠤᠶ᠎ᠳᠤᠨᠢ ᠬᠡᠷᠡᠭᠵᠢᠭᠦᠯᠵᠦ ᠲᠡᠷᠡ ᠳᠠᠷᠤᠶ᠎ᠳᠤᠨᠢ ᠥᠭᠡᠷᠡᠴᠢᠯᠡᠵᠦ ᠳᠡᠶ᠋ᠢᠯᠬᠦ ᠥᠬᠡᠶ   ᠪᠠᠢ᠌ᠪᠠᠯ ᠳᠠᠯᠳᠠ ᠬᠡᠮ᠎ᠢ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠪᠠᠯᠠ ᠮᠥᠩᠭᠥ᠂ ᠴᠠᠭ᠎ᠤᠨ ᠬᠢᠵᠠᠭ᠋ᠠᠷ᠂ ᠪᠡᠯᠡᠳᠬᠡᠯ ᠲᠥᠰᠦᠯ᠎ᠤᠨ 《ᠲᠠᠪᠤ ᠵᠢ ᠨᠠᠶ᠋ᠢᠳᠠᠪᠤᠷᠢᠵᠢᠭᠤᠯᠬᠤ》 ᠵᠢ ᠪᠡᠶᠡᠯᠡᠭᠦᠯᠬᠦ ᠬᠡᠷᠡᠭᠲᠡᠶ᠃
      ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠱᠠᠭ᠋ᠠᠷᠳᠠᠯᠭ᠎ᠠ ᠵᠢᠨ ᠡᠮᠦᠨ᠎ᠡ᠂ ᠮᠠᠨ᠎ᠤ   ᠲᠣᠪᠴᠢᠶ᠎ᠠ ᠯᠠᠪᠳᠠᠶ᠎ᠠ ᠥᠪᠡᠷᠲᠡᠭᠡᠨ ᠵᠠᠰᠠᠬᠤ ᠣᠷᠣᠨ᠎ᠤ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠤᠰᠤᠨ ᠠᠰᠢᠭᠯᠠᠯᠲᠠ ᠵᠢᠨ ᠬᠥᠭᠵᠢᠯᠲᠡ ᠵᠢᠨ ᠶᠡᠷᠦᠩᠬᠡᠢ ᠬᠦᠭ ᠠᠶᠠᠰ᠎ᠤᠨ ᠲᠣᠭᠣᠷᠢᠨ᠎ᠳᠤ᠂ ᠠᠮᠤᠷ ᠲᠦᠪᠰᠢᠨ᠎ᠤ ᠬᠠᠷᠢᠭᠤᠴᠠᠯᠭ᠎ᠠ ᠵᠢ ᠴᠢᠨᠠᠭᠰᠢᠳᠠ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠤᠯᠠᠭ᠋ᠠᠨ ᠱᠤᠭᠤᠮ᠎ᠢ ᠪᠠᠲᠤ ᠰᠠᠬᠢᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠠᠶᠤᠯ ᠦᠭᠡᠢ ᠦᠢ᠍ᠯᠡᠳᠪᠦᠷᠢᠯᠡᠯ ᠪᠠ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠪᠣᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠢᠨᠠᠨ ᠬᠠᠮᠢᠶᠠᠷᠴᠤ ᠲᠦᠭᠰᠢᠭᠦᠷᠢ ᠵᠢ ᠰᠡᠷᠭᠡᠶ᠋ᠢᠯᠡᠬᠦ ᠵᠢ ᠴᠢᠩᠭ᠋ᠠᠳᠬᠠᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠦᠨ᠎ᠡ
ᠤᠰᠤᠨ ᠠᠰᠢᠭᠯᠠᠯᠳᠠ ᠵᠢᠨ ᠶᠠᠮᠤᠨ᠎ᠤ ᠰᠤᠩᠭ᠋ᠠᠷᠢ ᠮᠥᠷᠡᠨ ᠯᠢᠶᠣᠤ ᠾᠧ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠤᠨ ᠬᠥᠷᠥᠰᠥ ᠰᠢᠷᠤᠢ ᠵᠢ ᠬᠠᠮᠠᠭ᠋ᠠᠯᠠᠬᠤ ᠠᠵᠢᠯ᠎ᠢ ᠪᠠᠢ᠍ᠢ᠍ᠴᠠᠭ᠋ᠠᠪᠠ
ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ ᠠᠮᠤᠷ ᠲᠦᠪᠰᠢᠨ᠎ᠤ ᠤᠯᠠᠭ᠋ᠠᠨ ᠱᠤᠭᠤᠮ᠎ᠢ ᠪᠠᠲᠤ ᠰᠠᠬᠢᠵᠤ ᠴᠢᠩᠭ᠎ᠠ ᠬᠦᠴᠦᠲᠡᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠎ᠪᠠᠷ ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠵᠢ ᠪᠡᠬᠢᠵᠢᠭᠦᠯᠦᠨ᠎ᠡ
ᠬᠢᠨᠠᠨ ᠬᠠᠮᠢᠶᠠᠷᠴᠤ ᠲᠦᠭᠰᠢᠭᠦᠷᠢ ᠵᠢ ᠰᠡᠷᠭᠡᠶ᠋ᠢᠯᠡᠬᠦ ᠵᠢ ᠴᠢᠩᠭ᠋ᠠᠳᠬᠠᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠦᠨ᠎ᠡ
ᠠᠮᠤᠷ ᠲᠦᠪᠰᠢᠨ᠎ᠤ ᠬᠣᠷᠢᠭ᠎ᠠ ᠱᠤᠭᠤᠮ᠎ᠢ ᠰᠠᠬᠢᠵᠤ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ
 
            